ᠨᠢᠭᠡ᠂ ᠣᠷᠣᠨ ᠲᠤᠭ᠎ᠠ ᠶᠢᠨ ᠠᠬᠤᠶ ᠪᠠᠶᠢᠳᠠᠯ ᠬᠢᠭᠡᠳ ᠴᠢᠬᠤᠯᠠ ᠶᠡᠭᠡ ᠠᠴᠢ ᠬᠤᠯᠪᠣᠭᠳᠠᠯ | ᠶᠡᠷᠦᠩᠬᠡᠶ ᠬᠡᠯᠲᠡᠰ ᠤᠨ ᠠᠵᠤ ᠠᠬᠤᠶ ᠪᠣᠯ ᠬᠤᠳᠠᠯᠳᠤᠭᠠᠨ ᠤ ᠶᠠᠪᠤᠳᠠᠯ ᠤᠨ ᠬᠦᠷᠢᠶᠡᠯᠡᠩ ᠲᠣᠭᠤᠷᠢᠭ᠂ | ᠬᠤᠳᠠᠯᠳᠤᠭᠠᠨ ᠤ ᠶᠠᠪᠤᠳᠠᠯ ᠤᠨ ᠲᠥᠪ ᠲᠣᠭᠤᠷᠢᠭ ︵CBD︶ ᠤᠨ ᠪᠤᠶ ᠪᠣᠯᠬᠤ ᠶᠢ ᠳᠠᠭᠠᠯᠳᠤᠨ ᠭᠠᠷᠴᠤ | ᠢᠷᠡᠭᠰᠡᠨ ᠨᠢᠭᠡ ᠵᠦᠢᠯ ᠤᠨ ᠠᠵᠤ ᠠᠬᠤᠶ ᠶᠢᠨ ᠬᠡᠪ ᠵᠠᠭᠪᠤᠷ ᠪᠣᠯᠤᠨ᠎ᠠ᠂ ᠲᠡᠭᠦᠨ ᠤ ᠪᠤᠶ ᠪᠣᠯᠤᠭᠰᠠᠨ ᠨᠢ ᠮᠠᠰᠢ | ᠣᠯᠠᠨ ᠡᠬᠢ ᠪᠠᠶᠠᠯᠢᠭ ᠢ ᠬᠤᠷᠠᠮᠳᠤᠭᠤᠯᠤᠨ᠂ ᠣᠨᠴᠠᠭᠠᠶ ᠡᠭᠦᠷᠭᠡ ᠴᠢᠳᠠᠪᠤᠷᠢ ᠲᠠᠢ ᠠᠵᠤ ᠠᠬᠤᠶ ᠶᠢᠨ ᠣᠷᠣᠨ | ᠪᠦᠰᠡ ᠶᠢ ᠪᠦᠷᠢᠯᠳᠦᠭᠦᠯᠵᠦ ᠪᠣᠯᠬᠤ ᠮᠥᠷᠲᠡᠭᠡᠨ ᠪᠠᠰᠠ ᠭᠠᠶᠢᠯᠢ ᠲᠠᠲᠠᠪᠤᠷᠢ ᠶᠢᠨ ᠬᠠᠩᠭᠠᠯᠭ᠎ᠠ᠂ ᠠᠵᠤ ᠦᠢᠯᠡᠰ ᠤᠨ | ᠪᠦᠭᠡᠮᠨᠡᠷᠡᠯ᠂ ᠠᠵᠢᠯ ᠣᠯᠭᠤᠯᠲᠠ ᠶᠢᠨ ᠦᠷᠡᠵᠢᠪᠦᠷᠢ ᠲᠤᠭ᠎ᠠ᠂ ᠬᠥᠷᠥᠩᠭᠡ ᠶᠢᠨ ᠨᠡᠮᠡᠭᠳᠡᠯ ᠵᠡᠷᠭᠡ ᠮᠠᠰᠢ ᠣᠯᠠᠨ ᠠᠵᠤ | ᠠᠬᠤᠶ ᠶᠢᠨ ᠦᠷ᠎ᠡ ᠠᠰᠢᠭ ᠢ ᠠᠪᠴᠢᠷᠠᠵᠤ ᠪᠣᠯᠤᠨ᠎ᠠ᠃ ᠮᠠᠨ ᠤ ᠬᠤᠲᠠ ᠶᠢᠨ ᠶᠡᠷᠦᠩᠬᠡᠶ ᠬᠡᠯᠲᠡᠰ ᠤᠨ ᠠᠵᠤ | ᠠᠬᠤᠶ ᠶᠢᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠠᠵᠤ ᠦᠢᠯᠡᠰ ᠤᠨ ᠪᠦᠲᠦᠴᠡ ᠶᠢ | ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠶᠡᠬᠡᠪᠡᠷ ᠲᠦᠯᠬᠢᠨ ᠠᠬᠢᠭᠤᠯᠵᠤ᠂ ᠰᠢᠨ᠎ᠡ ᠬᠠᠭᠤᠴᠢᠨ ᠬᠥᠳᠡᠯᠭᠡᠭᠴᠢ | ᠡᠨᠧᠷᠭᠢ ᠶᠢᠨ ᠰᠣᠯᠢᠭᠳᠠᠯ ᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠶᠡᠷᠦᠩᠬᠡᠶ ᠬᠡᠯᠲᠡᠰ ᠤᠨ ᠠᠵᠤ | ᠠᠬᠤᠶ ᠶᠢᠨ ᠬᠡᠪᠴᠢᠶᠡᠲᠦ ᠦᠢᠯᠡᠳᠦᠯ ᠢ ᠲᠦᠷᠭᠡᠪᠴᠢᠯᠡᠨ ᠪᠣᠢ ᠪᠣᠯᠭᠠᠵᠤ᠂ ᠲᠥᠪ ᠬᠤᠲᠠ ᠶᠢᠨ ᠨᠥᠯᠥᠭᠡᠯᠡᠨ | ᠳᠠᠶᠢᠴᠢᠯᠠᠬᠤ ᠴᠢᠳᠠᠮᠵᠢ ᠶᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠶᠡᠷᠦᠩᠬᠡᠶ ᠬᠡᠯᠲᠡᠰ ᠤᠨ ᠠᠵᠤ ᠠᠬᠤᠶ ᠶᠢᠨ | ᠬᠥᠭᠵᠢᠯᠲᠡ ᠶᠢ ᠲᠡᠳᠬᠦᠬᠦ ᠱᠠᠩᠨᠠᠬᠤ ᠲᠥᠷᠥ ᠶᠢᠨ ᠪᠣᠳᠣᠯᠭ᠎ᠠ ᠶᠢ ᠲᠣᠭᠲᠠᠭᠠᠬᠤ ᠴᠢᠬᠤᠯᠠᠲᠠᠶ ᠪᠠᠶᠢᠨ᠎ᠠ᠃ | ᠬᠤᠶᠠᠷ᠂ ᠭᠤᠣᠯ ᠠᠭᠤᠯᠭ᠎ᠠ | ᠲᠣᠰ ᠠᠷᠭ᠎ᠠ ᠨᠢ ᠨᠡᠶᠢᠲᠡ 5 ᠬᠡᠰᠡᠭ ᠢᠶᠠᠷ ᠪᠦᠷᠢᠯᠳᠦᠵᠡᠶ᠃ | ᠨᠢᠭᠡᠳᠦᠭᠡᠷ ᠬᠡᠰᠡᠭ ᠶᠡᠷᠦᠩᠬᠡᠶ ᠬᠡᠯᠲᠡᠰ ᠤᠨ ᠠᠵᠤ ᠠᠬᠤᠶᠢᠯᠠᠯ ᠢ ᠲᠦᠷᠦᠯ ᠠᠩᠭᠢᠯᠠᠯ᠃ ᠲᠣᠰ ᠠᠷᠭ᠎ᠠ ᠳᠤ | ᠬᠡᠯᠡᠵᠦ ᠪᠠᠶᠢᠭ᠎ᠠ ᠶᠡᠷᠦᠩᠬᠡᠶ ᠬᠡᠯᠲᠡᠰ ᠤᠨ ᠠᠵᠤ ᠠᠬᠤᠶᠢᠯᠠᠯ ᠭᠡᠳᠡᠭ ᠨᠢ ᠲᠣᠰ ᠬᠤᠲᠠ ᠳᠤ ᠳᠠᠩᠰᠠᠯᠠᠭᠤᠯᠬᠤ ᠶᠢᠨ | ᠬᠠᠮᠲᠤ ᠬᠠᠤᠯᠢ ᠶᠣᠰᠣᠭᠠᠷ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠵᠦ᠂ ᠲᠡᠭᠦᠨ ᠤ ᠬᠤᠪᠢ ᠡᠵᠡᠮᠳᠡᠭᠰᠡᠨ ᠠᠵᠤ | ᠠᠬᠤᠶᠢᠯᠠᠯ ᠪᠤᠶᠤ ᠰᠠᠯᠪᠤᠷᠢ ᠪᠠᠶᠢᠭᠤᠯᠤᠮᠵᠢ ᠳᠤ ᠬᠠᠮᠢᠶᠠᠷᠤᠯᠲᠠ ᠪᠠ ᠦᠢᠯᠡᠴᠢᠯᠡᠭᠡᠨ ᠤ ᠡᠭᠦᠷᠭᠡ ᠴᠢᠳᠠᠪᠤᠷᠢ ᠶᠢ | ᠬᠡᠷᠡᠭᠵᠢᠭᠦᠯᠵᠦ ᠪᠠᠶᠢᠭ᠎ᠠ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠪᠠᠶᠢᠭᠤᠯᠤᠮᠵᠢ ᠶᠢ ᠵᠢᠭᠠᠵᠤ ᠪᠣᠶ᠂ | ᠶᠡᠷᠦᠩᠬᠡᠶᠢᠯᠡᠭᠰᠡᠨ ᠬᠡᠯᠪᠡᠷᠢ ᠶᠢᠨ ᠶᠡᠷᠦᠩᠬᠡᠶ ᠬᠡᠯᠲᠡᠰ ᠤᠨ ᠠᠵᠤ ᠠᠬᠤᠶᠢᠯᠠᠯ ᠪᠠ ᠴᠢᠳᠠᠮᠵᠢ ᠶᠢᠨ ᠬᠡᠯᠪᠡᠷᠢ ᠶᠢᠨ | ᠶᠡᠷᠦᠩᠬᠡᠶ ᠬᠡᠯᠲᠡᠰ ᠤᠨ ᠠᠵᠤ ᠠᠬᠤᠶᠢᠯᠠᠯ ᠭᠡᠵᠦ ᠬᠤᠪᠢᠶᠠᠨ᠎ᠠ᠂ ᠪᠣᠳᠠᠲᠠᠶ ᠦᠨᠡᠯᠡᠨ ᠲᠤᠭᠲᠠᠭᠠᠬᠤ ᠪᠠᠷᠢᠮᠵᠢᠶ᠎ᠠ ᠶᠢ ︽ | ᠬᠥᠬᠡᠬᠤᠲᠠ ᠶᠢᠨ ᠶᠡᠷᠦᠩᠬᠡᠶ ᠬᠡᠯᠲᠡᠰ ᠤᠨ ᠠᠵᠤ ᠠᠬᠤᠶᠢᠯᠠᠯ ᠤᠨ ᠦᠨᠡᠯᠡᠯᠲᠡ ᠪᠠ ᠬᠠᠮᠢᠶᠠᠷᠤᠯᠲᠠ ᠶᠢᠨ ᠬᠡᠷᠡᠭᠵᠢᠭᠦᠯᠬᠦ | ᠨᠠᠷᠢᠨ ᠲᠦᠷᠢᠮ︾ ᠳᠤ ᠦᠵᠡ᠃ | ᠬᠤᠶᠠᠳᠤᠭᠠᠷ ᠬᠡᠰᠡᠭ ᠲᠡᠳᠬᠦᠨ ᠱᠠᠩᠨᠠᠬᠤ ᠪᠠᠷᠢᠮᠵᠢᠶ᠎ᠠ᠃ ᠨᠢᠭᠡ ᠳᠤ᠂ ᠮᠠᠨ ᠤ ᠬᠤᠲᠠ ᠳᠤ ᠰᠢᠨ᠎ᠡ ᠪᠠᠷ | ᠳᠠᠩᠰᠠᠯᠠᠭᠤᠯᠤᠭᠰᠠᠨ ᠶᠡᠷᠦᠩᠬᠡᠶ ᠬᠡᠯᠲᠡᠰ ᠤᠨ ᠠᠵᠤ ᠠᠬᠤᠶᠢᠯᠠᠯ ᠳᠤ ᠶᠡᠷᠦᠩᠬᠡᠶ ᠲᠤᠭ᠎ᠠ ᠨᠢ 500 ᠲᠦᠮᠡᠨ | ᠲᠥᠭᠦᠷᠢᠭ ᠠᠴᠠ ᠬᠡᠲᠦᠷᠡᠬᠦ ᠥᠬᠡᠶ ᠬᠡᠷ ᠪᠠᠶᠢᠰᠢᠩ ᠬᠤᠳᠠᠯᠳᠤᠨ ᠠᠪᠬᠤ ᠨᠥᠬᠦᠪᠥᠷᠢ ᠪᠤᠶᠤ ᠶᠡᠷᠦᠩᠬᠡᠶ | ᠨᠥᠬᠦᠪᠥᠷᠢ ᠶᠢᠨ ᠲᠠᠯᠠᠪᠠᠶ ᠨᠢ 1000m² ᠠᠴᠠ ᠬᠡᠲᠦᠷᠡᠬᠦ ᠥᠬᠡᠶ ᠬᠡᠷ ᠪᠠᠶᠢᠰᠢᠩ ᠲᠦᠷᠢᠶᠡᠰᠦᠯᠡᠬᠦ ᠨᠥᠬᠦᠪᠥᠷᠢ | ᠣᠯᠭᠤᠨ᠎ᠠ᠃ ᠡᠵᠡᠩᠨᠡᠯᠲᠡ ᠶᠢᠨ ᠱᠠᠩᠨᠠᠯ᠂ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠤ ᠱᠠᠩᠨᠠᠯ ᠢ ᠮᠠᠨ ᠤ | ᠬᠤᠲᠠ ᠶᠢᠨ ᠣᠲᠣ ᠶᠢᠨ ᠬᠡᠷᠡᠭᠵᠢᠭᠦᠯᠵᠦ ᠪᠠᠶᠢᠭ᠎ᠠ ᠲᠥᠷᠥ ᠵᠢᠨᠪᠣᠳᠤᠯᠭ᠎ᠠ ᠪᠠᠷ ᠨᠠᠪᠯᠠᠯᠲᠠ ᠪᠣᠯᠭᠠᠵᠤ ᠬᠡᠷᠡᠭᠵᠢᠬᠦᠯᠦᠨ᠎ᠡ | ᠃ ᠬᠤᠶᠠᠷ ᠲᠤ ᠮᠠᠨ ᠤ ᠬᠤᠲᠠ ᠶᠢᠨ ᠮᠠᠭᠠᠳᠯᠠᠨ ᠲᠣᠭᠲᠠᠭᠠᠭᠰᠠᠨ ᠶᠡᠷᠦᠩᠬᠡᠶ ᠬᠡᠯᠲᠡᠰ ᠤᠨ ᠠᠵᠤ ᠠᠬᠤᠶᠢᠯᠠᠯ ᠤᠨ | ᠵᠢᠯ ᠤᠨ ᠡᠵᠡᠩᠨᠡᠯᠲᠡ ᠶᠢᠨ ᠣᠷᠣᠯᠭ᠎ᠠ ᠨᠢ ᠠᠩᠬ᠎ᠠ ᠤᠳᠠᠭ᠎ᠠ 500 ᠳ᠋ᠦᠩᠰᠢᠭᠤᠷ ᠲᠥᠭᠦᠷᠢᠭ᠂ 100 ᠳ᠋ᠦᠩᠰᠢᠭᠤᠷ | ᠲᠥᠭᠦᠷᠢᠭ᠂ 50 ᠳ᠋ᠦᠩᠰᠢᠭᠤᠷ ᠲᠥᠭᠦᠷᠢᠭ᠂ 30 ᠳ᠋ᠦᠩᠰᠢᠭᠤᠷ ᠲᠥᠭᠦᠷᠢᠭ ᠢ ᠳᠠᠪᠠᠭᠰᠠᠨ ᠶᠡᠷᠦᠩᠬᠡᠶ ᠬᠡᠯᠲᠡᠰ ᠤᠨ | ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠶ ᠪᠠᠷ ᠲᠣᠰ ᠲᠣᠰ 1000 ᠲᠦᠮᠡᠨ ᠲᠥᠭᠦᠷᠢᠭ᠂ 500 | ᠲᠦᠮᠡᠨ ᠲᠥᠭᠦᠷᠢᠭ᠂ 100 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ᠮᠠᠨ ᠤ | ᠬᠤᠲᠠ ᠶᠢᠨ ᠶᠡᠷᠦᠩᠬᠡᠶ ᠬᠡᠯᠲᠡᠰ ᠤᠨ ᠠᠵᠤ ᠠᠬᠤᠶᠢᠯᠠᠯ ᠤᠳ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ | ᠵᠢᠱᠢᠶ᠎ᠡ ᠦᠵᠡᠭᠦᠯᠬᠦ ᠠᠵᠤ ᠠᠬᠤᠶᠢᠯᠠᠯ᠂ ᠭᠠᠭᠴᠠ ᠲᠥᠷᠥᠯ ᠤᠨ ᠮᠠᠩᠯᠠᠶ ᠠᠵᠤ ᠠᠬᠤᠶᠢᠯᠠᠯ᠂ ︽ᠲᠤᠰᠬᠠᠢ | ᠮᠡᠷᠭᠡᠵᠢᠯ ᠤᠨ ᠨᠠᠷᠢᠯᠢᠭᠵᠢᠭᠰᠠᠨ ᠣᠨᠴᠠᠯᠢᠭᠲᠤ ᠰᠢᠨ᠎ᠡ︾ ᠪᠢᠴᠢᠬᠠᠨ ᠠᠪᠤᠷᠭᠤ ᠬᠦᠮᠦᠨ ᠠᠵᠤ ᠠᠬᠤᠶᠢᠯᠠᠯ ᠤᠨ | ᠢᠷᠠᠭᠤ ᠠᠯᠳᠠᠷ ᠤᠨ ᠴᠣᠯᠠ ᠶᠢ ᠰᠢᠨ᠎ᠡ ᠪᠠᠷ ᠭᠥᠷᠳᠡᠭᠰᠡᠨ ᠪᠠᠶᠢᠪᠠᠯ᠂ 200 ᠲᠦᠮᠡᠨ ᠲᠥᠭᠦᠷᠢᠭ ᠤᠨ ᠱᠠᠩᠨᠠᠯ | ᠣᠯᠭᠤᠨ᠎ᠠ︔ ᠶᠠᠰᠤ ᠴᠢᠨᠠᠷ ᠤᠨ ᠦᠯᠢᠭᠡᠷ ᠵᠢᠱᠢᠶ᠎ᠡ ᠠᠵᠤ ᠠᠬᠤᠶᠢᠯᠠᠯ᠂ ᠠᠵᠤ ᠦᠢᠯᠡᠳᠪᠦᠷᠢ ᠶᠢᠨ ᠢᠨᠲ᠋ᠧᠷ | ᠰᠦᠯᠵᠢᠶᠡᠨ ᠤ ᠵᠢᠱᠢᠶ᠎ᠡ ᠦᠵᠡᠭᠦᠯᠬᠦ ᠠᠵᠤ ᠠᠬᠤᠶᠢᠯᠠᠯ ᠵᠡᠷᠭᠡ ᠢᠷᠠᠭᠤ ᠠᠯᠳᠠᠷ ᠤᠨ ᠴᠣᠯᠠ ᠶᠢ ᠰᠢᠨ᠎ᠡ ᠪᠠᠷ | ᠦ᠋ᠷᠲᠡᠭᠰᠡᠨᠪᠠᠶᠢᠪᠠᠯ᠂ 100 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ ᠥᠪᠡᠷᠲᠡᠭᠡᠨ ᠵᠠᠰᠠᠬᠤ ᠣᠷᠣᠨ ᠤ | ᠲᠠᠰ ᠤᠨ ᠵᠣᠬᠢᠬᠤ ᠢᠷᠠᠭᠤ ᠠᠯᠳᠠᠷ ᠤᠨ ᠴᠣᠯᠠ ᠶᠢ ᠰᠢᠨ᠎ᠡ ᠪᠠᠷ ᠬᠦᠷᠲᠡᠭᠰᠡᠨ ᠪᠠᠶᠢᠪᠠᠯ᠂ ᠲᠣᠰ ᠲᠣᠰ 50 ᠲᠦᠮᠡᠨ | ᠲᠥᠭᠦᠷᠢᠭ᠂ 20 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ᠭᠤᠷᠪᠠ ᠳᠤ ᠶᠡᠷᠦᠩᠬᠡᠶ ᠬᠡᠯᠲᠡᠰ ᠤᠨ ᠠᠵᠤ | ᠠᠬᠤᠶᠢᠯᠠᠯ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠤᠷᠠᠳᠤ ᠤᠷᠤᠰᠬᠠᠯ ᠤᠨ ᠵᠠᠩᠭᠢᠯᠠᠭ᠎ᠠ ᠶᠢᠨ ᠢᠵᠢ | ᠪᠥᠷᠢᠳᠦᠭᠦᠯᠬᠦ ᠲᠥᠷᠥᠯ ᠵᠦᠢᠯ ᠢ ᠣᠷᠣᠭᠤᠯᠤᠨ ᠠᠪᠴᠢᠷᠠᠭᠰᠠᠨ ᠪᠣᠯ᠂ ᠣᠷᠣᠭᠤᠯᠤᠨ ᠠᠪᠴᠢᠷᠠᠭᠰᠠᠨ ᠲᠥᠷᠥᠯ | ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭᠠᠬᠢ ᠲᠣᠭᠲᠠᠮᠠᠯ ᠬᠥᠷᠥᠩᠭᠡ ᠶᠢᠨ | ᠪᠠᠯᠠ ᠣᠷᠣᠭᠤᠯᠤᠯᠲᠠ ᠶᠢᠨ ᠬᠡᠪᠴᠢᠶ᠎ᠡ ᠶᠢ ᠦᠨᠳᠦᠰᠦᠯᠡᠨ ᠱᠠᠩᠨᠠᠯ ᠣᠯᠭᠤᠵᠤ᠂ 5000 ᠲᠦᠮᠡᠨ ᠲᠥᠭᠦᠷᠢᠭ ᠠᠴᠠ | 1 ᠳ᠋ᠦᠩᠰᠢᠭᠤᠷ ᠲᠥᠭᠦᠷᠢᠭ ︵ᠪᠠᠭᠲᠠᠨ᠎ᠠ︶ ᠪᠠᠯᠠ ᠣᠷᠣᠭᠤᠯᠤᠭᠰᠠᠨ ᠪᠠᠶᠢᠪᠠᠯ 50 ᠲᠦᠮᠡᠨ ᠲᠥᠭᠦᠷᠢᠭ ᠤᠨ | ᠱᠠᠩᠨᠠᠯ ᠣᠯᠭᠤᠨ᠎ᠠ︔ 1 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠯᠠ ᠣᠷᠣᠭᠤᠯᠤᠭᠰᠠᠨ ᠪᠠᠶᠢᠪᠠᠯ᠂ 100 | ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ | ᠭᠤᠷᠪᠠᠳᠤᠭᠠᠷ ᠬᠡᠰᠡᠭ ᠬᠢᠨᠠᠯᠲᠠ ᠬᠠᠮᠢᠶᠠᠷᠤᠯᠲᠠ᠃ ᠮᠠᠨ ᠤ ᠬᠤᠲᠠ ᠳᠤ ᠮᠠᠭᠠᠳᠯᠠᠨ ᠲᠣᠭᠲᠠᠭᠠᠭᠰᠠᠨ | ᠶᠡᠷᠦᠩᠬᠡᠶ ᠬᠡᠯᠲᠡᠰ ᠤᠨ ᠠᠵᠤ ᠠᠬᠤᠶᠢᠯᠠᠯ ᠢ ᠬᠢᠨᠠᠨ ᠬᠠᠮᠢᠶᠠᠷᠴᠤ᠂ ᠲᠣᠭᠲᠠᠭᠠᠯ ᠢ ᠵᠥᠷᠢᠴᠡᠨ ᠶᠡᠷᠦᠩᠬᠡᠶ ᠬᠡᠯᠲᠡᠰ ᠤᠨ | ᠱᠠᠩᠨᠠᠯ ᠤᠨ ᠮᠥᠩᠭᠦ ᠣᠯᠤᠭᠰᠠᠨ ᠠᠵᠤ ᠠᠬᠤᠶᠢᠯᠠᠯ ᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃ | ᠳᠥᠷᠪᠡᠳᠦᠭᠡᠷ ᠬᠡᠰᠡᠭ ᠲᠥᠷᠥ ᠶᠢᠨ ᠪᠣᠳᠣᠯᠭ᠎ᠠ ᠶᠢ ᠪᠡᠶᠡᠯᠡᠭᠦᠯᠬᠦ᠃ ᠬᠤᠲᠠ ᠶᠢᠨ ᠬᠤᠳᠠᠯᠳᠤᠭᠠᠴᠢᠨ ᠤᠷᠢᠵᠤ | ᠪᠠᠯᠠ ᠣᠷᠣᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠠᠴᠠ ᠬᠢᠨᠠᠨ ᠲᠤᠭᠲᠠᠭᠠᠨ᠎ᠠ᠂ ᠨᠠᠷᠢᠨ ᠠᠯᠬᠤᠮ | ᠳᠠᠷᠠᠭ᠎ᠠ ᠶᠢ ︽ᠬᠡᠷᠡᠭᠵᠢᠭᠦᠯᠬᠦ ᠨᠠᠷᠢᠨ ᠲᠦᠷᠢᠮ︾ ᠳᠤ ᠦᠵᠡ᠃ | ᠲᠠᠪᠤᠳᠤᠭᠠᠷ ᠬᠡᠰᠡᠭ ᠪᠤᠰᠤᠳ ᠵᠦᠢᠯ᠃ ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ 30 | ᠡᠳᠦᠷ ᠤᠨ ᠳᠠᠷᠠᠭ᠎ᠠ ᠬᠡᠷᠡᠭᠵᠢᠭᠦᠯᠦᠨ᠎ᠡ᠃ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠥᠬᠡᠬᠤᠲᠠ ᠶᠢᠨ ᠣᠷᠣᠨ | ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ | |