︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠤ ᠦᠭᠬᠦ︾ ᠦᠴᠤᠸᠠᠨ ᠰᠢᠶᠠᠨ᠂ ᠲᠦᠮᠡᠳ ᠵᠡᠭᠦᠨ ᠬᠤᠰᠢᠭᠤᠨ ᠤ ᠴᠠᠭᠳᠠᠨ ᠪᠠᠶᠢᠴᠠᠭᠠᠬᠤ ᠪᠠᠶᠢᠭᠤᠯᠤᠮᠵᠢ ᠬᠠᠮᠲᠤᠷᠠᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠡᠢ
ᠨᠡᠶᠢᠲᠡᠯᠡᠭᠰᠡᠨ ᠴᠠᠭ᠄
2021/10/21
     ᠣᠶᠢᠷ᠎ᠠ ᠳᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠣᠯᠠᠨ ᠲᠦᠮᠡᠨ ᠳᠤ ᠪᠣᠳᠠᠲᠠᠶ ᠶᠠᠪᠤᠳᠠᠯ ᠬᠢᠵᠦ ᠦᠭᠬᠦ  ︾ ᠭᠡᠬᠦ ᠭᠤᠤᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠵᠦ᠂ ᠦᠴᠤᠸᠠᠨ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠣᠭᠤᠷᠢᠨ ᠪᠠᠶᠢᠴᠠᠭᠠᠬᠤ ᠪᠠᠶᠢᠭᠤᠯᠤᠮᠵᠢ ᠨᠢ ᠲᠦᠮᠡᠳ ᠵᠡᠭᠦᠨ ᠬᠤᠰᠢᠭᠤᠨ ᠤ ᠲᠣᠭᠤᠷᠢᠨ ᠪᠠᠶᠢᠴᠠᠭᠠᠬᠤ ᠪᠠᠶᠢᠭᠤᠯᠤᠮᠵᠢ ᠲᠠᠢ ᠬᠠᠮᠲᠤᠷᠠᠨ ︽ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠶᠢ ᠮᠡᠳᠡᠷᠡᠵᠦ᠂ ᠨᠠᠮ ᠢᠶᠠᠨ ᠳᠠᠭᠠᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠬᠠᠮᠲᠤ ᠪᠠᠷ ᠥᠷᠨᠢᠭᠦᠯᠪᠡ᠃ ᠬᠤᠶᠠᠷ ᠭᠠᠵᠠᠷ ᠤᠨ ᠴᠠᠭᠳᠠᠨ ᠪᠠᠶᠢᠴᠠᠭᠠᠬᠤ ᠪᠠᠶᠢᠭᠤᠯᠤᠮᠵᠢ ᠡᠩ ᠲᠡᠷᠢᠭᠦᠨ ᠳᠤ ᠶᠠᠷᠢᠯᠴᠠᠨ ᠰᠣᠯᠢᠯᠴᠠᠵᠤ᠂ ᠦᠨᠳᠦᠰᠦᠨ ᠱᠠᠲᠤᠨ ᠤ ᠴᠠᠭᠳᠠᠨ ᠪᠠᠶᠢᠴᠠᠭᠠᠬᠤ ᠠᠵᠢᠯ ᠤᠨ ᠲᠤᠷᠰᠢᠯᠭ᠎ᠠ ᠪᠠ ᠠᠵᠢᠯ ᠤᠨ ᠰᠢᠨ᠎ᠡ ᠡᠭᠦᠳᠦᠯᠲᠡ ᠵᠡᠷᠭᠡ ᠠᠯᠢ ᠣᠯᠠᠨ ᠰᠡᠳᠦᠪ ᠤᠨ ᠲᠠᠯ᠎ᠠ ᠪᠠᠷ ᠶᠠᠷᠢᠶ᠎ᠠ ᠲᠠᠯᠪᠢᠵᠤ ᠰᠠᠨᠠᠯ ᠢᠶᠠᠨ ᠰᠣᠯᠢᠯᠴᠠᠪᠠ᠃ ᠳᠠᠷᠠᠭ᠎ᠠ ᠨᠢ ᠬᠤᠶᠠᠷ ᠭᠠᠵᠠᠷ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠦᠴᠤᠸᠠᠨ ᠰᠢᠶᠠᠨ ᠤ ᠳᠡᠭᠡᠳᠦ ᠲᠣᠬᠤᠢ ᠰᠢᠶᠠᠩ ᠤᠨ ᠬᠠᠶᠠᠨ ᠬᠤᠳᠳᠤᠭ ᠲᠣᠰᠬᠤᠨ ᠤ ᠲᠡᠦᠬᠡ ᠶᠢᠨ ᠣᠷᠳᠣᠨ ᠳᠤ ᠬᠦᠷᠬᠦ ᠳᠤ᠂ ᠪᠦᠬᠦ ᠨᠠᠮ ᠤᠨ ᠭᠡᠰᠢᠭᠦᠳ ᠨᠠᠮ ᠤᠨ ᠲᠤᠭ ᠤᠨ ᠳᠣᠣᠷ᠎ᠠ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠳᠠᠪᠲᠠᠨ ᠶᠠᠷᠢᠵᠤ᠂ ᠲᠠᠶᠢᠯᠪᠤᠷᠢᠯᠠᠭᠴᠢ ᠶᠢᠨ ᠭᠦᠨ ᠰᠡᠳᠬᠢᠯᠭᠡ ᠲᠠᠢ ᠪᠠᠷ ᠶᠠᠷᠢᠬᠤ ᠶᠢ ᠰᠣᠨᠣᠰᠴᠠᠢ᠃ ᠨᠠᠮ ᠤᠨ ᠭᠡᠰᠢᠭᠦᠳ ᠲᠡᠦᠬᠡ ᠶᠢ ᠪᠠᠲᠤ ᠴᠡᠭᠡᠵᠢᠯᠡᠪᠡᠯ ᠰᠠᠶ᠋ᠢ ᠲᠤᠷᠰᠢᠯᠭ᠎ᠠ ᠰᠤᠷᠭᠠᠮᠵᠢ ᠣᠯᠵᠤ᠂ ᠲᠠᠶᠢᠨ ᠤ ᠬᠠᠭᠤᠴᠢᠨ ᠵᠠᠮ ᠢᠶᠠᠷ ᠲᠠᠬᠢᠨ ᠶᠠᠪᠤᠬᠤ ᠶᠢ ᠰᠡᠷᠭᠡᠶᠢᠯᠡᠵᠦ ᠴᠢᠳᠠᠨ᠎ᠠ ᠭᠡᠵᠦ ᠢᠯᠡᠳᠬᠡᠵᠡᠭᠡᠪᠡ᠃ ᠶᠠᠫᠣᠨ ᠢ ᠡᠰᠡᠷᠭᠦᠴᠡᠬᠦ ᠠᠭᠤᠤ ᠶᠡᠭᠡ ᠲᠠᠶᠢᠨ ᠤ ᠵᠣᠷᠢᠭ ᠰᠠᠨᠠᠭ᠎ᠠ ᠭᠡᠬᠦ ᠡᠨᠡ ᠬᠦ ᠲᠦᠢᠯ ᠤᠨ ᠡᠷᠬᠢᠮ ᠨᠠᠨᠳᠢᠨ ᠤᠶᠤᠨ ᠰᠠᠨᠠᠭᠠᠨ ᠤ ᠡᠳ᠋ ᠪᠠᠶᠠᠯᠢᠭ ᠢ ᠰᠠᠶᠢᠲᠤᠷ ᠠᠰᠢᠭᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ ᠲᠡᠮᠡᠴᠡᠬᠦ ᠬᠡᠷᠡᠭᠲᠡᠶ᠃ ᠬᠤᠶᠠᠷ ᠭᠠᠵᠠᠷ ᠤᠨ ᠴᠠᠭᠳᠠᠨ ᠪᠠᠶᠢᠴᠠᠭᠠᠬᠤ ᠪᠠᠶᠢᠭᠤᠯᠤᠮᠵᠢ ᠶᠢᠨ ᠪᠦᠬᠦ ᠬᠥᠮᠦᠰ ᠬᠦᠬᠡ ᠡᠷᠭᠢ ᠪᠠᠯᠭᠠᠰᠤᠨ ᠤ ᠹᠦ᠋ ᠷᠦ᠋ ᠳ᠋ᠦᠩ ᠵᠠᠰᠠᠭ ᠵᠠᠬᠢᠷᠭᠠᠨ ᠤ ᠲᠣᠰᠬᠤᠨ ᠤ ᠪᠠᠢ ᠨᠢ ᠸᠠᠨ ᠠᠶᠢᠯ ᠲᠣᠰᠬᠤᠨ ᠳᠤ ︽ᠪᠢ ᠤᠯᠠᠨ ᠲᠦᠮᠡᠨ ᠳᠤ ᠪᠣᠳᠠᠲᠠᠢ ᠠᠵᠢᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠬᠠᠮᠲᠤᠪᠠᠷ ᠥᠷᠨᠢᠭᠦᠯᠵᠦ᠂ ᠲᠠᠷᠢᠶᠠᠨ ᠠᠵᠢᠯ ᠳᠤ ᠣᠷᠣᠯᠴᠠᠵᠤ᠂ ᠲᠤᠰ ᠲᠣᠰᠬᠤᠨ ᠤ ᠰᠠᠶ᠋ᠢᠬᠠᠨ ᠶᠠᠳᠠᠭᠤ ᠠᠴᠠ ᠠᠩᠭᠢᠵᠢᠷᠠᠭᠰᠠᠨ 3 ᠡᠷᠦᠬᠡ ᠲᠠᠷᠢᠶᠠᠴᠢᠨ ᠡᠷᠦᠬᠡ ᠳᠤ ᠲᠥᠮᠥᠰᠥ ᠲᠡᠭᠦᠵᠦ ᠥᠭᠬᠦ ᠳᠤᠨᠢ ᠬᠠᠪᠰᠤᠷᠴᠤ᠂ ᠦᠨᠡᠨ ᠰᠡᠳᠬᠢᠯ ᠠᠴᠠ ᠪᠠᠨ ᠤᠯᠠᠨ ᠲᠦᠮᠡᠨ ᠳᠤ ᠰᠠᠶᠢᠨ ᠶᠠᠪᠤᠳᠠᠯ᠂ ᠪᠣᠳᠠᠲᠠᠢ ᠠᠵᠢᠯ ᠬᠢᠵᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠥᠭᠴᠡᠢ᠃ ᠬᠤᠶᠠᠷ ᠭᠠᠵᠠᠷ ᠤᠨ ᠲᠣᠭᠤᠷᠢᠨ ᠪᠠᠶᠢᠴᠠᠭᠠᠬᠤ ᠪᠠᠶᠢᠭᠤᠯᠤᠮᠵᠢ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠰᠢᠨ᠎ᠡ ᠶᠢ ᠡᠭᠦᠳᠬᠦ ᠰᠡᠳᠬᠢᠬᠦᠢ ᠪᠠᠷ ᠰᠢᠨ᠎ᠡ ᠴᠠᠭ ᠦᠶ᠎ᠡ ᠶᠢᠨ ᠦᠨᠳᠦᠰᠦᠨ ᠱᠠᠲᠤᠨ ᠤ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠰᠤᠷᠠᠯᠲᠠ ᠦᠭᠡᠢ ᠰᠠᠶᠢᠵᠢᠷᠠᠨ ᠬᠥᠭᠵᠢᠬᠦ ᠶᠢ ᠠᠬᠢᠭᠤᠯᠤᠨ᠎ᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号