ᠦᠴᠤᠸᠠᠨ ᠰᠢᠶᠠᠨ ᠤ ᠭᠡᠷ ᠪᠠᠶᠢᠰᠢᠩ ᠭᠠᠵᠠᠷ ᠬᠦ᠋ᠷᠦᠩᠭᠡ ᠶᠢᠨ ᠦᠯᠡᠳᠡᠭᠳᠡᠯ ᠵᠦᠢᠯ ᠢ ᠬᠠᠮᠵᠢᠯᠴᠠᠨ ᠰᠢᠢᠳᠪᠦᠷᠢᠯᠡᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2021/10/21
                ᠦᠴᠦᠸᠠᠨ ᠵᠠᠰᠠᠭ ᠵᠠᠷ ᠦᠰᠦᠭ ﹇2021﹈ 20 ᠳ᠋ᠤᠭᠠᠷ ᠲᠣᠭᠠᠲᠤ ᠬᠠᠮᠢᠶ᠎ᠠ ᠪᠥᠬᠦᠶ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ᠄      ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠭᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠭᠳᠡᠯ ᠲᠥᠷᠥᠯ ᠵᠦᠢᠯ ᠤᠨ ᠥᠯᠥ ᠬᠥᠳᠡᠯᠬᠦ ᠬᠥᠷᠥᠩᠭᠡ ᠶᠢ ᠡᠷᠦᠬᠡ ᠬᠤᠪᠢᠶᠠᠨ ᠳᠠᠩᠰᠠᠯᠠᠬᠤ ᠠᠵᠢᠯ ᠢ ᠲᠦᠷᠭᠡᠳᠬᠡᠬᠦ ᠲᠤᠬᠠᠶ ᠨᠥᠬᠦᠪᠥᠷᠢ ᠮᠡᠳᠡᠭᠳᠡᠯ︾ ︵2021︶ 2 —133︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠦᠴᠤᠸᠠᠨ ᠰᠢᠶᠠᠨ ᠤ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠨᠡᠭᠡᠭᠡᠯᠲᠡ ᠶᠢᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠵᠦ᠂ ︽ᠦᠨᠡᠮᠯᠡᠯ ᠠᠪᠬᠤ ᠳᠤ ᠬᠦᠴᠢᠷ︾ ᠠᠰᠠᠭᠤᠳᠠᠯ  ᠢ ᠰᠢᠢᠳᠪᠦᠷᠢᠯᠡᠵᠦ ᠂ ᠥᠷᠭᠡᠨ ᠣᠯᠠᠨ ᠥᠮᠴᠢᠲᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠣᠯᠠᠨ ᠲᠦᠮᠡᠨ ᠳᠤ ᠨᠢᠭᠡᠨᠲᠡ ᠬᠤᠳᠠᠯᠳᠤᠨ ᠠᠪᠤᠭᠰᠠᠨ ᠬᠡᠷ ᠬᠥᠷᠥᠩᠭᠡ ᠶᠢᠨ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ ᠡᠷᠲᠡᠬᠡᠨ ᠣᠯᠭᠤᠵᠤ᠂ ᠦᠴᠤᠸᠠᠨ ᠰᠢᠶᠠᠨ ᠤ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠶᠢᠨ ᠲᠤᠰᠠᠲᠠ᠂ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠨᠢᠭᠡᠨᠲᠡ ︽ᠮᠠᠨ ᠤ ᠰᠢᠶᠠᠨ ᠤ ᠬᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠭᠳᠡᠯ ᠵᠦᠢᠯᠡᠰ ᠢ ᠬᠠᠮᠵᠢᠯᠴᠠᠨ ᠰᠢᠢᠳᠪᠦᠷᠢᠯᠡᠬᠦ ᠲᠤᠬᠠᠶ ᠵᠠᠬᠢᠳᠠᠯ︾ ᠢ ᠡᠯ᠎ᠡ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠳᠤ ᠰᠢᠤᠳᠠᠨ ᠢᠶᠠᠷ ᠢᠯᠡᠭᠡᠬᠦ ᠠᠷᠭ᠎ᠠ ᠮᠠᠶ᠋ᠢᠭ ᠢᠶᠠᠷ ᠬᠦᠷᠭᠡᠵᠦ᠂ ᠡᠯ᠎ᠡ ᠠᠵᠤ ᠠᠬᠤᠶᠢᠯᠠᠯ ᠤᠳ ᠮᠠᠨ ᠤ ᠰᠢᠶᠠᠨ ᠤ ᠬᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠭᠳᠡᠯ  ᠵᠦᠢᠯᠡᠰ ᠤᠨ ᠰᠢᠢᠳᠪᠦᠷᠢᠯᠡᠯᠲᠡ ᠶᠢ ᠢᠳᠡᠪᠬᠢᠲᠡᠶ ᠠᠬᠢᠭᠤᠯᠬᠤ ᠶᠢ ᠬᠦᠰᠡᠵᠦ ᠪᠠᠶᠢᠨ᠎ᠠ᠃ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ ᠬᠠᠮᠵᠢᠯᠴᠠᠨ ᠭᠦᠢᠴᠡᠳᠬᠡᠬᠦ ᠪᠣᠯ ᠨᠡᠭᠡᠭᠡᠯᠲᠡ ᠶᠢᠨ ᠠᠵᠤ ᠠᠬᠤᠶᠢᠯᠠᠯ ᠤᠨ ᠭᠦᠢᠴᠡᠳᠬᠡᠪᠡᠰᠦ ᠵᠣᠬᠢᠬᠤ ᠡᠭᠦᠷᠭᠡ ᠮᠥᠨ᠂ ᠵᠠᠬᠢᠳᠠᠯ ᠳᠤ ᠲᠣᠳᠣᠷᠬᠠᠶ ᠲᠣᠭᠲᠠᠭᠠᠭᠰᠠᠨ 5 ᠠᠵᠢᠯᠯᠠᠬᠤ ᠡᠳᠦᠷ ᠤᠨ ᠳᠣᠲᠣᠷ᠎ᠠ ᠬᠠᠷᠢᠭᠤ ᠵᠠᠬᠢᠳᠠᠯ ᠥᠭᠬᠦ ᠥᠬᠡᠶ ᠠᠵᠤ ᠠᠬᠤᠶᠢᠯᠠᠯ ᠢ ᠠᠵᠢᠯ ᠢᠶᠠᠨ ᠥᠷᠨᠢᠭᠦᠯᠬᠦ ᠳᠤ ᠬᠠᠮᠵᠢᠯᠴᠠᠬᠤ ᠥᠬᠡᠶ ᠪᠠᠷ ᠦᠵᠡᠵᠦ᠂ ᠮᠠᠨ ᠤ ᠰᠢᠶᠠᠨ ᠤ ᠬᠢᠨ ᠬᠦᠬᠡ ᠡᠷᠭᠢ ᠪᠠᠯᠭᠠᠰᠤᠨ ᠤ ᠡᠯ᠎ᠡ ᠨᠡᠶᠢᠭᠡᠮ ᠲᠣᠭᠤᠷᠢᠭ ᠲᠤ ᠨᠠᠶᠢᠳᠠᠵᠤ ᠭᠤᠶᠤᠴᠢᠯᠠᠬᠤ ᠪᠡᠶᠡᠴᠢ ᠴᠣᠭᠴᠠ ᠶᠢᠨ ᠬᠤᠪᠢ ᠪᠠᠷ ᠡᠷᠦᠬᠡ ᠬᠤᠪᠢᠶᠠᠨ ᠳᠡᠩᠰᠡᠯᠡᠯᠲᠡ ᠬᠢᠯᠭᠡᠨ᠎ᠡ᠂ ᠡᠭᠦᠨ ᠠᠴᠠ ᠪᠣᠯᠤᠭᠰᠠᠨ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠨᠡᠭᠡᠭᠡᠯᠲᠡ ᠶᠢᠨ ᠠᠵᠤ ᠠᠬᠤᠶᠢᠯᠠᠯ ᠥᠪᠡᠰᠦᠪᠡᠨ ᠡᠭᠦᠷᠭᠡᠯᠡᠨ᠎ᠡ᠃      ᠦᠴᠤᠸᠠᠨ ᠰᠢᠶᠠᠨ ᠤ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠦᠯᠡᠳᠡᠭᠳᠡᠯ ᠲᠥᠷᠥᠯ ᠵᠦᠢᠯ ᠤᠨ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠨᠡᠷᠡᠰ᠄      ᠬᠥᠬᠡᠬᠤᠲᠠ ᠶᠢᠨ ᠮᠧᠩ ᠯᠢ ᠸᠧᠶ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ      ᠥᠪᠥᠷ ᠮᠣᠩᠭᠤᠯ ᠤᠨ ᠸᠠᠨ ᠵᠢᠶ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ      ᠥᠪᠥᠷ ᠮᠣᠩᠭᠤᠯ ᠤᠨ ᠬᠤᠩ ᠴᠧᠨ ᠸᠧᠶ ᠶᠧ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ      ᠥᠪᠥᠷ ᠮᠣᠩᠭᠤᠯ ᠤᠨ ᠾᠧᠩ ᠸᠧᠶ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ      ᠪᠤᠭᠤᠲᠤ ᠬᠤᠲᠠ ᠶᠢᠨ ᠰᠧᠨ ᠮᠤᠤ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ      ᠣᠷᠳᠣᠰ ᠬᠤᠲᠠ ᠶᠢᠨ ᠶᠢᠨ ᠳ᠋ᠦ᠋ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ      ᠬᠥᠬᠡᠬᠤᠲᠠ ᠶᠢᠨ ᠴᠠᠩ ᠱᠧᠩ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ      ᠥᠪᠥᠷ ᠮᠣᠩᠭᠤᠯ ᠤᠨ ᠬᠤᠩ ᠳ᠋ᠧ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ      ᠥᠪᠥᠷ ᠮᠣᠩᠭᠤᠯ ᠤᠨ ᠷᠦᠢ ᠬᠤᠸᠠᠨ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ      ᠥᠪᠥᠷ ᠮᠣᠩᠭᠤᠯ ᠤᠨ ᠴᠢᠩ ᠹᠧᠩ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ      ᠬᠥᠬᠡᠬᠤᠲᠠ ᠶᠢᠨ ᠷᠦᠩ ᠰᠢᠨ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ      ᠥᠪᠥᠷ ᠮᠣᠩᠭᠤᠯ ᠤᠨ ᠷᠦᠩ ᠪᠢᠨ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ                                   ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ                                    2021 ᠣᠨ ᠤ 10 ᠰᠠᠷ᠎ᠠ ᠶᠢᠨ 18   ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号