ᠶᠠᠩ ᠰᠢᠩ ᠱᠧᠩ ᠳᠠᠯᠠᠨ ᠬᠠᠷ᠎ᠠ ᠠᠭᠤᠯᠠ ᠰᠢᠶᠠᠩ ᠳᠤ ᠬᠦᠷᠴᠦ ᠠᠭᠤᠷᠬᠠᠢ ᠶᠢ ᠰᠡᠷᠭᠦᠭᠡᠨ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/10/26
     10 ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ ᠱᠧᠩ ᠳᠠᠯᠠᠨ ᠬᠠᠷ᠎ᠠ ᠠᠭᠤᠯᠠ ᠰᠢᠶᠠᠩ ᠳᠤ ᠬᠦᠷᠴᠦ ᠠᠭᠤᠷᠬᠠᠢ ᠶᠢ ᠰᠡᠷᠭᠦᠭᠡᠨ ᠵᠠᠰᠠᠬᠤ᠂ ᠭᠤᠣᠯ ᠮᠥᠷᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠢ ᠵᠠᠰᠠᠬᠤ᠂ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠢ ᠥᠷᠭᠡᠳᠬᠡᠨ ᠪᠠᠶᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠰᠢᠶᠠᠨ ᠤ ᠳᠡᠳ᠋ ᠳᠠᠷᠤᠭ᠎ᠠ ᠶᠠᠩ ᠶᠦᠩ ᠭᠠᠩ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠴᠢ ᠫᠦ᠋᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠬᠤᠷᠢᠶ᠎ᠠ  ᠶᠢᠨ ᠠᠯᠪᠠᠨ ᠭᠡᠷ ᠤᠨ ᠡᠷᠬᠢᠯᠡᠭᠴᠢ ᡁᠢ ᠵᠢᠶᠠᠨ ᠭᠠᠩ᠂ ᠵᠠᠰᠠᠭ ᠤᠨ ᠣᠷᠳᠤᠨ ᠤ ᠰᠢᠶᠠᠨ ᠤ ᠳᠡᠳ᠋ ᠳᠠᠷᠤᠭ᠎ᠠ ᠠᠭᠤᠯᠠ ᠪᠠᠷ᠎ᠠ ᠪᠣᠯᠵᠤ ᠪᠠᠶᠢᠴᠠᠭᠠᠨ ᠰᠣᠳᠤᠯᠤᠯᠲᠠ ᠬᠢᠪᠡ᠃
     ᠳᠠᠷᠠᠭ᠎ᠠ ᠪᠠᠷ ᠨᠢ᠂ ᠳᠠᠯᠠᠨ ᠬᠠᠷ᠎ᠠ ᠠᠭᠤᠯᠠ ᠰᠢᠶᠠᠩ ᠳᠤ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠶᠠᠩ ᠰᠢᠩ ᠱᠧᠩ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠲᠠᠢ ᠠᠭᠤᠷᠬᠠᠢ ᠶᠢ ᠰᠡᠷᠭᠦᠭᠡᠨ ᠵᠠᠰᠠᠬᠤ᠂ ᠭᠤᠣᠯ ᠮᠥᠷᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠢ ᠵᠠᠰᠠᠬᠤ᠂ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠢ ᠥᠷᠭᠡᠳᠬᠡᠨ ᠪᠠᠶᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠤᠨ ᠲᠤᠬᠠᠢ ᠭᠦᠨᠵᠡᠭᠡᠢ ᠰᠣᠯᠢᠯᠴᠠᠵᠠᠢ᠃ ᠶᠠᠩ ᠰᠢᠩ ᠱᠧᠩ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠪᠠᠶᠢᠭᠠᠯᠢ ᠶᠢᠨ ᠰᠡᠷᠭᠦᠭᠡᠯᠲᠡ ᠪᠠᠷ ᠭᠤᠣᠯ ᠪᠣᠯᠭᠠᠵᠤ᠂ ᠬᠥᠮᠦᠨ ᠤ ᠬᠦᠴᠦ ᠪᠠᠷ ᠰᠡᠷᠭᠦᠭᠡᠬᠦ ᠪᠠᠷ ᠬᠠᠪᠰᠤᠷᠤᠮᠵᠢ ᠪᠣᠯᠭᠠᠬᠤ ᠠᠷᠭ᠎ᠠ ᠬᠡᠯᠪᠡᠷᠢ ᠪᠠᠷ ᠠᠮᠢ ᠠᠬᠤᠢ ᠶᠢᠨ ᠣᠷᠴᠢᠨ ᠲᠣᠭᠤᠷᠢᠨ ᠢ ᠰᠡᠷᠭᠦᠭᠡᠵᠦ᠂ ᠪᠠᠶᠢᠭᠠᠯᠢ ᠶᠢᠨ ᠦᠵᠡᠮᠵᠢ ᠶᠢ ᠳᠡᠭᠡᠭᠰᠢᠯᠡᠭᠦᠯᠵᠦ᠂ ᠴᠢᠨᠠᠭᠰᠢᠳᠠ ᠪᠦᠬᠦ ᠰᠢᠶᠠᠨ ᠤ ᠴᠢᠨᠠᠷ ᠰᠠᠶᠢᠲᠠᠢ ᠬᠥᠭᠵᠢᠯᠲᠡ ᠳᠤ ᠠᠮᠢ ᠠᠬᠤᠢ ᠶᠢᠨ ᠬᠠᠯᠬᠠᠪᠴᠢ ᠶᠢ ᠪᠠᠬᠢᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号