ᠰᠢ ᠶᠢᠨ ᠫᠢᠩ ᠬᠤᠶᠠᠳᠤᠭᠠᠷ ᠬᠤᠭᠤᠴᠠᠭᠠᠨ ᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠪᠦᠬᠦ ᠳᠡᠯᠡᠬᠡᠢ ᠶᠢᠨ ᠦᠷᠭᠦᠯᠵᠢᠯᠡᠬᠦ ᠵᠠᠮ ᠬᠠᠷᠢᠯᠴᠠᠭᠠᠨ ᠤ ᠶᠡᠭᠡ ᠬᠤᠷᠠᠯ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠭᠤᠣᠯ ᠵᠤᠷᠢᠯᠳᠠᠳᠤ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2021/10/21
     ᠨᠡᠭᠡᠭᠡᠯᠲᠡ ᠬᠢᠵᠦ ᠬᠤᠯᠪᠣᠭᠠᠯᠠᠨ ᠬᠥᠳᠡᠯᠦᠯᠴᠡᠬᠦ ᠶᠢ ᠪᠠᠷᠢᠮᠲᠠᠯᠠᠵᠤ ᠬᠠᠮᠲᠤ ᠪᠠᠷ ᠬᠥᠭᠵᠢᠬᠦ ᠶᠢ ᠪᠠᠷᠢᠮᠲᠠᠯᠠᠵᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠶᠢ ᠪᠠᠷᠢᠮᠲᠠᠯᠠᠵᠤ ᠣᠯᠠᠨ ᠲᠠᠯᠠᠲᠤ ᠦᠵᠡᠯ ᠢ ᠪᠠᠷᠢᠮᠲᠠᠯᠠᠵᠤ ᠰᠠᠭᠤᠷᠢ ᠲᠥᠬᠦᠭᠡᠷᠦᠮᠵᠢ ᠶᠢᠨ ᠬᠤᠯᠪᠤᠭᠠᠯᠠᠯ ᠨᠡᠪᠲᠡᠷᠡᠯᠴᠡᠭᠡ ᠠᠷᠠᠯᠵᠢᠶ᠎ᠠ ᠪᠠᠯᠠ ᠣᠷᠣᠭᠤᠯᠤᠯᠲᠠ ᠶᠢᠨ ᠰᠠᠭᠠᠳ ᠦᠬᠡᠢ ᠨᠡᠪᠲᠡᠷᠡᠯᠴᠡᠭᠡ ᠪᠣᠯᠪᠠᠰᠤᠨ ᠤ ᠠᠭᠤᠰᠤᠯᠴᠠᠯ ᠨᠡᠪᠲᠡᠷᠡᠯᠴᠡᠭᠡ ᠶᠢᠨ ᠰᠢᠨ᠎ᠡ ᠬᠠᠭᠤᠳᠠᠰᠤ ᠶᠢ ᠪᠢᠴᠢᠭᠯᠡᠰᠦᠭᠡᠢ ᠭᠡᠵᠦ ᠴᠢᠬᠤᠯᠠᠴᠢᠯᠠᠪᠠ      ᠤᠯᠤᠰ ᠤᠨ ᠲᠡᠷᠢᠭᠦᠯᠡᠭᠴᠢ ᠰᠢ ᠶᠢᠨ ᠫᠢᠩ 14 ᠤ ᠤᠷᠤᠢ ᠸᠢᠳᠢᠣ᠋ ᠬᠡᠯᠪᠡᠷᠢ ᠪᠠᠷ ᠬᠤᠶᠠᠳᠤᠭᠠᠷ ᠬᠤᠭᠤᠴᠠᠭᠠᠨ ᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠪᠦᠬᠦ ᠳᠡᠯᠡᠬᠡᠢ ᠶᠢᠨ ᠦᠷᠭᠦᠯᠵᠢᠯᠡᠬᠦ ᠵᠠᠮ ᠬᠠᠷᠢᠯᠴᠠᠭᠠᠨ ᠤ ᠶᠡᠭᠡ ᠬᠤᠷᠠᠯ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ︽ᠳᠡᠯᠡᠬᠡᠢ ᠳ᠋ᠠᠬᠢᠨ ᠲᠠᠢ ᠶᠠᠪᠤᠯᠴᠠᠵᠤ ᠴᠠᠭ ᠦᠶ᠎ᠡ ᠲᠠᠢ ᠨᠡᠪᠲᠡᠷᠡᠯᠴᠡᠵᠦ ᠦᠷᠭᠦᠯᠵᠢᠯᠡᠬᠦ ᠬᠥᠭᠵᠢᠯᠲᠡ ᠶᠢᠨ ᠵᠠᠮ ᠢᠶᠠᠷ ᠲᠤᠮᠤ ᠠᠯᠬᠤᠭ᠎ᠠ ᠪᠠᠷ ᠤᠷᠤᠭᠰᠢᠯᠠᠰᠤᠭᠠᠢ︾ ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠲᠠᠯᠪᠢᠪᠠ᠃      ᠰᠢ ᠶᠢᠨ ᠫᠢᠩ᠂ ᠵᠠᠮ ᠬᠠᠷᠢᠯᠴᠠᠭ᠎ᠠ ᠪᠣᠯ ᠠᠵᠤ ᠠᠬᠤᠢ ᠶᠢᠨ ᠰᠤᠳᠠᠰᠤ ᠪᠠ ᠪᠣᠯᠪᠠᠰᠤᠨ ᠤ ᠬᠤᠯᠪᠣᠭᠠᠰᠤ ᠮᠥᠨ᠃ ᠡᠷᠲᠡᠨ ᠤ ᠲᠣᠷᠭᠠᠨ ᠵᠠᠮ ᠳᠠᠬᠢ ᠲᠡᠮᠡᠭᠡᠨ ᠵᠢᠩ ᠤᠨ ᠪᠠᠷ᠎ᠠ ᠠᠴᠠ ᠳᠠᠯᠠᠢ ᠶᠢᠨ ᠠᠶᠠᠯᠠᠯ ᠤᠨ ᠴᠠᠭ ᠦᠶ᠎ᠡ ᠶᠢᠨ ᠳᠠᠪᠠᠯᠭᠠᠨ ᠢ ᠰᠦᠷᠦᠨ ᠤᠷᠤᠭᠰᠢᠯᠠᠬᠤ ᠬᠦᠷᠲᠡᠯ᠎ᠡ᠂ ᠳᠠᠬᠢᠨ ᠤᠳᠤ ᠦᠶ᠎ᠡ ᠶᠢᠨ ᠵᠠᠮ ᠬᠠᠷᠢᠯᠴᠠᠭᠠᠨ ᠤ ᠲᠣᠣᠷ ᠤᠨ ᠳᠦᠷᠪᠡᠨ ᠵᠦᠭ ᠨᠠᠢᠮᠠᠨ ᠵᠣᠪᠬᠢᠰ ᠲᠤ ᠨᠡᠪᠲᠡᠷᠡᠭᠰᠡᠨ ᠬᠦᠷᠲᠡᠯ᠎ᠡ᠂ ᠵᠠᠮ ᠬᠠᠷᠢᠯᠴᠠᠭ᠎ᠠ ᠨᠢ ᠠᠵᠤ ᠠᠬᠤᠢ ᠶᠢᠨ ᠠᠭᠤᠰᠤᠯᠴᠠᠨ ᠨᠡᠪᠲᠡᠷᠡᠯᠴᠡᠬᠦ᠂ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠠᠬᠢᠭᠤᠯᠵᠤ᠂ ᠳᠡᠯᠡᠬᠡᠢ ᠳ᠋ᠠᠬᠢᠨ ᠢ ᠨᠢᠭᠲᠠ ᠬᠤᠯᠪᠣᠭᠰᠠᠨ ︽ᠪᠥᠮᠪᠥᠷᠴᠡᠭ ᠲᠣᠰᠬᠤᠨ︾ ᠪᠣᠯᠭᠠᠵᠠᠢ᠃ ᠣᠳᠣᠬᠠᠨ ᠳᠤ᠂ ᠳᠡᠯᠡᠬᠡᠢ ᠳ᠋ᠠᠬᠢᠨ ᠳᠤ ᠵᠠᠭᠤᠨ ᠵᠢᠯ ᠲᠤᠬᠢᠶᠠᠯᠳᠤᠭ᠎ᠠ ᠦᠭᠡᠢ ᠬᠤᠪᠢᠷᠠᠯᠲᠠ ᠪᠣᠯᠤᠨ ᠵᠠᠭᠤᠨ ᠵᠢᠯ ᠲᠤᠬᠢᠶᠠᠯᠳᠤᠭ᠎ᠠ ᠦᠭᠡᠢ ᠬᠢᠵᠢᠭ ᠤᠨ ᠪᠠᠶᠢᠳᠠᠯ ᠳᠠᠪᠬᠤᠴᠠᠵᠤ᠂ ᠳᠡᠯᠡᠬᠡᠢ ᠶᠢᠨ ᠠᠵᠤ ᠠᠬᠤᠢ ᠶᠢᠨ ᠬᠥᠭᠵᠢᠯᠲᠡ ᠪᠣᠯᠤᠨ ᠠᠷᠠᠳ ᠤᠨ ᠠᠮᠢᠳᠤᠷᠠᠯ ᠤᠨ ᠰᠠᠶᠢᠵᠢᠷᠠᠯᠲᠠ ᠳᠤ ᠬᠦᠨᠳᠦ ᠨᠣᠴᠢᠲᠠᠢ ᠥᠷᠢᠰᠥᠯᠳᠦᠭᠡᠨ ᠢ ᠠᠪᠴᠢᠷᠠᠭᠰᠠᠨ ᠪᠠᠶᠢᠨ᠎ᠠ᠃ ᠪᠢᠳᠡ ᠳᠡᠯᠡᠬᠡᠢ ᠶᠢᠨ ᠬᠥᠭᠵᠢᠯᠲᠡ ᠶᠢᠨ ᠶᠡᠭᠡ ᠬᠠᠨᠳᠤᠰᠢ ᠳᠤ ᠵᠣᠬᠢᠴᠠᠵᠤ᠂ ᠪᠦᠬᠦ ᠳᠡᠯᠡᠬᠡᠢ ᠶᠢᠨ ᠵᠠᠮ ᠬᠠᠷᠢᠯᠴᠠᠭᠠᠨ ᠤ ᠬᠠᠮᠲᠤᠷᠠᠯᠴᠠᠭ᠎ᠠ ᠶᠢ ᠠᠬᠢᠭᠤᠯᠵᠤ᠂ ᠰᠠᠭᠤᠷᠢ ᠲᠥᠬᠦᠭᠡᠷᠦᠮᠵᠢ ᠶᠢᠨ ᠬᠤᠯᠪᠤᠭᠠᠯᠠᠯ ᠨᠡᠪᠲᠡᠷᠡᠯᠴᠡᠭᠡ᠂ ᠠᠷᠠᠯᠵᠢᠶ᠎ᠠ ᠪᠠᠯᠠ ᠣᠷᠣᠭᠤᠯᠤᠯᠲᠠ ᠶᠢᠨ ᠰᠠᠭᠠᠳ ᠦᠬᠡᠢ ᠨᠡᠪᠲᠡᠷᠡᠯᠴᠡᠭᠡ᠂ ᠪᠣᠯᠪᠠᠰᠤᠨ ᠤ ᠠᠭᠤᠰᠤᠯᠴᠠᠯ ᠨᠡᠪᠲᠡᠷᠡᠯᠴᠡᠭᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ᠃      ᠨᠢᠭᠡ ᠳᠤ᠂ ᠨᠡᠭᠡᠭᠡᠯᠲᠡ ᠬᠢᠵᠦ ᠬᠤᠯᠪᠣᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠤᠶ᠎ᠠ᠃ ᠨᠡᠭᠡᠭᠡᠯᠲᠡᠲᠦ ᠮᠠᠶ᠋ᠢᠭ ᠤᠨ ᠳᠡᠯᠡᠬᠡᠢ ᠶᠢᠨ ᠠᠵᠤ ᠠᠬᠤᠢ ᠶᠢ ᠪᠠᠶᠢᠭᠤᠯᠬᠤ ᠶᠢ ᠠᠬᠢᠭᠤᠯᠵᠤ᠂ ᠭᠠᠳᠠᠭᠤᠷᠴᠢᠯᠠᠬᠤ ᠴᠢᠨᠠᠷᠲᠠᠢ᠂ ᠪᠤᠰᠤᠳ ᠢ ᠭᠠᠳᠠᠭᠤᠷᠴᠢᠯᠠᠬᠤ ᠴᠢᠨᠠᠷᠲᠠᠢ ᠲᠦᠷᠢᠮ ᠪᠣᠯᠤᠨ ᠰᠢᠰᠲ᠋ᠧᠮ ᠢ ᠬᠡᠷᠡᠭᠵᠢᠭᠦᠯᠬᠦ ᠦᠭᠡᠢ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠨᠡᠩ ᠨᠡᠭᠡᠭᠡᠯᠲᠡᠲᠦ᠂ ᠪᠠᠭᠲᠠᠭᠠᠮᠵᠢᠲᠠᠢ ᠂ ᠲᠦᠭᠡᠮᠡᠯ ᠬᠠᠷᠠᠭᠠᠯᠵᠠᠯᠲᠤ᠂ ᠲᠡᠩᠴᠡᠭᠦᠷᠢᠲᠡᠢ᠂ ᠬᠠᠮᠲᠤ ᠪᠠᠷ ᠠᠰᠢᠭ ᠬᠦᠷᠳᠡᠬᠦ ᠴᠢᠭᠯᠡᠯ ᠲᠡᠶᠢᠰᠢ ᠬᠥᠭᠵᠢᠬᠦ ᠶᠢ ᠠᠬᠢᠭᠤᠯᠬᠤ ᠬᠡᠷᠡᠭᠲᠡᠢ᠃ ᠰᠠᠭᠤᠷᠢ ᠲᠥᠬᠦᠭᠡᠷᠦᠮᠵᠢ ᠶᠢᠨ ︽ᠬᠠᠲᠠᠭᠤ ᠨᠡᠪᠲᠡᠷᠡᠯᠴᠡᠭᠡ︾᠂ ᠪᠠᠶᠢᠭᠤᠯᠤᠯ ᠲᠦᠷᠢᠮ ᠤᠨ ︽ᠵᠥᠭᠡᠯᠡᠨ ᠨᠡᠪᠲᠡᠷᠡᠯᠴᠡᠭᠡ︾ ᠶᠢ ᠴᠢᠩᠭᠠᠳᠬᠠᠵᠤ᠂ ᠬᠠᠭᠤᠷᠠᠶ᠂ ᠲᠡᠯᠡᠶ᠂ ᠠᠭᠠᠷ᠂ ᠰᠦᠯᠵᠢᠶ᠎ᠡ ︽ᠳᠥᠷᠪᠡ ᠶᠢ ᠨᠢᠭᠡ ᠴᠤᠭᠴᠠᠵᠢᠭᠤᠯᠤᠭᠰᠠᠨ︾ ᠬᠤᠯᠪᠤᠯᠳᠤᠨ ᠨᠡᠪᠲᠡᠷᠡᠯᠴᠡᠬᠦ ᠶᠢ ᠠᠬᠢᠭᠤᠯᠬᠤ ᠬᠡᠷᠡᠭᠲᠡᠢ᠃      ᠬᠤᠶᠠᠷ ᠲᠤ᠂ ᠬᠠᠮᠲᠤ ᠪᠠᠷ ᠬᠥᠭᠵᠢᠬᠦ ᠶᠢ ᠪᠠᠷᠢᠮᠲᠠᠯᠠᠵᠤ᠂ ᠲᠥᠪ ᠭᠤᠣᠯᠴᠢ ᠲᠦᠭᠡᠮᠡᠯ ᠬᠠᠷᠠᠭᠠᠯᠵᠠᠯ ᠬᠦᠷᠳᠡᠬᠡᠬᠦ ᠶᠢ ᠠᠬᠢᠭᠤᠯᠤᠶ᠎ᠡ᠃ ᠡᠯ᠎ᠡ ᠤᠯᠤᠰ ᠬᠠᠮᠲᠤ ᠪᠠᠷ ᠬᠥᠭᠵᠢᠪᠡᠯ ᠰᠠᠶ᠋ᠢ ᠦᠨᠡᠨ ᠬᠦ ᠬᠥᠭᠵᠢᠵᠦ ᠴᠢᠳᠠᠨ᠎ᠠ᠂ ᠤᠯᠠᠨ ᠢᠶᠠᠷ ᠢᠶᠠᠨ ᠬᠠᠮᠲᠤ ᠪᠠᠷ ᠪᠠᠶᠠᠵᠢᠪᠠᠯ ᠰᠠᠶ᠋ᠢ ᠦᠨᠡᠨ ᠬᠦ ᠪᠠᠶᠠᠵᠢᠵᠤ ᠴᠢᠳᠠᠨ᠎ᠠ᠃ ᠭᠠᠭᠴᠠ ᠬᠦ ᠬᠥᠭᠵᠢᠯᠲᠡ ᠲᠡᠩᠴᠡᠭᠦᠷᠢ ᠦᠭᠡᠢ ᠪᠠᠶᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠪᠡᠯ ᠰᠠᠶ᠋ᠢ ᠬᠥᠮᠦᠨ ᠲᠥᠷᠥᠯᠬᠢᠲᠡᠨ ᠤ ᠬᠠᠮᠲᠤ ᠶᠢᠨ ᠬᠥᠭᠵᠢᠯᠲᠡ ᠳᠤ ᠨᠡᠩ ᠥᠷᠭᠡᠨ ᠠᠭᠤᠳᠠᠮ ᠢᠷᠡᠭᠡᠳᠦᠢ ᠶᠢ ᠨᠡᠭᠡᠭᠡᠨ ᠥᠭᠴᠦ ᠴᠢᠳᠠᠨ᠎ᠠ᠃ ᠵᠠᠮ ᠬᠠᠷᠢᠯᠴᠠᠭᠠᠨ ᠤ ᠤᠷᠢᠳ ᠢᠶᠠᠷ ᠬᠡᠷᠡᠭᠵᠢᠭᠦᠯᠬᠦ ᠦᠢᠯᠡᠳᠦᠯ ᠢ ᠪᠠᠳᠠᠷᠠᠭᠤᠯᠵᠤ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠵᠠᠮ ᠬᠠᠷᠢᠯᠴᠠᠭᠠᠨ ᠤ ᠣᠷᠣᠭᠤᠯᠤᠯᠲᠠ ᠶᠢ ᠨᠡᠮᠡᠭᠳᠡᠭᠦᠯᠵᠦ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠠᠵᠤ ᠠᠬᠤᠢ ᠠᠷᠠᠳ ᠤᠨ ᠠᠮᠢᠳᠤᠷᠠᠯ ᠢ ᠵᠠᠮ ᠬᠠᠷᠢᠯᠴᠠᠭ᠎ᠠ ᠠᠴᠠ ᠪᠤᠯᠵᠤ ᠬᠥᠭᠵᠢᠨ ᠮᠠᠨᠳᠤᠬᠤ ᠶᠢ ᠪᠡᠶᠡᠯᠡᠬᠦᠯᠬᠦ ᠬᠡᠷᠡᠭᠲᠡᠢ᠃ ᠬᠦᠭᠵᠢᠵᠦ ᠪᠠᠶᠢᠭ᠎ᠠ ᠤᠯᠤᠰ ᠤᠳ ᠪᠤᠯᠤᠨ ᠬᠦᠭᠵᠢᠭᠰᠡᠨ ᠤᠯᠤᠰ ᠤᠳ ᠤᠨ ᠬᠤᠭᠤᠷᠤᠨᠳᠤᠬᠢ ᠬᠠᠮᠲᠤᠷᠠᠯᠴᠠᠭ᠎ᠠ᠂ ᠬᠦᠭᠵᠢᠵᠦ ᠪᠠᠶᠢᠭ᠎ᠠ ᠤᠯᠤᠰ ᠤᠳ ᠤᠨ ᠬᠤᠭᠤᠷᠤᠨᠳᠤᠬᠢ ᠬᠠᠮᠲᠤᠷᠠᠯᠴᠠᠭ᠎ᠠ ᠶᠢ ᠴᠢᠩᠭᠠᠳᠬᠠᠵᠤ᠂ ᠬᠠᠮᠤᠭ ᠤᠨ ᠬᠥᠭᠵᠢᠭᠡᠳᠦᠢ ᠤᠯᠤᠰ᠂ ᠳᠣᠲᠣᠭᠠᠳᠤ ᠬᠠᠭᠤᠷᠠᠢ ᠶᠢᠨ ᠬᠥᠭᠵᠢᠵᠦ ᠪᠠᠶᠢᠭ᠎ᠠ ᠤᠯᠤᠰ ᠤᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠳᠤ ᠨᠡᠩ ᠤᠯᠠᠨ ᠳᠡᠮᠵᠢᠯᠭᠡ ᠬᠠᠩᠭᠠᠵᠤ᠂ ᠬᠠᠮᠲᠤ ᠶᠢᠨ ᠴᠡᠴᠡᠭᠯᠡᠯ ᠬᠥᠭᠵᠢᠯ ᠢ ᠠᠬᠢᠭᠤᠯᠬᠤ ᠬᠡᠷᠡᠭᠲᠡᠢ᠃      ᠭᠤᠷᠪᠠ ᠳᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠬᠥᠭᠵᠢᠯᠲᠡ ᠶᠢᠨ ᠬᠥᠳᠡᠯᠭᠡᠬᠦ ᠡᠨᠧᠷᠭᠢ ᠶᠢ ᠨᠡᠮᠡᠭᠳᠡᠬᠦᠯᠦᠶ᠎ᠡ᠃ ᠤᠶᠤᠨᠲᠤ ᠵᠠᠮ ᠬᠠᠷᠢᠯᠴᠠᠭ᠎ᠠ ᠪᠣᠯᠤᠨ ᠤᠶᠤᠨᠲᠤ ᠪᠠᠷᠠᠭᠠᠨ ᠤ ᠭᠦᠢᠯᠭᠡᠭᠡ ᠶᠢ ᠶᠡᠭᠡ ᠪᠠᠷ ᠬᠥᠭᠵᠢᠭᠦᠯᠵᠦ᠂ ᠲᠤᠮᠤ ᠳ᠋ᠠᠶᠢᠲ᠋ᠠ᠂ ᠢᠨᠲ᠋ᠧᠷ ᠰᠦᠯᠵᠢᠶ᠎ᠡ᠂ ᠵᠣᠬᠢᠶᠠᠮᠠᠯ ᠤᠶᠤᠨ ᠴᠢᠳᠠᠪᠤᠷᠢ᠂ ᠴᠥᠷᠬᠡᠯᠡᠭᠡ ᠳ᠋ᠠᠶᠢᠲ᠋ᠠ ᠵᠡᠷᠭᠡ ᠰᠢᠨ᠎ᠡ ᠮᠡᠷᠭᠡᠵᠢᠯ ᠤᠨ ᠵᠠᠮ ᠬᠠᠷᠢᠯᠴᠠᠭᠠᠨ ᠤ ᠠᠵᠢᠯ ᠲᠦᠷᠦᠯ ᠯᠦᠭᠡ ᠭᠦᠨᠵᠡᠭᠡᠢ ᠠᠭᠤᠰᠤᠯᠴᠠᠬᠤ ᠶᠢ ᠠᠬᠢᠭᠤᠯᠵᠤ᠂ ᠬᠥᠮᠦᠰ ᠲᠤ ᠵᠠᠮ ᠬᠠᠷᠢᠯᠴᠠᠭᠠᠨ ᠤ ᠲᠦᠬᠦᠮ ᠢ ᠡᠳ᠋ᠯᠡᠭᠦᠯᠵᠦ᠂ ᠪᠠᠷᠠᠭᠠᠨ ᠤ ᠭᠦᠢᠯᠭᠡᠭᠡ ᠶᠢ ᠰᠢᠯᠤᠭᠤᠳᠬᠠᠬᠤ ᠬᠡᠷᠡᠭᠲᠡᠢ᠃      ᠳᠥᠷᠪᠡ ᠳᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠶᠢ ᠪᠠᠷᠢᠮᠲᠠᠯᠠᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠦᠭᠵᠢᠯᠲᠡ ᠶᠢ ᠪᠡᠶᠡᠯᠡᠭᠦᠯᠦᠶ᠎ᠡ᠃ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢᠨ ᠠᠵᠤ ᠠᠬᠤᠶ ᠶᠢᠨ ᠰᠢᠰᠲ᠋ᠧᠮ ᠢ ᠪᠠᠶᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠪᠠᠷ ᠪᠣᠬᠢᠷᠲᠤᠯ ᠥᠬᠡᠶ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠪᠣᠯ ᠰᠠᠶ᠋ᠢ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠣᠷᠳᠣ ᠬᠤᠭᠤᠴᠠᠭᠠᠨ ᠤ ᠠᠷᠭ᠎ᠠ ᠪᠣᠳᠣᠯᠭ᠎ᠠ ᠮᠥᠨ᠃ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠵᠠᠮ ᠬᠠᠷᠢᠯᠴᠠᠭ᠎ᠠ ᠲᠡᠭᠡᠭᠡᠪᠦᠷᠢ ᠶᠢᠨ ᠬᠡᠯᠪᠡᠷᠢ ᠶᠢ ᠲᠦᠷᠭᠡᠳᠭᠡᠨ ᠪᠦᠷᠢᠯᠳᠦᠭᠦᠯᠵᠦ᠂ ᠪᠣᠬᠢᠷᠲᠤᠯ ᠥᠬᠡᠶ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠡᠨᠧᠷᠭᠢ᠂ ᠤᠶᠤᠨᠴᠢᠯᠠᠬᠰᠠᠨ᠂ ᠲᠣᠭᠠᠴᠢᠯᠠᠭᠰᠠᠨ᠂ ᠬᠥᠩᠭᠡᠨ ᠬᠡᠯᠪᠡᠷᠢ ᠶᠢᠨ ᠵᠠᠮ ᠬᠠᠷᠢᠯᠴᠠᠭᠠᠨ ᠤ ᠲᠣᠨᠣᠭᠯᠠᠯ ᠢ ᠳᠡᠯᠭᠡᠷᠡᠭᠦᠯᠵᠦ᠂ ᠪᠣᠬᠢᠷᠲᠤᠯ ᠥᠬᠡᠶ ᠶᠠᠪᠤᠵᠤ ᠰᠠᠭᠤᠬᠤ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ᠂ ᠵᠠᠮ ᠬᠠᠷᠢᠯᠴᠠᠭ᠎ᠠ ᠶᠢ ᠨᠠᠩ ᠣᠷᠴᠢᠨ ᠲᠣᠭᠤᠷᠢᠨ ᠢ ᠬᠠᠮᠠᠭᠠᠯᠠᠬᠤ᠂ ᠶᠠᠪᠤᠵᠤ ᠰᠠᠭᠤᠬᠤ ᠳᠤ ᠨᠠᠩ ᠨᠡᠭᠦᠷᠡᠰᠦᠲᠥ᠋ᠷᠥᠭᠴᠢ ᠪᠠᠭ᠎ᠠ ᠪᠣᠯᠭᠠᠬᠤ ᠬᠡᠷᠡᠭᠲᠡᠢ      ᠲᠠᠪᠤ ᠳᠤ᠂ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠪᠦᠬᠦ ᠲᠡᠯᠡᠭᠡᠢ ᠶᠢᠨ ᠵᠠᠰᠠᠯᠲᠠ ᠶᠢ ᠲᠡᠭᠦᠯᠳᠡᠷᠵᠢᠭᠦᠯᠦᠶ᠎ᠡ ᠃ ᠬᠠᠮᠲᠤ ᠪᠠᠷ ᠵᠥᠪᠳᠡᠯᠴᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠪᠦᠬᠦ ᠲᠡᠯᠡᠭᠡᠢ ᠶᠢᠨ ᠵᠠᠰᠠᠯᠲᠠ ᠶᠢᠨ ᠦᠵᠡᠯᠲᠡ ᠶᠢ ᠦᠢᠯᠡᠳᠦᠯᠭᠡᠵᠢᠭᠦᠯᠵᠦ᠂ ᠪᠦᠬᠦ ᠲᠡᠯᠡᠭᠡᠢ ᠶᠢᠨ ᠡᠬᠢ ᠪᠠᠶᠠᠯᠢᠭ ᠢ ᠲᠠᠶᠢᠴᠢᠯᠠᠵᠤ᠂ ᠪᠦᠬᠦ ᠲᠡᠯᠡᠭᠡᠢ ᠶᠢᠨ ᠥᠷᠢᠰᠥᠯᠳᠦᠭᠡᠨ ᠢ ᠠᠷᠭᠠᠴᠠᠭᠠᠵᠤ᠂ ᠪᠦᠬᠦ ᠲᠡᠯᠡᠭᠡᠢ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠷᠬᠡ ᠰᠦᠷ ᠪᠠ ᠪᠠᠶᠢᠷᠢ ᠰᠠᠭᠤᠷᠢ ᠶᠢ ᠬᠠᠮᠠᠭᠠᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠶᠠᠳᠠᠭᠤ ᠬᠦᠴᠢᠷᠳᠡᠯᠲᠡᠢ ᠬᠥᠮᠦᠨ ᠠᠮᠠ ᠶᠢ ᠴᠥᠭᠡᠳᠬᠡᠬᠦ᠂ ᠡᠷᠡᠭᠦᠯ ᠬᠠᠮᠠᠭᠠᠯᠠᠯ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠡᠯ᠎ᠡ ᠲᠠᠯ᠎ᠠ ᠶᠢᠨ ᠬᠢᠨ ᠳᠤᠮᠳᠠᠳᠤ ᠶᠢᠨ ᠲᠠᠯ᠎ᠠ ᠶᠢᠨ ᠳᠤᠷᠠᠳᠤᠭᠰᠠᠨ ᠪᠦᠬᠦ ᠲᠡᠯᠡᠭᠡᠢ ᠶᠢᠨ ᠬᠥᠭᠵᠢᠯᠲᠡ ᠶᠢᠨ ᠰᠠᠨᠠᠭᠠᠴᠢᠯᠠᠭ᠎ᠠ ᠳᠤ ᠢᠳᠡᠪᠬᠢᠲᠡᠢ ᠣᠷᠣᠯᠴᠠᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠵᠠᠢ᠃      ᠰᠢ ᠶᠢᠨ ᠫᠢᠩ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ᠂ ᠬᠡᠳᠦᠨ ᠦᠶ᠎ᠡ ᠶᠢᠨ ᠬᠥᠮᠦᠰ ᠠᠭᠤᠯᠠ ᠲᠠᠭᠠᠷᠠᠪᠠᠯ ᠵᠠᠮ ᠨᠡᠭᠡᠭᠡᠵᠦ᠂ ᠤᠰᠤ ᠲᠠᠭᠠᠷᠠᠪᠠᠯ ᠬᠥᠭᠦᠷᠭᠡ ᠲᠠᠯᠪᠢᠵᠤ᠂ ᠵᠠᠮ ᠬᠠᠷᠢᠯᠴᠠᠭᠠᠨ ᠤ ᠲᠤᠮᠤ ᠤᠯᠤᠰ ᠢ ᠪᠠᠶᠢᠭᠤᠯᠵᠤ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠢ ᠶᠠᠭ ᠲᠦᠷᠭᠡᠳᠭᠡᠨ ᠪᠦᠳᠦᠭᠡᠨ ᠪᠠᠶᠢᠭᠤᠯᠵᠤ ᠪᠠᠶᠢᠨ᠎ᠠ᠃ ᠪᠢᠳᠠ ᠵᠠᠮ ᠬᠠᠷᠢᠯᠴᠠᠭ᠎ᠠ ᠶᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠪᠦᠬᠦ ᠲᠡᠯᠡᠭᠡᠢ ᠶᠢᠨ ᠬᠠᠮᠤᠭ ᠤᠨ ᠶᠡᠭᠡ ᠲᠦᠷᠭᠡᠨ ᠤ ᠲᠡᠮᠤᠷ ᠵᠠᠮ ᠤᠨ ᠲᠣᠣᠷ᠂ ᠲᠦᠷᠭᠡᠨ ᠤ ᠵᠠᠰᠠᠮᠠᠯ ᠵᠠᠮ ᠤᠨ ᠲᠣᠣᠷ᠂ ᠳᠡᠯᠡᠬᠡᠢ ᠶᠢᠨ ᠲᠡᠰ ᠤᠨ ᠭᠠᠷᠠᠮ ᠤᠨ ᠰᠦᠷᠦᠭᠵᠢᠯ ᠢ ᠪᠠᠶᠢᠭᠤᠯᠵᠤ᠂ ᠠᠭᠠᠷ ᠤᠨ ᠠᠶᠠᠯᠠᠯ ᠲᠠᠯᠠᠢ ᠶᠢᠨ ᠠᠶᠠᠯᠠᠯ ᠪᠦᠬᠦ ᠲᠡᠯᠡᠭᠡᠢ ᠳᠤ ᠨᠡᠪᠳᠡᠷᠡᠪᠡ᠃ ᠪᠢᠳᠡ ᠰᠢᠨ᠎ᠡ ᠶᠢ ᠡᠭᠦᠳᠬᠦ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠲᠦᠷᠭᠡᠨ ᠤ ᠲᠡᠮᠦᠷ ᠵᠠᠮ᠂ ᠲᠤᠮᠤ ᠨᠢᠰᠬᠡᠯ ᠵᠡᠷᠭᠡ ᠲᠣᠨᠣᠭᠯᠠᠯ ᠦᠢᠯᠡᠳᠬᠦ ᠠᠵᠢᠯ ᠴᠢᠬᠤᠯᠠ ᠶᠡᠭᠡ ᠰᠢᠪᠲᠤᠯᠤᠯᠲᠠ ᠶᠢ ᠪᠡᠶᠡᠯᠡᠭᠦᠯᠵᠦ᠂ ᠰᠢᠨ᠎ᠡ ᠡᠨᠧᠷᠭᠢ ᠶᠢᠨ ᠮᠠᠰᠢᠨ ᠲᠡᠷᠭᠡ ᠪᠦᠬᠦ ᠲᠡᠯᠡᠭᠡᠢ ᠶᠢᠨ ᠶᠡᠷᠦᠩᠬᠡᠢ ᠬᠡᠮᠵᠢᠶᠡᠨ ᠤ ᠬᠠᠭᠠᠰ ᠠᠴᠠ ᠳᠡᠭᠡᠭᠰᠢᠬᠢ ᠶᠢ ᠡᠵᠡᠯᠡᠵᠦ᠂ ᠰᠢᠶᠠᠩᠭᠠᠩ — ᠵᠦᠬᠠᠢ — ᠣᠣᠮᠧᠨ ᠬᠦᠷᠬᠦ ᠲᠤᠮᠤ ᠬᠥᠭᠦᠷᠭᠡ᠂ ᠪᠡᠭᠡᠵᠢᠩ ᠤᠨ ᠳ᠋ᠠᠰᠢᠩ ᠤᠯᠠᠨ ᠤᠯᠤᠰ ᠤᠨ ᠨᠢᠰᠬᠡᠯ ᠤᠨ ᠪᠠᠭᠤᠳᠠᠯ ᠵᠡᠷᠭᠡ ᠭᠡᠳᠤ ᠲᠤᠮᠤ ᠬᠡᠯᠪᠡᠷᠢ ᠶᠢᠨ ᠵᠠᠮ ᠬᠠᠷᠢᠯᠴᠠᠭᠠᠨ ᠤ ᠢᠨᠵᠧᠨᠧᠷᠢᠩ ᠢ ᠪᠠᠶᠢᠭᠤᠯᠤᠨ ᠳᠠᠭᠤᠰᠬᠠᠵᠤ ᠠᠰᠢᠠᠠᠯᠠᠯᠲᠠ ᠳᠤ ᠣᠷᠣᠭᠤᠯᠤᠨ᠂ ᠵᠠᠮ ᠬᠠᠷᠢᠯᠴᠠᠭ᠎ᠠ ᠨᠢ ᠳᠤᠮᠳᠠᠳᠤ ᠤᠯᠤᠰ ᠤᠨ ᠣᠳᠣᠬᠢᠴᠢᠯᠠᠯᠲᠠ ᠶᠢᠨ ᠵᠠᠮ ᠨᠡᠭᠡᠭᠡᠬᠦ ᠬᠤᠰᠢᠭᠤᠴᠢ ᠪᠣᠯᠪᠠ᠃ ᠪᠢᠳᠠ ᠵᠠᠮ ᠬᠠᠷᠢᠯᠴᠠᠭ᠎ᠠ ᠪᠠᠷ ᠲᠡᠯᠡᠭᠡᠢ ᠶᠢᠷᠲᠢᠨᠴᠤ ᠲᠡᠶᠢᠰᠢ ᠨᠡᠪᠲᠡᠷᠡᠬᠦ ᠶᠢ ᠪᠠᠷᠢᠮᠲᠠᠯᠠᠵᠤ᠂ ᠨᠢᠭᠡᠨᠲᠡ ᠪᠦᠬᠦ ᠲᠡᠯᠡᠭᠡᠢ ᠶᠢᠨ ᠲᠠᠯᠠᠢ ᠶᠢᠨ ᠲᠡᠭᠡᠭᠡᠪᠦᠷᠢ ᠶᠢᠨ ᠬᠤᠯᠪᠣᠯᠲᠠ ᠶᠢᠨ ᠬᠡᠮᠵᠢᠶ᠎ᠡ ᠬᠠᠮᠤᠭ ᠤᠨ ᠥᠨᠳᠥᠷ᠂ ᠪᠠᠷᠠᠭᠠᠨ ᠤ ᠠᠷᠠᠯᠵᠢᠶᠠᠨ ᠤ ᠬᠡᠮᠵᠢᠶ᠎ᠡ ᠬᠠᠮᠤᠭ ᠤᠨ ᠶᠡᠭᠡ ᠠᠵᠤ ᠠᠬᠤᠢ ᠶᠢᠨ ᠴᠣᠭᠴᠠ ᠪᠣᠯᠵᠠᠢ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠤᠭᠤᠴᠠᠭᠠᠨ ᠳᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ᠂ ᠠᠯᠤᠰ ᠲᠡᠯᠡᠶ ᠶᠢᠨ ᠪᠠᠷᠠᠭᠠᠨ ᠤ ᠬᠥᠯᠭᠡ ᠣᠩᠭᠤᠴᠠ ᠡᠳᠦᠷ ᠰᠥᠨᠢ ᠵᠤᠭᠰᠤᠯ ᠥᠬᠡᠶ ᠠᠶᠠᠯᠠᠵᠤ᠂ ᠪᠦᠬᠦ ᠲᠡᠯᠡᠭᠡᠢ ᠶᠢᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠳᠤᠮᠳᠠᠳᠤ ᠤᠯᠤᠰ ᠤᠨ ᠡᠭᠦᠷᠭᠡᠯᠡᠯ ᠢ ᠢᠯᠡᠷᠡᠬᠦᠯᠦᠭᠰᠡᠨ ᠪᠠᠶᠢᠨ᠎ᠠ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠳᠤᠮᠳᠠᠳᠤ ᠤᠯᠤᠰ ᠵᠢᠩᠬᠢᠨᠢ ᠤᠯᠠᠨ ᠲᠠᠯᠠᠲᠤ ᠦᠵᠡᠯ ᠤᠨ ᠲᠤᠭ ᠢ ᠦᠷᠭᠦᠯᠵᠢᠯᠡᠨ ᠥᠨᠳᠥᠷ ᠮᠠᠨᠳᠤᠭᠤᠯᠵᠤ᠂ ᠳᠡᠯᠡᠬᠡᠢ ᠳ᠋ᠠᠬᠢᠨ ᠲᠠᠢ ᠶᠠᠪᠤᠯᠴᠠᠵᠤ᠂ ᠴᠠᠭ ᠦᠶ᠎ᠡ ᠲᠠᠢ ᠨᠡᠪᠲᠡᠷᠡᠯᠴᠡᠬᠦ ᠶᠢ ᠪᠠᠷᠢᠮᠲᠠᠯᠠᠵᠤ᠂ ᠲᠤᠰ ᠪᠡᠶ᠎ᠡ ᠶᠢᠨ ᠬᠥᠭᠵᠢᠯᠲᠡ ᠪᠠᠨ ᠪᠡᠶᠡᠯᠡᠭᠦᠯᠬᠦ ᠶᠢᠨ ᠵᠡᠷᠭᠡ ᠪᠠᠷ ᠪᠦᠬᠦ ᠳᠡᠯᠡᠬᠡᠢ ᠶᠢᠨ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ᠃ ᠳᠤᠮᠳᠠᠳᠤ ᠤᠯᠤᠰ ᠤᠨ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠦ ᠮᠠᠶ᠋ᠢᠭ ᠤᠨ ᠠᠵᠤ ᠠᠬᠤᠢ ᠶᠢᠨ ᠰᠢᠨ᠎ᠡ ᠪᠠᠶᠢᠭᠤᠯᠤᠮᠵᠢ ᠶᠢ ᠪᠠᠶᠢᠭᠤᠯᠬᠤ ᠴᠢᠭᠯᠡᠯ ᠬᠤᠪᠢᠷᠠᠬᠤ ᠦᠭᠡᠢ᠂ ᠠᠷᠠᠯᠵᠢᠶ᠎ᠠ ᠪᠣᠯᠤᠨ ᠪᠡᠯᠡ ᠣᠷᠣᠭᠤᠯᠤᠯᠲᠠ ᠶᠢ ᠴᠢᠯᠥᠭᠡᠳᠡᠢ ᠪᠤᠯᠭᠠᠬᠤ ᠳᠥᠭᠦᠮ ᠲᠦᠳᠡ ᠪᠤᠯᠭᠠᠬᠤ ᠶᠢ ᠠᠬᠢᠭᠤᠯᠬᠤ ᠵᠣᠷᠢᠭ ᠬᠤᠪᠢᠷᠠᠬᠤ ᠦᠭᠡᠢ᠃ ᠳᠤᠮᠳᠠᠳᠤ ᠤᠯᠤᠰ ᠨᠡᠬᠡᠬᠡᠯᠳᠡ ᠬᠢᠬᠦ ᠡᠭᠦᠳᠡ ᠪᠠᠨ ᠶᠠᠪᠤᠬᠤ ᠳᠤᠳᠤᠮ ᠶᠡᠭᠡ ᠨᠡᠭᠡᠭᠡᠵᠦ᠂ ᠡᠭᠦᠷᠢᠳᠡ ᠬᠠᠭᠠᠬᠤ ᠦᠭᠡᠢ ᠶᠤᠮ᠃ ᠳᠤᠮᠳᠠᠳᠤ ᠤᠯᠤᠰ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠶᠢ ᠦᠷᠭᠦᠯᠵᠢᠯᠡᠨ ᠠᠬᠢᠭᠤᠯᠵᠤ᠂ ᠡᠯ᠎ᠡ ᠤᠯᠤᠰ ᠯᠤᠭ᠎ᠠ ᠶᠢᠨ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠶᠢ ᠴᠢᠩᠭᠠᠳᠬᠠᠵᠤ᠂ ᠪᠣᠬᠢᠷᠲᠤᠯ ᠦᠭᠡᠢ ᠲᠣᠷᠭᠠᠨ ᠵᠠᠮ ᠪᠠ ᠲᠣᠭᠠᠴᠢᠯᠠᠭᠰᠠᠨ ᠲᠣᠷᠭᠠᠨ ᠵᠠᠮ ᠢ ᠲᠦᠷᠭᠡᠳᠬᠡᠨ ᠪᠠᠶᠢᠭᠤᠯᠤᠨ᠎ᠠ ᠭᠡᠵᠦ ᠴᠢᠬᠤᠯᠠᠴᠢᠯᠠᠪᠠ᠃      ᠰᠢ ᠶᠢᠨ ᠫᠢᠩ᠂ ᠳᠤᠮᠳᠠᠳᠤ ᠶᠢᠨ ᠲᠠᠯ᠎ᠠ ᠶᠢᠨ ᠬᠢᠨ ᠳᠤᠮᠳᠠᠳᠤ ᠤᠯᠤᠰ ᠤᠯᠠᠨ ᠤᠯᠤᠰ ᠤᠨ ᠦᠷᠭᠦᠯᠵᠢᠯᠡᠬᠦ ᠵᠠᠮ ᠬᠠᠷᠢᠯᠴᠠᠭᠠᠨ ᠤ ᠰᠢᠨ᠎ᠡ ᠶᠢ ᠡᠭᠦᠳᠬᠦ ᠪᠠ ᠮᠡᠳᠡᠯᠭᠡ ᠶᠢᠨ ᠲᠥᠪ ᠢ ᠪᠠᠶᠢᠭᠤᠯᠵᠤ᠂ ᠪᠦᠬᠦ ᠲᠡᠯᠡᠬᠡᠢ ᠶᠢᠨ ᠵᠠᠮ ᠬᠠᠷᠢᠯᠴᠠᠭᠠᠨ ᠤ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠨᠡᠶᠢᠲᠡᠯᠡᠪᠡ᠃      ᠰᠢ ᠶᠢᠨ ᠫᠢᠩ ᠬᠠᠮᠤᠭ ᠤᠨ ᠰᠡᠭᠦᠯ ᠳᠤ᠂ ᠪᠢᠳᠡ ᠭᠠᠷ ᠬᠤᠯᠪᠣᠯᠴᠠᠨ ᠬᠤᠯᠪᠣᠯᠳᠤᠨ ᠨᠡᠪᠲᠡᠷᠡᠯᠴᠡᠬᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢᠷᠲᠢᠨᠴᠦ ᠶᠢᠨ ᠵᠥᠪ ᠵᠠᠮ ᠢᠶᠠᠷ ᠵᠠᠮᠨᠠᠵᠤ᠂ ᠥᠨᠢ ᠤᠳᠠᠭᠠᠨ ᠡᠩᠬᠡ ᠲᠠᠶᠢᠪᠤᠩ᠂ ᠨᠡᠶᠢᠳᠡᠮ ᠠᠮᠤᠷ ᠲᠦᠪᠰᠢᠨ᠂ ᠬᠠᠮᠲᠤ ᠪᠠᠷ ᠴᠡᠴᠡᠭᠯᠡᠨ ᠬᠥᠭᠵᠢᠭᠰᠡᠨ᠂ ᠨᠡᠭᠡᠭᠡᠯᠲᠡᠲᠡᠢ ᠪᠠᠭᠲᠠᠭᠠᠮᠵᠢᠲᠠᠢ᠂ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ ᠬᠠᠮᠲᠤ ᠪᠠᠷ ᠪᠠᠶᠢᠭᠤᠯᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠤᠶ᠎ᠠ ᠭᠡᠵᠦ ᠴᠢᠬᠤᠯᠠᠴᠢᠯᠠᠪᠠ᠃      ᠳ᠋ᠢᠩ ᠰᠢᠤᠸᠠᠢ ᠰᠢᠶᠠᠩ᠂ ᠯᠢᠦ ᠾᠧ᠂ ᠼᠠᠢ ᠴᠢ᠂ ᠸᠠᠩ ᠢ᠂ ᠾᠧ ᠯᠢ ᠹᠧᠩ ᠨᠡᠷ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠬᠤᠶᠠᠳᠤᠭᠠᠷ ᠬᠤᠭᠤᠴᠠᠭᠠᠨ ᠤ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠪᠥᠬᠦ ᠲᠡᠯᠡᠬᠡᠢ ᠶᠢᠨ ᠦᠷᠭᠦᠯᠵᠢᠯᠡᠬᠦ ᠵᠠᠮ ᠬᠠᠷᠢᠯᠴᠠᠭᠠᠨ ᠤ ᠶᠡᠭᠡ ᠬᠤᠷᠠᠯ 10 ᠰᠠᠷ᠎ᠠ ᠶᠢᠨ 14 ᠤ ᠡᠳᠦᠷ ᠠᠴᠠ 16 ᠤ ᠡᠳᠦᠷ ᠪᠣᠯᠲᠠᠯ᠎ᠠ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠳᠤ ᠶᠠᠪᠤᠬᠳᠠᠭᠤᠯᠬᠤ ᠶᠢ ᠤᠶᠠᠯᠳᠤᠭᠤᠯᠬᠤ ᠬᠡᠯᠪᠡᠷᠢ ᠪᠠᠷ ᠪᠡᠭᠡᠵᠢᠩ ᠳᠤ ᠬᠤᠷᠠᠯᠳᠤᠪᠠ᠃ ᠤᠷᠤᠰ ᠤᠨ ᠶᠡᠷᠦᠩᠬᠡᠶᠢᠯᠡᠭᠴᠢ ᠫᠦᠲ᠋ᠢᠨ᠂ ᠲᠦᠷᠺᠮᠧᠨ᠋ᠰᠲ᠋ᠠᠨ ᠤ ᠶᠡᠷᠦᠩᠬᠡᠶᠢᠯᠡᠭᠴᠢ ᠪᠢᠶᠧᠷᠳᠧᠮᠦ᠋ᠬᠠᠮᠸᠢᠢᠳᠤᠹ᠂ ᠡᠸ᠋ᠽᠢᠤᠫᠢᠶ᠎ᠠ ᠶᠢᠨ ᠶᠡᠷᠦᠩᠬᠡᠶᠢᠯᠡᠭᠴᠢ ᠰᠠᡁᠧᠯᠧ — ᠸᠧᠺᠧ᠂ ᠫᠠᠨᠠᠮᠠ ᠶᠢᠨ ᠶᠡᠷᠦᠩᠬᠡᠶᠢᠯᠡᠭᠴᠢ ᠺᠧᠷᠳᠢᠰᠣ᠋᠂ ᠬᠤᠯᠠᠨᠳ᠋ ᠤᠨ ᠲᠡᠷᠢᠭᠦᠨ ᠰᠠᠶᠢᠳ ᠷᠦᠲ᠋ᠧ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠬᠦᠲ᠋ᠧᠯᠸᠢᠢᠰ ᠨᠠᠷ ᠤᠷᠢᠯᠭ᠎ᠠ ᠪᠠᠷ ᠸᠢᠳᠢᠣ᠋ ᠬᠡᠯᠪᠡᠷᠢ ᠪᠠᠷ ᠤᠷᠤᠯᠴᠠᠵᠤ ᠪᠠᠶᠠᠷ ᠤᠨ ᠦᠭᠡ ᠬᠡᠯᠡᠪᠡ᠃ 171 ᠤᠯᠤᠰ ᠤᠨ ᠲᠥᠯᠥᠭᠡᠯᠡᠭᠴᠢ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号