ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ 2022 ᠣᠨ ᠤ ᠬᠡᠰᠡᠭ ᠭᠤᠤᠯᠳᠠᠯᠭ᠎ᠠ ᠲᠠᠢ ᠲᠥᠷᠥᠯ ᠵᠦᠢᠯ ᠤᠨ ᠠᠵᠢᠯ ᠤᠨ ᠲᠥᠯᠥᠪᠯᠡᠭᠡ ᠶᠢ ᠮᠡᠳᠡᠯᠭᠡ ᠶᠢᠨ ᠬᠥᠮᠥᠷᠭᠡ ᠳᠤ ᠤᠷᠤᠭᠤᠯᠭᠬᠤ ᠲᠤᠬᠠᠢ ᠭᠤᠶᠤᠴᠢᠯᠠᠯ
ᠨᠡᠶᠢᠲᠡᠯᠡᠭᠰᠡᠨ ᠴᠠᠭ᠄
2021/10/20
ᠵᠠᠭᠠᠯᠳᠤᠯᠭ᠎ᠠ ᠶᠢ ᠬᠦᠯᠢᠶᠠᠨ ᠠᠪᠬᠤ ᠠᠯᠪᠠᠨ ᠭᠡᠷ ᠤᠨ ᠦᠴᠤᠸᠠᠨ ᠰᠢᠶᠠᠨ ᠤ ᠬᠤᠪᠢᠶᠠᠷᠢ ᠲᠥᠪ᠄      ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ 2022 ᠣᠨ ᠤ ᠬᠡᠰᠡᠭ ᠭᠤᠤᠯᠳᠠᠯᠭ᠎ᠠ ᠲᠠᠢ ᠠᠵᠢᠯ ᠢ ᠳᠣᠤᠷᠠᠬᠢ ᠮᠡᠲᠦ ᠬᠢᠵᠦ᠂ ᠣᠲᠣ ᠰᠢᠶᠠᠨ ᠤ ︽12345︾ ᠶᠢᠨ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠭᠦᠢᠴᠡᠳᠬᠡᠬᠦ ᠲᠥᠪ ᠲᠤ ᠲᠤᠰᠢᠶᠠᠶ᠎ᠠ᠂ ᠠᠯᠢ ᠲᠦᠷᠭᠡᠨ ᠢᠶᠠᠷ ᠮᠡᠳᠡᠯᠭᠡ ᠶᠢᠨ ᠬᠥᠮᠥᠷᠭᠡ ᠳᠤ ᠣᠷᠣᠭᠤᠯᠵᠤ᠂ ᠰᠠᠭᠤᠭᠠᠯᠢ ᠠᠷᠠᠳ ᠤᠨ ᠡᠷᠲᠡᠬᠡᠨ ᠮᠡᠳᠡᠬᠦ ᠳᠤ ᠲᠥᠬᠦᠮ ᠦᠵᠡᠭᠦᠯᠬᠦ ᠶᠢ ᠬᠦᠰᠡᠵᠦ ᠪᠠᠶᠢᠨ᠎ᠠ᠃      ᠨᠢᠭᠡ᠂ ᠬᠤᠲᠠ ᠶᠢᠨ ᠶᠠᠪᠤᠳᠠᠯ ᠤᠨ ᠵᠠᠮ ᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠬᠦ ᠵᠢᠴᠢ ᠪᠣᠷᠣᠭᠠᠨ ᠤ ᠤᠰᠤ ᠪᠠ ᠪᠣᠬᠢᠷᠲᠤᠯ ᠤᠰᠤ ᠶᠢᠨ ᠬᠤᠭᠤᠯᠠᠶ ᠶᠢᠨ ᠲᠣᠤᠷ ᠤᠨ ᠢᠨᠵᠧᠨᠧᠷᠢᠩ      ︵ᠨᠢᠭᠡ︶ ᠬᠤᠳᠠ ᠶᠢᠨ ᠶᠠᠪᠤᠳᠠᠯ ᠤᠨ ᠵᠠᠮ ᠤᠨ ᠰᠢᠨ᠎ᠡ ᠪᠠᠷ ᠪᠠᠶᠢᠭᠤᠯᠬᠤ ᠢᠨᠵᠧᠨᠧᠷᠢᠩ      1. ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠤ ᠬᠤᠶᠢᠲᠤ ᠭᠤᠳᠤᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ      ᠵᠠᠮ ᠨᠢ ᠪᠠᠷᠠᠭᠤᠨ ᠠᠴᠠ ᠵᠠᠬ᠎ᠠ ᠳᠡᠯᠭᠡᠭᠦᠷ ᠤᠨ ᠵᠡᠭᠡᠯᠢ ᠠᠴᠠ ᠡᠬᠢᠯᠡᠨ᠂ ᠵᠡᠭᠦᠨᠰᠢ ᠪᠠᠨ ᠮᠢᠩ ᠵᠦ ᠴᠠᠬᠢᠯᠭᠠᠨ ᠬᠦᠴᠦᠨ ᠤ ᠵᠣᠴᠢᠳ ᠤᠨ ᠪᠠᠭᠤᠳᠠᠯ ᠤᠨ ᠪᠠᠷᠠᠭᠤᠨ ᠬᠡᠷᠡᠮ ᠤᠨ ᠭᠠᠳᠠᠨ᠎ᠠ ᠬᠦᠷᠴᠤ᠂ ᠵᠠᠮ ᠤᠨ ᠨᠢᠭᠤᠷ ᠨᠢ ᠪᠤᠲ᠋ᠤᠨ ᠵᠠᠮ᠂ ᠵᠠᠮ ᠤᠨ ᠣᠷᠳᠣ ᠨᠢ 150 ᠮᠧᠲᠷ᠂ ᠥᠷᠭᠡᠨ ᠨᠢ 6 ᠮᠧᠲᠷ ᠪᠠᠶᠢᠵᠤ᠂ ᠪᠣᠷᠣᠭᠠᠨ ᠤ ᠤᠰᠤ ᠪᠠ ᠪᠣᠬᠢᠷᠲᠤᠯ ᠤᠰᠤ ᠶᠢᠨ ᠬᠤᠭᠤᠯᠠᠶ ᠶᠢᠨ ᠲᠣᠤᠷ ᠢ ᠵᠡᠷᠭᠡ ᠳᠤᠨᠢ ᠢᠵᠢ ᠪᠥᠷᠢᠳᠦᠭᠦᠯᠦᠨ ᠪᠥᠲᠥᠭᠡᠨ ᠪᠠᠶᠢᠭᠤᠯᠤᠨ᠎ᠠ᠃       ︵ᠬᠤᠶᠠᠷ︶ ᠬᠤᠲᠠ ᠶᠢᠨ ᠶᠠᠪᠤᠳᠠᠯ ᠤᠨ ᠵᠠᠮ ᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ       1. ᠫᠢᠩ ᠠᠨ ᠵᠡᠭᠡᠯᠢ ᠶᠢᠨ ᠵᠠᠮ ᠢ ᠥᠭᠡᠷᠡᠴᠢᠯᠡᠨ ᠵᠠᠰᠠᠬᠤ ᠢᠨᠵᠧᠨᠧᠷᠢᠩ      ᠵᠠᠮ ᠨᠢ ᠵᠡᠭᠦᠨ ᠠᠴᠠ ᠴᠢᠩ ᠱᠠᠨ ᠵᠠᠮ᠂ ᠪᠠᠷᠠᠭᠤᠨᠰᠢ ᠪᠠᠨ ᠴᠧᠩ ᠰᠢᠶᠠᠩ ᠵᠠᠮ ᠬᠦᠷᠴᠤ᠂ ᠬᠠᠷ᠎ᠠ ᠲᠤᠰᠤᠨ ᠪᠤᠲ᠋ᠣᠨ ᠵᠠᠮ᠂ ᠵᠠᠮ ᠤᠨ ᠣᠷᠳᠣ ᠨᠢ 675 ᠮᠧᠲᠷ᠂ ᠥᠷᠭᠡᠨ ᠨᠢ 18 ᠮᠧᠲᠷ ᠪᠠᠶᠢᠵᠤ᠂ ᠪᠣᠷᠣᠭᠠᠨ ᠤ ᠤᠰᠤ ᠪᠠ ᠪᠣᠬᠢᠷᠲᠤᠯ ᠤᠰᠤ ᠶᠢᠨ ᠬᠤᠭᠤᠯᠠᠶ ᠶᠢᠨ ᠲᠣᠤᠷ᠂ ᠴᠢᠮᠡᠭᠡ ᠬᠤᠯᠪᠣᠭ᠎ᠠ ᠵᠢᠴᠢ ᠵᠠᠮ ᠤᠨ ᠳ᠋ᠧᠩ ᠢ ᠵᠡᠷᠭᠡ ᠳᠤᠨᠢ ᠢᠵᠢ ᠪᠥᠷᠢᠳᠦᠭᠦᠯᠦᠨ ᠪᠥᠲᠥᠭᠡᠨ ᠪᠠᠶᠢᠭᠤᠯᠤᠨ᠎ᠠ᠃      2. ᠯᠠᠯᠤ ᠶᠢᠨ ᠰᠦᠮ᠎ᠡ ᠶᠢᠨ ᠬᠤᠶᠢᠲᠤ ᠨᠦᠬᠡᠨ ᠵᠠᠮ ᠢ ᠥᠭᠡᠷᠡᠴᠢᠯᠡᠬᠦ ᠢᠨᠵᠧᠨᠧᠷᠢᠩ      ᠵᠠᠮ ᠨᠢ ᠵᠡᠭᠦᠨᠰᠢ ᠪᠠᠨ ᠴᠢᠩ ᠱᠠᠨ ᠵᠠᠮ᠂ ᠪᠠᠷᠠᠭᠤᠨᠰᠢ ᠪᠠᠨ ᠭᠤᠷᠪᠠᠳᠤᠭᠠᠷ ᠳᠤᠮᠳᠠᠳᠤ ᠪᠠᠭ᠎ᠠ ᠰᠤᠷᠭᠠᠭᠤᠯᠢ ᠶᠢᠨ ᠴᠠᠷᠳᠠᠮᠠᠯ ᠵᠠᠮ ᠬᠦᠷᠴᠤ᠂ ᠬᠠᠷ᠎ᠠ ᠲᠣᠰᠤᠨ ᠪᠤᠲ᠋ᠤᠨ ᠵᠠᠮ ᠤᠨ ᠨᠢᠭᠤᠷ᠂ ᠵᠠᠮ ᠤᠨ ᠣᠷᠳᠣ ᠨᠢ 407 ᠮᠧᠲᠷ᠂ ᠥᠷᠭᠡᠨ ᠨᠢ 18 ᠮᠧᠲᠷ᠂ ᠪᠣᠷᠣᠭᠠᠨ ᠤ ᠤᠰᠤ ᠪᠠ ᠪᠣᠬᠢᠷᠲᠤᠯ ᠤᠰᠤ ᠶᠢᠨ ᠬᠤᠭᠤᠯᠠᠶ ᠶᠢᠨ ᠲᠣᠤᠷ ᠂ ᠴᠢᠮᠡᠭᠡ ᠬᠤᠯᠪᠣᠭ᠎ᠠ ᠵᠢᠴᠢ ᠵᠠᠮ ᠤᠨ ᠳ᠋ᠧᠩ ᠢ ᠵᠡᠷᠭᠡ ᠳᠤᠨᠢ ᠢᠵᠢ ᠪᠥᠷᠢᠳᠦᠭᠦᠯᠦᠨ ᠪᠥᠲᠥᠭᠡᠨ ᠪᠠᠶᠢᠭᠤᠯᠤᠨ᠎ᠠ᠃      3. ᠢᠦᠶ ᠼᠠᠢ ᠭᠤᠳᠤᠮᠵᠢ ᠶᠢᠨ ᠵᠠᠮ ᠢ ᠥᠭᠡᠷᠡᠴᠢᠯᠡᠬᠦ ᠢᠨᠵᠧᠨᠧᠷᠢᠩ      ᠵᠠᠮ ᠨᠢ ᠰᠢᠤᠸᠠᠢ ᠹᠦ᠋ ᠵᠡᠭᠡᠯᠢ ᠠᠴᠠ ᠡᠬᠢᠯᠡᠨ᠂ ᠤᠮᠠᠷᠠᠰᠢ ᠪᠠᠨ ᠫᠢᠩ ᠠᠨ ᠵᠡᠭᠦᠨ ᠵᠡᠭᠡᠯᠢ ᠬᠦᠷᠴᠤ᠂ ᠪᠤᠲ᠋ᠤᠨ ᠵᠠᠮ ᠤᠨ ᠨᠢᠭᠤᠷ ᠲᠠᠢ᠂ ᠵᠠᠮ ᠤᠨ ᠣᠷᠳᠣ ᠨᠢ 200 ᠮᠧᠲᠷ᠂ ᠥᠷᠭᠡᠨ ᠨᠢ 4 ᠮᠧᠲᠷ ᠪᠠᠶᠢᠵᠤ᠂ ᠪᠣᠷᠣᠭᠠᠨ ᠤ ᠤᠰᠤ ᠪᠠ ᠪᠣᠬᠢᠷᠲᠤᠯ ᠤᠰᠤ ᠶᠢᠨ ᠬᠤᠭᠤᠯᠠᠶ ᠶᠢᠨ ᠲᠣᠤᠷ ᠢ ᠵᠡᠷᠭᠡ ᠳᠤᠨᠢ ᠢᠵᠢ ᠪᠥᠷᠢᠳᠦᠭᠦᠯᠦᠨ ᠪᠥᠲᠥᠭᠡᠨ ᠪᠠᠶᠢᠭᠤᠯᠤᠨ᠎ᠠ᠃      ︵ᠭᠤᠷᠪᠠ︶ ᠲᠠᠰᠤᠷᠬᠠᠶ ᠵᠠᠮ ᠢ ᠨᠡᠪᠲᠡᠷᠡᠭᠦᠯᠬᠦ ᠢᠨᠵᠧᠨᠧᠷᠢᠩ       ᠵᠡᠭᠦᠨ ᠲᠣᠭᠤᠷᠢᠭᠤᠯ ᠵᠠᠮ ᠢ ᠤᠮᠠᠷᠠᠰᠢ ᠤᠷᠲᠤᠳᠬᠠᠬᠤ ᠪᠥᠲᠥᠭᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠬᠦ ᠶᠢᠨ ᠬᠠᠮᠲᠤ᠂ ᠫᠢᠩ ᠠᠨ ᠵᠡᠭᠦᠨ ᠵᠡᠭᠡᠯᠢ᠂ ᠺᠢᠨᠣ᠋ ᠲᠧᠯᠸᠢᠰ ᠤᠨ ᠵᠡᠭᠦᠨ ᠵᠡᠭᠡᠯᠢ ᠬᠢᠭᠡᠳ ᠵᠡᠭᠦᠨ ᠲᠣᠭᠤᠷᠢᠭᠤᠯ ᠵᠠᠮ ᠤᠨ ᠲᠠᠰᠤᠷᠬᠠᠶ ᠵᠠᠮ ᠢ ᠬᠤᠯᠪᠣᠨ ᠨᠡᠪᠲᠡᠷᠡᠭᠦᠯᠵᠦ᠂ ᠬᠤᠶᠠᠷ ᠵᠠᠮ ᠤᠨ ᠣᠷᠳᠣ ᠨᠢ 620 ᠮᠧᠲᠷ ᠪᠠᠶᠢᠵᠤ᠂ ᠪᠣᠷᠣᠭᠠᠨ ᠤ ᠤᠰᠤ ᠪᠠ ᠪᠣᠬᠢᠷᠲᠤᠯ ᠤᠰᠤ ᠶᠢᠨ ᠬᠤᠭᠤᠯᠠᠶ ᠶᠢᠨ ᠲᠣᠤᠷ ᠢ ᠵᠡᠷᠭᠡ ᠳᠤᠨᠢ ᠢᠵᠢ ᠪᠥᠷᠢᠳᠦᠭᠦᠯᠦᠨ ᠪᠥᠲᠥᠭᠡᠨ ᠪᠠᠶᠢᠭᠤᠯᠤᠨ᠎ᠠ᠃      ᠬᠤᠶᠠᠷ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠠᠰᠠᠷ ᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ      ︵ᠨᠢᠭᠡ︶ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ ᠢᠨᠵᠧᠨᠧᠷᠢᠩ      ᠦᠴᠤᠸᠠᠨ ᠰᠢᠶᠠᠨ ᠨᠡᠶᠢᠳᠡ 48 ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠯᠲᠡ ᠶᠢᠨ ᠬᠡᠪᠴᠢᠶᠡᠨ ᠳᠤ ᠣᠷᠣᠭᠤᠯᠵᠤ᠂ 2021 ᠣᠨ ᠳᠤ 9 ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ 2022 ᠣᠨ ᠳᠤ 23 ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠶᠢ ᠬᠡᠷᠡᠭᠵᠢᠭᠦᠯᠬᠦ ᠪᠠᠷ ᠲᠥᠯᠥᠪᠯᠡᠵᠦ᠂ ᠦᠯᠡᠳᠡᠭᠰᠡᠨ 16 ᠵᠢᠵᠢᠭ ᠲᠣᠭᠤᠷᠢᠭ ᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠵᠢᠯ ᠳᠠᠷᠠᠭᠠᠯᠠᠨ ᠥᠭᠡᠷᠡᠴᠢᠯᠡᠨ᠎ᠡ᠃      23 ᠵᠢᠵᠢᠭ ᠲᠣᠭᠤᠷᠢᠭ᠂ ᠨᠡᠶᠢᠲᠡ 34 ᠰᠠᠭᠤᠷᠢ ᠠᠰᠠᠷ᠂ 10.3 ᠲᠦᠮᠡᠨ ᠲᠥᠭᠦᠷᠢᠭ ᠢ ᠥᠭᠡᠷᠡᠴᠢᠯᠡᠨ ᠪᠠᠶᠢᠭᠤᠯᠵᠤ᠂ 884 ᠡᠷᠦᠬᠡ ᠶᠢᠨ ᠰᠠᠭᠤᠭᠠᠯᠢ ᠠᠷᠠᠳ ᠲᠤ ᠠᠰᠢᠭ ᠬᠦᠷᠲᠡᠭᠡᠨ᠎ᠡ᠃            ᠥᠭᠡᠷᠡᠴᠢᠯᠡᠬᠦ ᠠᠭᠤᠯᠭ᠎ᠠ ᠳᠤ ᠵᠢᠵᠢᠭ ᠲᠣᠭᠤᠷᠢᠭ ᠤᠨ ᠳᠣᠲᠣᠷᠠᠬᠢ ᠤᠰᠤ ᠬᠠᠩᠭᠠᠬᠤ ᠤᠰᠤ ᠵᠠᠯᠠᠬᠤ᠂ ᠢᠯᠴᠢ ᠬᠠᠩᠭᠠᠬᠤ᠂ ᠬᠡᠢ ᠬᠠᠩᠭᠠᠬᠤ ᠬᠤᠭᠤᠯᠠᠶ ᠶᠢᠨ ᠲᠣᠣᠷ ᠵᠢᠴᠢ ᠵᠢᠵᠢᠭ ᠲᠣᠭᠤᠷᠢᠭ ᠤᠨ ᠳᠣᠲᠣᠷᠠᠬᠢ ᠵᠠᠮ ᠢ ᠥᠭᠡᠷᠡᠴᠢᠯᠡᠬᠦ ᠢᠨᠵᠧᠨᠧᠷᠢᠩ ᠪᠠᠭᠲᠠᠨ᠎ᠠ᠃      ︵ᠬᠤᠶᠠᠷ︶ ᠤᠳᠤ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠢᠨᠵᠧᠨᠧᠷᠢᠩ      2022 ᠣᠨ ᠳᠤ ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠳᠤ 16 ᠵᠢᠵᠢᠭ ᠲᠣᠭᠤᠷᠢᠭ᠂ 23 ᠰᠠᠭᠤᠷᠢ ᠠᠰᠠᠷ ᠢ ᠣᠷᠣᠭᠤᠯᠬᠤ ᠪᠠᠷ ᠪᠣᠶ᠂ ᠪᠠᠷᠢᠯᠭ᠎ᠠ ᠶᠢᠨ ᠲᠠᠯᠠᠪᠠᠶ ᠨᠢ 9.8 ᠲᠦᠮᠡᠨ ᠲᠥᠭᠦᠷᠢᠭ ᠲᠤ ᠬᠦᠷᠴᠦ᠂ ᠥᠭᠡᠷᠡᠴᠢᠯᠡᠯᠲᠡ ᠶᠢᠨ ᠬᠡᠪᠴᠢᠶᠡᠨ ᠳᠤ ᠣᠷᠣᠨ ᠰᠠᠭᠤᠴᠠ ᠶᠢᠨ ᠠᠰᠠᠷ ᠤᠨ ᠤᠰᠤ ᠰᠡᠷᠭᠡᠶᠢᠯᠡᠬᠦ᠂ ᠭᠠᠳᠠᠷ ᠬᠡᠷᠡᠮ ᠤᠨ ᠳᠤᠯᠠᠭᠠᠨ ᠬᠠᠮᠠᠭᠠᠯᠠᠬᠤ ᠭᠠᠳᠠᠷ ᠴᠣᠩᠬᠤ ᠵᠢᠴᠢ ᠠᠰᠠᠷ ᠲᠠᠭᠲᠤ ᠶᠢᠨ ᠡᠭᠦᠳᠡ ᠵᠡᠷᠭᠡ ᠲᠥᠷᠥᠯ ᠵᠦᠢᠯ ᠪᠠᠭᠲᠠᠨ᠎ᠠ᠃      ᠳᠠᠭᠠᠯᠳᠤᠭᠤᠯᠤᠯ 1᠄ 2022 ᠣᠨ ᠤ ᠬᠤᠲᠠ ᠪᠠᠯᠭᠠᠰᠤ ᠶᠢᠨ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ ᠲᠥᠯᠥᠪᠯᠡᠭᠡ ᠶᠢᠨ ᠲᠥᠷᠥᠯ ᠵᠦᠢᠯ ᠤᠨ ᠬᠦᠰᠦᠨᠦᠭᠲᠦ      ᠳᠠᠭᠠᠯᠳᠤᠭᠤᠯᠤᠯ 2᠄ 2022 ᠣᠨ ᠤ ᠬᠤᠲᠠ ᠪᠠᠯᠭᠠᠰᠤ ᠶᠢᠨ ᠬᠠᠭᠤᠴᠢᠨ ᠵᠢᠵᠢᠭ ᠲᠣᠭᠤᠷᠢᠭ ᠤᠨ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠪᠦᠷᠢᠳᠬᠡᠯ ᠤᠨ ᠬᠦᠰᠦᠨᠦᠭᠲᠦ                           ᠦᠴᠤᠸᠠᠨ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ                             ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ                                                                                      2021 ᠣᠨ ᠤ 10 ᠰᠠᠷ᠎ᠠ ᠶᠢᠨ 11 ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号