ᠶᠠᠩ ᠰᠢᠩ ᠱᠧᠩ ᠮᠠᠨ ᠤ ᠰᠢᠶᠠᠨ ᠤ ᠬᠡᠰᠡᠭ ᠰᠤᠷᠭᠠᠭᠤᠯᠢ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2021/10/26
     10 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠮᠠᠨ ᠤ ᠰᠢᠶᠠᠨ ᠤ ᠬᠡᠰᠡᠭ ᠰᠤᠷᠭᠠᠭᠤᠯᠢ ᠶᠢᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᡁᠢ ᠵᠢᠶᠠᠨ ᠭᠠᠩ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
     ᠪᠠᠶᠢᠴᠠᠭᠠᠨ ᠰᠤᠳᠤᠯᠤᠯᠲᠠ ᠶᠢᠨ ᠳᠤᠮᠳᠠ᠂ ᠶᠠᠩ ᠰᠢᠩ ᠱᠧᠩ ᠨᠡᠷ ᠤᠷᠢᠳ ᠬᠤᠵᠢᠳ ᠦᠴᠤᠸᠠᠨ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠪᠣᠯᠤᠨ ᠦᠴᠤᠸᠠᠨ ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠲᠣᠬᠢᠷᠠᠭᠤᠯᠤᠭᠰᠠᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠥᠯᠢᠭᠡᠷ ᠠᠪᠬᠤ ᠴᠡᠭ ᠲᠤ ᠬᠦᠷᠴᠦ᠂ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠥᠯᠢᠭᠡᠷ ᠠᠪᠬᠤ ᠴᠡᠭ ᠤᠨ ᠲᠤᠬᠠᠶ ᠶᠢᠨ ᠲᠠᠯᠠᠪᠤᠷ ᠤᠨ ᠣᠷᠴᠢᠨ ᠠᠬᠤᠶ ᠶᠢᠨ ᠪᠠᠶᠢᠷᠢᠯᠠᠭᠤᠯᠤᠯᠲᠠ᠂ ᠡᠮᠬᠢ ᠵᠢᠷᠤᠮ ᠢ ᠬᠠᠮᠠᠭᠠᠯᠠᠬᠤ ᠪᠠ ᠥᠯᠢᠭᠡᠷ ᠠᠪᠬᠤ ᠶᠠᠪᠤᠴᠠ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃      ᠶᠠᠩ ᠰᠢᠩ ᠱᠧᠩ ᠵᠢᠭᠠᠵᠤ ᠭᠠᠷᠭᠠᠭᠰᠠᠨ ᠨᠢ᠂ ᠡᠷᠬᠡᠪᠰᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠳᠦᠷᠢᠮᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠪᠦᠬᠦ ᠪᠠᠭᠰᠢ ᠰᠤᠷᠤᠭᠴᠢᠳ ᠤᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ ᠲᠤᠰᠬᠠᠶ ᠮᠡᠷᠭᠡᠵᠢᠯ ᠤᠨ ᠬᠦᠴᠦᠨ ᠢ ᠵᠣᠬᠢᠶᠠᠨ ᠪᠠᠶᠢᠭᠤᠯᠵᠤ᠂ ᠪᠠᠶᠢᠴᠠᠭᠠᠨ ᠰᠢᠯᠭᠠᠬᠤ ᠶᠠᠪᠤᠴᠠ ᠶᠢ ᠰᠢᠯᠢᠳᠡᠭᠵᠢᠭᠦᠯᠦᠨ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠴᠢᠳᠠᠮᠵᠢ ᠶᠢᠨ ᠣᠷᠣᠨ ᠬᠤᠪᠢᠶᠠᠷᠢᠯᠠᠯ ᠢ ᠨᠠᠷᠢᠯᠢᠬᠵᠢᠭᠤᠯᠤᠨ᠂ ᠲᠤᠬᠠᠶ ᠶᠢᠨ ᠲᠠᠯᠠᠪᠤᠷ ᠤᠨ ᠪᠠᠶᠢᠴᠠᠭᠠᠨ ᠰᠢᠯᠭᠠᠬᠤ ᠡᠮᠬᠢ ᠵᠢᠷᠤᠮ ᠢ ᠰᠠᠶᠢᠲᠤᠷ ᠬᠠᠮᠠᠭᠠᠯᠠᠵᠤ᠂ ᠪᠠᠭᠰᠢ ᠰᠤᠷᠤᠭᠴᠢᠳ ᠢ ᠬᠥᠲᠥᠯᠦᠨ ᠵᠢᠯᠣᠭᠤᠳᠴᠤ ᠪᠠᠶᠢᠭᠠᠳ ᠪᠦᠯᠦᠭ ᠤᠳᠠᠭ᠎ᠠ᠂ ᠴᠠᠭ ᠬᠤᠭᠤᠴᠠᠭ᠎ᠠ ᠬᠤᠪᠢᠶᠠᠨ ᠡᠮᠬᠢ ᠵᠢᠷᠤᠮ ᠲᠠᠢ ᠪᠠᠶᠢᠴᠠᠭᠠᠨ ᠰᠢᠯᠭᠠᠬᠤ ᠶᠢᠨ ᠬᠠᠮᠲᠤ ᠪᠣᠳᠠᠲᠠᠶ ᠪᠠᠶᠢᠳᠠᠯ ᠢ ᠦᠨᠳᠦᠰᠦᠯᠡᠨ ᠬᠥᠮᠦᠨ ᠨᠡᠮᠡᠵᠦ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠲᠣᠭᠲᠠᠪᠤᠷᠢᠲᠠᠶ ᠪᠥᠭᠡᠳ ᠡᠮᠬᠢ ᠵᠢᠷᠤᠮ ᠲᠠᠢ᠂ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠪᠠᠷ ᠥᠯᠢᠭᠡᠷ ᠠᠪᠬᠤ ᠠᠵᠢᠯ ᠢ ᠪᠡᠶᠡᠯᠡᠭᠦᠯᠵᠦ᠂ ᠪᠠᠭᠰᠢ ᠰᠤᠷᠤᠭᠴᠢᠳ ᠤᠨ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠬᠤ ᠬᠡᠷᠡᠭᠲᠡᠶ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号