ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠤᠨ ᠳᠠᠬᠢᠨ ᠬᠠᠭᠠᠯᠪᠤᠷᠢᠯᠠᠬᠤ ᠵᠦᠢᠯᠡᠰ ᠤᠨ ᠲᠣᠭᠤᠷᠢᠭ ᠤᠨ ᠬᠠᠤᠯᠢ ᠶᠢ ᠵᠥᠷᠢᠴᠡᠭᠰᠡᠨ ᠪᠠᠷᠢᠯᠭ᠎ᠠ ᠶᠢᠨ ᠲᠥᠬᠦᠭᠡᠷᠦᠮᠵᠢ ᠵᠡᠷᠭᠡ ᠶᠢ ᠬᠤᠭᠤᠴᠠᠭ᠎ᠠ ᠲᠣᠭᠲᠠᠭᠠᠨ ᠨᠤᠷᠠᠭᠠᠯᠭᠠᠬᠤ ᠲᠤᠬᠠᠶ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷ
ᠨᠡᠶᠢᠲᠡᠯᠡᠭᠰᠡᠨ ᠴᠠᠭ᠄
2021/10/21
                 ᠦᠴᠦᠸᠠᠨ ᠵᠠᠰᠠᠭ ᠵᠠᠷ ᠦᠰᠦᠭ ﹇2021﹈ 13 ᠳ᠋ᠤᠭᠠᠷ ᠲᠣᠭᠠᠲᠤ      ᠲᠦᠷᠦ ᠶᠢᠨ ᠶᠠᠪᠤᠳᠠᠯ ᠤᠨ ᠬᠤᠷᠢᠶ᠎ᠠ ᠪᠣᠯᠤᠨ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠦᠷᠦ ᠶᠢᠨ ᠪᠤᠳᠤᠯᠭ᠎ᠠ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠬᠢᠭᠤᠯᠬᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠦᠴᠤᠸᠠᠨ ᠰᠢᠶᠠᠨ ᠤ ᠬᠢᠨ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠴᠣᠬᠤᠯᠠᠪᠤᠷᠢ ᠶᠢᠨ ᠵᠥᠪᠰᠢᠶᠡᠷᠡᠯ ᠢ ᠦᠨᠳᠦᠰᠦᠯᠡᠨ᠂ ᠦᠴᠤᠸᠠᠨ ᠰᠢᠶᠠᠨ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠤᠨ ᠳᠠᠬᠢᠨ ᠬᠠᠭᠠᠯᠪᠤᠷᠢᠯᠠᠬᠤ ᠲᠥᠷᠥᠯ ᠵᠦᠢᠯ ᠤᠨ ᠣᠷᠣᠨ ᠤ ᠳᠣᠲᠣᠷ᠎ᠠ᠂ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠢᠨᠵᠧᠨᠧᠷᠢᠩ ᠢ ᠬᠡᠷᠡᠭᠵᠢᠭᠦᠯᠦᠨ᠎ᠡ᠃ ᠭᠡᠪᠡᠴᠦ ᠠᠮᠢ ᠠᠬᠤᠶ ᠶᠢᠨ ᠨᠡᠭᠦᠳᠡᠯ ᠠᠷᠠᠳ ᠤᠨ ᠨᠥᠬᠦᠪᠥᠷᠢ ᠶᠢᠨ ᠵᠣᠭᠤᠰ ᠢ ᠨᠢᠭᠡᠨᠲᠡ ᠠᠪᠤᠭᠰᠠᠨ ᠬᠡᠰᠡᠭ ᠲᠣᠰᠬᠤᠨ ᠤ ᠠᠷᠠᠳ ᠲᠥᠷᠥᠯ ᠵᠦᠢᠯ ᠤᠨ ᠣᠷᠣᠨ ᠤ ᠳᠣᠲᠣᠷ᠎ᠠ ᠬᠠᠤᠯᠢ ᠠᠴᠠ ᠵᠥᠷᠢᠴᠡᠨ ᠭᠡᠷ ᠪᠠᠶᠢᠰᠢᠩ᠂ ᠲᠡᠵᠢᠭᠡᠨ ᠦᠷᠡᠵᠢᠭᠦᠯᠬᠦ ᠲᠠᠯᠠᠪᠠᠢ ᠵᠡᠷᠭᠡ ᠶᠢ ᠪᠠᠶᠢᠭᠤᠯᠵᠤ᠂ ᠲᠥᠷᠥᠯ ᠵᠦᠢᠯ ᠢ ᠲᠠᠬᠢᠨ ᠬᠠᠭᠠᠯᠪᠤᠷᠢᠯᠠᠬᠤ ᠠᠵᠢᠯ ᠢ ᠬᠠᠷᠰᠢᠯᠠᠵᠤ᠂ ᠲᠥᠷᠥᠯ ᠵᠦᠢᠯ ᠢ ᠰᠢᠯᠭᠠᠨ ᠠᠪᠤᠭᠰᠠᠨ ᠦᠷ᠎ᠡ ᠳ᠋ᠦᠩ ᠢ ᠬᠦᠨᠳᠦ ᠨᠣᠴᠢᠲᠠᠶ ᠨᠥᠯᠥᠭᠡᠯᠡᠭᠰᠡᠨ ᠪᠠᠶᠢᠨ᠎ᠠ᠃ ᠬᠡᠪ ᠤᠨ ᠠᠵᠢᠯ ᠤᠨ ᠡᠮᠬᠢ ᠳᠢᠭᠯᠢᠮ ᠢ ᠬᠠᠮᠠᠭᠠᠯᠠᠵᠤ᠂ ᠲᠥᠷᠥᠯ ᠵᠦᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠪᠠᠲᠤᠯᠠᠬᠤ ᠶᠢᠨ ᠲᠤᠰᠠᠳᠠ᠂ ᠪᠥᠬᠦ ᠲᠠᠯ᠎ᠠ ᠪᠠᠷ ᠰᠢᠯᠭᠠᠨ ᠠᠪᠬᠤ ᠶᠢ ᠥᠩᠭᠡᠷᠡᠭᠡᠵᠦ᠂ ᠲᠥᠷᠥᠯ ᠵᠦᠢᠯ ᠤᠨ ᠣᠷᠣᠨ ᠤ ᠳᠣᠲᠣᠷᠠᠬᠢ ᠬᠠᠤᠯᠢ ᠠᠴᠠ ᠵᠥᠷᠢᠴᠡᠨ ᠪᠠᠶᠢᠭᠤᠯᠤᠭᠰᠠᠨ ᠬᠡᠷ ᠪᠠᠶᠢᠰᠢᠩ᠂ ᠲᠡᠵᠢᠭᠡᠨ ᠦᠷᠡᠵᠢᠭᠦᠯᠬᠦ ᠲᠠᠯᠠᠪᠠᠶ ᠵᠡᠷᠭᠡ ᠪᠠᠷᠢᠯᠭ᠎ᠠ᠂ ᠪᠠᠷᠢᠯᠭ᠎ᠠ ᠶᠢᠨ ᠵᠦᠢᠯ᠂ ᠪᠡᠯᠡᠳᠬᠡᠮᠵᠢ ᠶᠢ ᠬᠤᠭᠤᠴᠠᠭ᠎ᠠ ᠬᠢᠵᠠᠭᠠᠷᠯᠠᠨ ᠨᠤᠷᠠᠭᠠᠯᠭᠠᠨ᠎ᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠃      1. ᠲᠤᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ 7 ᠡᠳᠦᠷ ᠤᠨ ᠳᠣᠲᠣᠷ᠎ᠠ᠂ ᠠᠮᠢ ᠠᠬᠤᠶ ᠶᠢᠨ ᠠᠷᠠᠳ ᠢ ᠨᠡᠭᠦᠯᠭᠡᠬᠦ ᠨᠥᠬᠦᠪᠥᠷᠢ ᠶᠢᠨ ᠵᠣᠭᠤᠰ ᠢ ᠨᠢᠭᠡᠨᠲᠡ ᠠᠪᠤᠭᠰᠠᠨ ᠪᠥᠭᠡᠳ ᠲᠥᠷᠥᠯ ᠵᠦᠢᠯ ᠤᠨ ᠣᠷᠤᠨ ᠤ ᠳᠣᠲᠣᠷ᠎ᠠ ᠭᠡᠷ ᠪᠠᠶᠢᠰᠢᠩ᠂ ᠲᠡᠵᠢᠭᠡᠨ ᠦᠷᠡᠵᠢᠭᠦᠯᠬᠦ ᠲᠠᠯᠠᠪᠠᠢ ᠵᠡᠷᠭᠡ ᠪᠠᠷᠢᠯᠭ᠎ᠠ᠂ ᠪᠠᠷᠢᠯᠭ᠎ᠠ ᠶᠢᠨ ᠵᠦᠢᠯ᠂ ᠪᠡᠯᠡᠳᠬᠡᠮᠵᠢ ᠶᠢ ᠬᠠᠤᠯᠢ ᠠᠴᠠ ᠵᠥᠷᠢᠴᠡᠨ ᠪᠥᠳᠥᠭᠡᠨ ᠪᠠᠶᠢᠭᠤᠯᠤᠭᠰᠠᠨ ᠪᠣᠯ ᠪᠥᠬᠦᠨ ᠢ ᠥᠪᠡᠷᠲᠡᠭᠡᠨ ᠨᠤᠷᠠᠭᠠᠬᠤ ᠬᠡᠷᠡᠭᠲᠡᠶ᠃ ᠬᠤᠭᠤᠴᠠᠭ᠎ᠠ ᠬᠡᠲᠦᠷᠡᠲᠡᠯ᠎ᠡ ᠨᠤᠷᠠᠭᠠᠭᠰᠠᠨ ᠦᠭᠡᠢ ᠪᠠᠶᠢᠪᠠᠯ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠠᠯᠪᠠᠳᠠᠯᠭ᠎ᠠ ᠪᠠᠷ ᠨᠤᠷᠠᠭᠠᠯᠭᠠᠨ᠎ᠠ᠃      2. ᠬᠠᠮᠢᠶ᠎ᠠ ᠪᠥᠬᠦᠢ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠬᠠᠷᠢᠶ᠎ᠠ ᠭᠠᠵᠠᠷ  ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠲᠥᠷᠥᠯ ᠵᠦᠢᠯ ᠤᠨ ᠣᠷᠣᠨ ᠤ ᠳᠣᠲᠣᠷᠠᠬᠢ ᠬᠥᠮᠦᠰ᠂ ᠪᠡᠯᠡᠳᠬᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠠᠤᠯᠢ ᠠᠴᠠ ᠵᠥᠷᠢᠴᠡᠨ ᠪᠥᠳᠥᠭᠡᠨ ᠪᠠᠶᠢᠭᠤᠯᠬᠤ ᠡᠯ᠎ᠡ ᠲᠥᠷᠥᠯ ᠤᠨ ᠥᠢᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠪᠠᠷᠢᠯᠭ᠎ᠠ ᠶᠢᠨ ᠪᠡᠯᠡᠳᠬᠡᠮᠵᠢ ᠶᠢ ᠪᠥᠬᠦ ᠲᠠᠯ᠎ᠠ ᠪᠠᠷ ᠨᠤᠷᠠᠭᠠᠨ᠂ ᠪᠠᠷᠢᠯᠭ᠎ᠠ ᠪᠠᠷᠢᠬᠤ ᠨᠢᠭᠡᠴᠡ ᠯᠦᠭᠡ ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠭᠠᠵᠠᠷ ᠰᠢᠷᠣᠶ ᠶᠢ ᠲᠠᠬᠢᠨ ᠬᠠᠭᠠᠯᠪᠤᠷᠢᠯᠠᠵᠤ᠂ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃      3. ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠠᠮᠢᠶ᠎ᠠ ᠪᠥᠬᠦᠶ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠠᠵᠢᠯ ᠤᠨ ᠠᠬᠢᠴᠠ ᠪᠠᠨ ᠲᠦᠷᠭᠡᠳᠬᠡᠵᠦ᠂ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ᠂ ᠠᠵᠢᠯ ᠤᠨ ᠡᠭᠦᠷᠭᠡ ᠪᠠᠨ ᠴᠢᠨᠠᠷᠯᠢᠭ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃      ᠣᠨᠴᠠᠭᠠᠶᠢᠯᠠᠨ ᠵᠠᠷᠯᠠᠪᠠ                                         ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ                                            2021 ᠣᠨ ᠤ 8 ᠰᠠᠷ᠎ᠠ ᠶᠢᠨ 17 ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号