ᠥᠪᠥᠷ ᠮᠣᠩᠭᠤᠯ ᠤᠨ ᠦᠴᠤᠸᠠᠨ ᠰᠢᠶᠠᠨ ᠶᠤᠤᠮᠠᠢ ᠶᠢᠨ ᠭᠤᠯᠢᠷ ᠤᠨ ᠪᠥᠲᠦᠭᠡᠭᠳᠡᠬᠦᠨ ᠢᠶᠠᠨ ᠨᠠᠰᠤᠲᠠᠶᠢᠴᠤᠳ ᠲᠤ ᠬᠦᠷᠭᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/10/21
     10 ᠰᠠᠷ᠎ᠠ ᠶᠢᠨ 13 ᠤ ᠡᠳᠦᠷ᠂ ᠴᠡᠯᠡᠭᠡᠷ ᠲᠠᠯ᠎ᠠ ᠶᠢᠨ ᠦᠨᠦᠷ ᠠᠮᠲᠠ ᠪᠣᠳᠠᠰ ᠤᠨ ᠪᠤᠰᠤ ᠰᠣᠶᠣᠯ ᠤᠨ ᠥᠪ ᠤᠨ ᠠᠮᠲᠠᠲᠤ ᠢᠳᠡᠭᠡᠨ ᠪᠣᠯᠬᠤ ᠶᠤᠤᠮᠠᠢ ᠶᠢᠨ ᠭᠤᠯᠢᠷ ᠢ ᠦᠢᠯᠡᠳᠬᠦ ᠤᠷ᠎ᠠ ᠮᠡᠷᠭᠡᠵᠢᠯ ᠤᠨ ᠠᠳᠠᠯᠢᠳᠬᠠᠨ ᠰᠢᠯᠭᠠᠷᠠᠭᠤᠯᠬᠤ ᠦᠵᠡᠭᠦᠯᠦᠯᠭᠡ ᠵᠢᠴᠢ ᠴᠡᠯᠡᠭᠡᠷ ᠲᠠᠯ᠎ᠠ ᠶᠢᠨ ᠦᠨᠦᠷ ᠠᠮᠲᠠ — ᠵᠠᠭᠤᠨ ᠬᠥᠮᠦᠨ ᠵᠠᠭᠤᠨ ᠳᠤᠭᠤᠶᠢᠯᠠᠩ ᠶᠤᠤᠮᠠᠢ ᠶᠢᠨ ᠭᠤᠯᠢᠷ ᠤᠨ ᠨᠠᠰᠤᠲᠠᠨ ᠢ ᠬᠦᠨᠳᠦᠯᠡᠬᠦ ᠪᠥᠲᠦᠭᠡᠭᠳᠡᠬᠦᠨ ᠢ ᠰᠢᠯᠭᠠᠷᠠᠭᠤᠯᠬᠤ ᠠᠵᠢᠯᠯᠠᠭ᠎ᠠ ᠬᠥᠬᠡᠬᠤᠲᠠ ᠶᠢᠨ ᠦᠴᠤᠸᠠᠨ ᠰᠢᠶᠠᠨ ᠤ ᠴᠧᠨ ᠶᠤᠸᠠᠢ ᠱᠢ ᠮᠦᠸᠧ ᠶᠤᠸᠠᠢ ᠶᠢᠨ ᠭᠤᠯᠢᠷ ᠤᠨ ᠪᠤᠰᠤ ᠰᠣᠶᠣᠯ ᠤᠨ ᠥᠪ ᠤᠨ ᠦᠢᠯᠡᠳᠬᠡᠯ ᠤᠨ ᠭᠠᠵᠠᠷ ᠪᠣᠯᠤᠨ ᠤᠯᠠᠮᠵᠢᠯᠠᠨ ᠰᠤᠷᠭᠠᠬᠤ ᠰᠠᠭᠤᠷᠢᠨ ᠳᠤ ᠶᠠᠪᠤᠭᠳᠠᠪᠠ᠃ ᠦᠴᠤᠸᠠᠨ ᠰᠢᠶᠠᠨ ᠠᠴᠠ ᠢᠷᠡᠭᠰᠡᠨ 16 ᠶᠤᠤᠮᠠᠢ ᠶᠢᠨ ᠤᠷ᠎ᠠ ᠮᠡᠷᠭᠡᠵᠢᠯ ᠤᠳᠤᠮᠰᠢᠯ ᠤᠨ ᠪᠤᠰᠤ ᠵᠠᠯᠭᠠᠮᠵᠢᠯᠠᠭᠴᠢ ᠶᠢᠨ ᠲᠤᠬᠠᠶ ᠶᠢᠨ ᠲᠠᠯᠠᠪᠠᠶ ᠳᠤ  ᠶᠤᠤᠮᠠᠢ ᠦᠢᠯᠡᠳᠬᠦ ᠤᠷ᠎ᠠ ᠮᠡᠷᠭᠡᠵᠢᠯ ᠢ ᠦᠵᠡᠭᠦᠯᠵᠦ᠂ ᠰᠢᠯᠭᠠᠷᠠᠭᠤᠯᠬᠤ ᠺᠣᠮᠢᠰ ᠤᠨ ᠳᠤᠭᠤᠶᠢᠯᠠᠩ ᠠᠴᠠ ᠨᠢᠭᠡ ᠨᠢᠭᠡ ᠪᠠᠷ ᠬᠤᠪᠢ ᠥᠭᠴᠦ᠂ ᠲᠤᠬᠠᠶ ᠶᠢᠨ ᠲᠠᠯᠠᠪᠠᠶ ᠳᠤ ᠱᠠᠩᠨᠠᠯ ᠭᠥᠷᠳᠡᠭᠰᠡᠨ ᠨᠡᠷᠡᠰ ᠢ ᠨᠡᠶᠢᠲᠡᠯᠡᠵᠡᠶ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠶᠤᠤᠮᠠᠢ ᠶᠢᠨ ᠭᠤᠯᠢᠷ ᠤᠨ ᠤᠷ᠎ᠠ ᠮᠡᠷᠭᠡᠵᠢᠯ ᠤᠨ ᠤᠳᠤᠮᠰᠢᠯ ᠤᠨ ᠪᠤᠰᠤ ᠵᠠᠯᠭᠠᠮᠵᠢᠯᠠᠭᠴᠢ ᠠᠴᠠ 20 ᠭᠠᠷᠤᠢ ᠵᠦᠢᠯ ᠤᠨ ᠶᠤᠤᠮᠠᠢ ᠶᠢᠨ ᠭᠤᠯᠢᠷ ᠤᠨ ᠠᠮᠲᠠᠲᠤ ᠢᠳᠡᠭᠡᠨ ᠤ ᠠᠷᠭ᠎ᠠ᠂ ᠢᠳᠡᠬᠦ ᠠᠷᠭ᠎ᠠ ᠶᠢ ᠳᠡᠯᠭᠡᠨ ᠦᠵᠡᠭᠦᠯᠦᠭᠰᠡᠨ ᠪᠥᠭᠡᠳ ᠦᠴᠤᠸᠠᠨ ᠰᠢᠶᠠᠨ ᠤ ᠶᠤᠤᠮᠠᠢ ᠶᠢᠨ ᠭᠤᠯᠢᠷ᠂ ᠲᠥᠮᠥᠰᠥ ᠪᠠᠷ ᠲᠥᠯᠥᠭᠡᠯᠡᠭᠦᠯᠦᠭᠰᠡᠨ ᠤᠨᠴᠠᠯᠢᠭᠳᠤ ᠠᠵᠤ ᠦᠢᠯᠡᠰ ᠤᠨ ᠪᠦᠲᠦᠭᠡᠭᠳᠡᠬᠦᠨ ᠢ ᠳᠡᠯᠭᠡᠨ ᠦᠵᠡᠭᠦᠯᠵᠡᠢ᠃      10 ᠰᠠᠷ᠎ᠠ ᠶᠢᠨ 14 ᠤ ᠡᠳᠦᠷ ᠪᠣᠯ ᠳᠤᠮᠳᠠᠳᠤ ᠶᠢᠨ ᠤᠯᠠᠮᠵᠢᠯᠠᠯᠲᠤ ᠪᠠᠶᠠᠷ ᠤᠨ ᠡᠳᠦᠷ ᠪᠣᠯᠬᠤ ᠪᠥᠭᠡᠳ ᠪᠠᠰᠠ ᠴᠤ ᠳᠤᠮᠳᠠᠳᠤ ᠤᠯᠤᠰ ᠤᠨ ᠨᠠᠰᠤᠲᠠᠶᠢᠴᠤᠳ ᠤᠨ ᠪᠠᠶᠠᠷ ᠤᠨ ᠡᠳᠦᠷ ᠪᠣᠯᠤᠨ᠎ᠠ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠰᠠᠨᠠᠭᠠᠴᠢᠯᠠᠨ ᠪᠠᠳᠠᠷᠠᠭᠤᠯᠬᠤ ᠶᠢᠨ ᠲᠥᠯᠥᠭᠡ᠂ ᠦᠴᠤᠸᠠᠨ ᠰᠢᠶᠠᠨ ᠤ ᠰᠣᠶᠣᠯ ᠤᠨ ᠣᠷᠳᠣᠨ ᠤ ᠬᠢᠨ ᠬᠡᠰᠡᠭ ᠨᠠᠰᠤᠲᠠᠶᠢᠴᠤᠳ ᠢ ᠵᠣᠬᠢᠶᠠᠨ ᠪᠠᠶᠢᠭᠤᠯᠤᠨ ᠲᠤᠰ ᠤᠳᠠᠭᠠᠨ ᠤ ᠠᠵᠢᠯᠯᠠᠭ᠎ᠠ ᠳᠤ ᠣᠷᠣᠯᠴᠠᠭᠤᠯᠵᠤ᠂ ᠦᠴᠤᠸᠠᠨ ᠰᠢᠶᠠᠨ ᠤ ᠤᠯᠠᠭᠠᠨᠮᠥ᠋ᠴᠢᠷ ᠤᠨ ᠲᠣᠭᠯᠠᠯᠲᠠ ᠶᠢ ᠰᠣᠨᠢᠷᠬᠠᠵᠤ᠂ ᠭᠤᠣᠯᠯᠠᠨ ᠡᠷᠬᠢᠯᠡᠭᠰᠡᠨ ᠲᠠᠯ᠎ᠠ ᠶᠢᠨ ᠬᠢᠨ ᠪᠠᠰᠠ ᠨᠠᠰᠤᠲᠠᠶᠢᠴᠤᠳ ᠲᠤ ᠨᠣᠬᠠᠶ ᠶᠢᠨ ᠬᠤᠰᠢᠭᠤ᠂ ᠴᠠᠭᠠᠨ ᠭᠤᠯᠢᠷ ᠵᠡᠷᠭᠡ ᠲᠣᠬᠤᠨᠢᠭᠤᠯᠬᠤ ᠪᠣᠳᠠᠰ ᠬᠦᠷᠭᠡᠵᠦ᠂ ᠪᠦᠬᠦ ᠨᠡᠶᠢᠭᠡᠮ ᠢᠶᠠᠷ ᠢᠶᠠᠨ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠠᠴᠢᠯᠠᠬᠤ ᠶᠢ ᠰᠠᠨᠠᠭᠠᠴᠢᠯᠠᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号