︽ᠬᠥᠬᠡᠬᠤᠲᠠ ᠶᠢᠨ ᠮᠠᠰᠢᠨ ᠬᠦᠳᠡᠯᠭᠡᠭᠦᠷᠲᠦ ᠲᠡᠷᠭᠡ ᠶᠢᠨ ᠲᠡᠷᠭᠡ ᠵᠣᠭᠰᠣᠭᠠᠬᠤ ᠦᠢᠯᠡᠴᠢᠯᠡᠭᠡᠨ ᠤ ᠰᠦᠢᠳᠬᠡᠯ ᠬᠤᠷᠢᠶᠠᠬᠤ ᠴᠠᠭ ᠢ  ᠲᠡᠮᠳᠡᠭᠯᠡᠬᠦ ᠠᠷᠭ᠎ᠠ ᠮᠠᠶ᠋ᠢᠭ ᠢ ᠵᠢᠷᠤᠮᠵᠢᠭᠤᠯᠬᠤ ᠲᠤᠬᠠᠶ ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾  ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/10/28
     ᠡᠳᠦᠭᠡ ︽ᠬᠥᠬᠡᠬᠤᠲᠠ  ᠶᠢᠨ ᠮᠠᠰᠢᠨ ᠬᠦᠳᠡᠯᠭᠡᠭᠦᠷᠲᠦ ᠲᠡᠷᠭᠡ  ᠶᠢᠨ ᠲᠡᠷᠭᠡ ᠵᠣᠭᠰᠣᠭᠠᠬᠤ ᠦᠢᠯᠡᠴᠢᠯᠡᠭᠡᠨ ᠤ ᠰᠦᠢᠳᠬᠡᠯ ᠬᠤᠷᠢᠶᠠᠬᠤ ᠴᠠᠭ ᠢ  ᠪᠣᠳᠤᠬᠤ ᠠᠷᠭ᠎ᠠ ᠮᠠᠶ᠋ᠢᠭ ᠢ ᠵᠢᠷᠤᠮᠵᠢᠭᠤᠯᠬᠤ ᠲᠤᠬᠠᠶ ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾ ︵ᠳᠣᠷᠣᠭᠰᠢ ︽ᠲᠣᠰ ᠮᠡᠳᠡᠭᠳᠡᠯ︾ ᠭᠡᠵᠦ ᠲᠣᠪᠴᠢᠯᠠᠨ᠎ᠠ︶ ᠤᠨ ᠬᠤᠯᠪᠤᠭᠳᠠᠯ ᠪᠥᠬᠦᠶ ᠵᠦᠢᠯᠡᠰ ᠤᠨ ᠲᠤᠬᠠᠶ ᠳᠣᠤᠷᠠᠬᠢ ᠮᠡᠲᠦ ᠲᠠᠶᠢᠯᠤᠮᠵᠢ ᠬᠢᠪᠠ᠄      ᠨᠢᠭᠡ᠂ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠠᠬᠤᠶ ᠪᠠᠶᠢᠳᠠᠯ      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠰᠢᠨ  ᠬᠦᠳᠡᠯᠭᠡᠭᠦᠷᠲᠦ ᠲᠡᠷᠭᠡ ᠵᠣᠭᠰᠣᠭᠠᠬᠤ ᠦᠢᠯᠡᠴᠢᠯᠡᠭᠡᠨ ᠤ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠠᠷᠭ᠎ᠠ︾  ᠳᠠᠬᠢ ᠰᠦᠢᠳᠬᠡᠯ ᠬᠤᠷᠢᠶᠠᠬᠤ ᠦᠭᠡᠶ ᠴᠠᠭ ᠤᠨ ᠬᠢᠵᠠᠭᠠᠷ ︵15 ᠮᠢᠨᠦ᠋ᠲ ᠠᠴᠠ ᠳᠣᠣᠷ᠎ᠠ ᠦᠭᠡᠶ︶ ᠢ ᠲᠣᠭᠲᠠᠭᠠᠬᠤ ᠶᠢᠨ ᠬᠠᠮᠲᠤ ᠲᠡᠷᠭᠡ ᠵᠣᠭᠰᠣᠭᠠᠬᠤ ᠦᠢᠯᠡᠴᠢᠯᠡᠭᠡᠨ ᠤ ᠰᠦᠢᠳᠬᠡᠯ ᠬᠤᠷᠢᠶᠠᠬᠤ ᠴᠠᠭ ᠢ ᠪᠤᠳᠤᠬᠤ ᠠᠷᠭ᠎ᠠ ᠶᠢ ᠵᠣᠬᠢᠰᠲᠠᠶ ᠲᠤᠭᠲᠠᠭᠠᠬᠤ ᠬᠡᠷᠡᠭᠲᠡᠢ ᠭᠡᠬᠦ ᠲᠤᠭᠲᠠᠭᠠᠯ ᠢ ᠦᠨᠳᠦᠰᠦᠯᠡᠨ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠢᠯᠡᠳᠦᠯᠭᠡ  ᠶᠢᠨ ᠠᠵᠢᠯᠯᠠᠭ᠎ᠠ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠷᠠᠳ ᠤᠨ ᠰᠠᠨᠠᠯ ᠢ ᠬᠤᠷᠢᠶᠠᠬᠤ ᠪᠠᠷ ︽ᠪᠢ ᠣᠯᠠᠨ ᠲᠦᠮᠡᠨ ᠳᠤ ᠪᠣᠳᠠᠲᠠᠶ ᠶᠠᠪᠤᠳᠠᠯ ᠬᠢᠵᠦ ᠥᠭᠬᠦ︾ ᠠᠩᠬᠠᠨ ᠤ ᠠᠯᠬᠤᠮ ᠢ ᠠᠯᠬᠤᠵᠤ᠂ ᠰᠦᠯᠵᠢᠶᠡᠨ ᠤ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠲᠠᠷᠬᠠᠭᠠᠬᠤ ᠪᠠᠷ ᠳᠠᠮᠵᠢᠭᠤᠯᠤᠨ ᠮᠠᠨ ᠤ ᠬᠤᠲᠠ ᠶᠢᠨ  ᠮᠠᠰᠢᠨ ᠬᠦ᠋ᠳᠡᠯᠭᠡᠭᠦᠷᠲᠦ ᠲᠡᠷᠭᠡ ᠵᠣᠭᠰᠣᠭᠠᠬᠤ  ᠦᠢᠯᠡᠴᠢᠯᠡᠭᠡᠨ ᠤ ᠰᠦᠢᠳᠬᠡᠯ ᠬᠤᠷᠢᠶᠠᠬᠤ ᠴᠠᠭ ᠢ ᠪᠤᠳᠤᠬᠤ ᠠᠷᠭ᠎ᠠ ᠮᠠᠶ᠋ᠢᠭ ᠤᠨ ᠲᠤᠬᠠᠶ ᠰᠠᠨᠠᠯ ᠪᠠ ᠰᠠᠨᠠᠭᠤᠯᠭ᠎ᠠ ᠶᠢ ᠴᠤᠭᠯᠠᠭᠤᠯᠵᠤ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠳᠤ ᠴᠢᠭᠯᠡᠭᠦᠯᠦᠨ᠂ ᠠᠷᠠᠳ ᠣᠯᠠᠨ ᠤ ᠠᠰᠠᠭᠤᠳᠠᠯ ᠢ ᠰᠢᠢᠳᠪᠦᠷᠢᠯᠡᠬᠦ ᠵᠠᠷᠴᠢᠮ ᠢᠶᠠᠷ ᠲᠣᠰ ᠮᠡᠳᠡᠭᠳᠡᠯ ᠢ ᠳᠠᠷᠤᠮᠠᠯᠯᠠᠨ ᠲᠠᠷᠬᠠᠭᠠᠪᠠ᠃      ᠬᠤᠶᠠᠷ᠂ ᠲᠥᠷᠥ ᠶᠢᠨ ᠪᠣᠳᠣᠯᠭ᠎ᠠ ᠶᠢᠨ ᠭᠤᠣᠯᠳᠠᠯᠭ᠎ᠠ ᠲᠠᠢ ᠠᠭᠤᠯᠭ᠎ᠠ      ᠨᠢᠭᠡ ᠳᠤ ᠬᠡᠷᠡᠭᠵᠢᠭᠦᠯᠬᠦ ᠬᠡᠪᠴᠢᠶ᠎ᠡ ᠶᠢᠨ ᠲᠤᠬᠠᠶ ᠲᠣᠭᠲᠠᠭᠠᠯ᠃ ᠲᠣᠰ ᠮᠡᠳᠡᠭᠳᠡᠯ ᠤᠨ ᠬᠡᠷᠡᠭᠵᠢᠭᠦᠯᠬᠦ ᠬᠡᠪᠴᠢᠶ᠎ᠡ ᠪᠣᠯ ᠬᠤᠲᠠ ᠶᠢᠨ ᠲᠣᠭᠤᠷᠢᠭ ᠤᠨ ᠬᠡᠪᠴᠢᠶᠡᠨ ᠳᠠᠬᠢ ᠡᠵᠡᠩᠨᠡᠯᠲᠡ ᠶᠢᠨ ᠴᠢᠨᠠᠷᠲᠠᠶ ᠲᠡᠷᠭᠡᠨ ᠵᠣᠭᠰᠣᠭᠠᠯ ᠪᠣᠯᠤᠨ᠎ᠠ᠂ ᠡᠭᠦᠨ ᠳᠤ ᠵᠠᠰᠠᠭ ᠤᠨ ᠣᠷᠳᠤᠨ ᠦᠨ᠎ᠡ ᠲᠣᠭᠲᠠᠭᠠᠭᠰᠠᠨ ᠲᠡᠷᠭᠡᠨ ᠵᠣᠭᠰᠣᠭᠠᠯ ᠵᠢᠴᠢ ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠶᠢᠨ ᠦᠨ᠎ᠡ ᠶᠢ ᠬᠡᠷᠡᠭᠵᠢᠭᠦᠯᠦᠭᠰᠡᠨ ᠲᠡᠷᠭᠡᠨ ᠵᠣᠭᠰᠣᠭᠠᠯ ᠪᠠᠭᠲᠠᠨ᠎ᠠ᠃      ᠬᠤᠶᠠᠷ ᠲᠤ ᠰᠦᠢᠳᠬᠡᠯ ᠢ ᠪᠤᠳᠤᠬᠤ ᠪᠣᠳᠠᠲᠠᠶ ᠠᠷᠭ᠎ᠠ ᠶᠢᠨ ᠲᠤᠬᠠᠶ ᠲᠣᠭᠲᠠᠭᠠᠯ᠃ ᠲᠣᠰ ᠮᠡᠳᠡᠭᠳᠡᠯ ᠤᠨ ᠰᠦᠢᠳᠬᠡᠯ ᠬᠤᠷᠢᠶᠠᠬᠤ ᠥᠬᠡᠶ ᠲᠥᠷᠥ ᠶᠢᠨ ᠪᠣᠳᠣᠯᠭ᠎ᠠ ᠳᠤ ᠬᠤᠶᠠᠷ ᠲᠠᠯ᠎ᠠ ᠪᠠᠭᠲᠠᠨ᠎ᠠ᠄      ᠠᠩᠬ᠎ᠠ ᠤᠳᠠᠭ᠎ᠠ ᠲᠡᠷᠭᠡᠨ ᠵᠣᠭᠰᠣᠭᠠᠯ ᠳᠤ  ᠲᠡᠷᠭᠡ ᠪᠠᠨ ᠲᠠᠯᠪᠢᠬᠤ ᠴᠠᠭ ᠨᠢ 15 ᠮᠢᠨᠦ᠋ᠲ ︵ᠪᠠᠭᠲᠠᠨ᠎ᠠ︶ ᠠᠴᠠ ᠬᠡᠲᠦᠷᠡᠬᠦ ᠥᠬᠡᠶ᠂ ᠡᠮᠨᠡᠯᠭᠡ ᠶᠢᠨ ᠬᠤᠷᠢᠶ᠎ᠠ ᠶᠢᠨ ᠲᠡᠷᠭᠡᠨ ᠵᠣᠭᠰᠤᠭᠠᠯ ᠳᠤ ᠲᠡᠷᠭᠡ ᠪᠠᠨ ᠲᠠᠯᠪᠢᠬᠤ ᠳᠤ ᠠᠩᠬᠠᠨ ᠤ ᠴᠠᠭ ᠤᠨ ᠳᠣᠲᠣᠷ᠎ᠠ 30 ᠮᠢᠨᠦ᠋ᠲ ︵ᠪᠠᠭᠲᠠᠨ᠎ᠠ︶ ᠠᠴᠠ ᠬᠡᠲᠦᠷᠡᠬᠦ ᠥᠬᠡᠶ ᠮᠠᠰᠢᠨ ᠬᠦᠳᠡᠯᠭᠡᠭᠦᠷᠲᠦ ᠲᠡᠷᠭᠡ ᠠᠴᠠ ᠲᠡᠷᠭᠡ ᠵᠣᠭᠰᠣᠭᠠᠬᠤ ᠦᠢᠯᠡᠴᠢᠯᠡᠭᠡᠨ ᠤ ᠰᠦᠢᠳᠬᠡᠯ ᠬᠤᠷᠢᠶᠠᠬᠤ ᠥᠬᠡᠶ᠃      ᠲᠡᠷᠭᠡᠨ ᠵᠣᠭᠰᠣᠭᠠᠯ ᠳᠤ  ᠲᠡᠷᠭᠡ ᠪᠠᠨ ᠲᠠᠯᠪᠢᠭᠠᠳ ᠨᠢᠭᠡ ᠴᠠᠭ ᠪᠤᠳᠤᠬᠤ ᠨᠢᠭᠡᠴᠢ ᠪᠣᠯᠵᠤ᠂ ᠲᠠᠷᠠᠭᠠᠴᠢ ᠶᠢᠨ ᠴᠠᠭ  ᠪᠣᠳᠤᠬᠤ ᠨᠢᠭᠡᠴᠢ ᠨᠢ 15 ᠮᠢᠨᠦ᠋ᠲ ᠬᠥᠷᠬᠦ ᠥᠬᠡᠶ ︵ᠪᠠᠭᠲᠠᠨ᠎ᠠ︶  ᠪᠣᠯ ᠰᠦᠢᠳᠬᠡᠯ ᠪᠤᠳᠤᠬᠤ ᠥᠬᠡᠶ᠂ 15 ᠮᠢᠨᠦ᠋ᠲ ︵ᠪᠠᠭᠲᠠᠬᠤ ᠥᠬᠡᠶ︶ ᠠᠴᠠ ᠬᠡᠲᠦᠷᠡᠪᠡᠯ ᠨᠢᠭᠡ ᠴᠠᠭ ᠪᠣᠳᠤᠬᠤ ᠨᠢᠭᠡᠴᠢ ᠪᠠᠷ ᠰᠦᠢᠳᠬᠡᠯ ᠪᠣᠳᠤᠨ᠎ᠠ᠃ ᠥᠭᠡᠷ᠎ᠡ ᠪᠠᠷ ᠬᠡᠯᠡᠪᠡᠯ᠂ ᠴᠠᠭ  ᠪᠣᠳᠤᠬᠤ ᠨᠢᠭᠡᠴᠢ ᠨᠢᠭᠡᠪᠦᠷᠢ  ᠳᠤ  ᠲᠡᠷᠭᠡ ᠪᠠᠨ ᠲᠠᠯᠪᠢᠬᠤ ᠴᠠᠭ ᠨᠢ 15 ᠮᠢᠨᠦ᠋ᠲ ︵ᠪᠠᠭᠲᠠᠨ᠎ᠠ︶ ᠤᠨ ᠳᠣᠲᠣᠷ᠎ᠠ ᠪᠠᠶᠢᠪᠠᠯ᠂ ᠡᠨᠡ ᠬᠦ ᠴᠠᠭ ᠤᠨ ᠬᠡᠰᠡᠭ ᠲᠤ ᠰᠦᠢᠳᠬᠡᠯ ᠪᠤᠳᠤᠬᠤ ᠦᠭᠡᠢ᠃      ᠭᠤᠷᠪᠠ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠴᠠᠭ      ᠲᠥᠷᠥ ᠶᠢᠨ ᠪᠣᠳᠣᠯᠭ᠎ᠠ ᠶᠢᠨ ᠤᠷᠤᠭᠰᠢᠲᠠᠶ ᠬᠡᠷᠡᠭᠵᠢᠭᠦᠯᠦᠭᠳᠡᠬᠦ ᠶᠢ ᠪᠠᠲᠤᠯᠠᠬᠤ ᠶᠢᠨ ᠲᠤᠰᠠᠳᠠ᠂ ᠡᠯ᠎ᠡ ᠮᠠᠰᠢᠨ ᠬᠦᠳᠡᠯᠭᠡᠭᠦᠷᠲᠦ ᠲᠡᠷᠭᠡ ᠵᠣᠭᠰᠣᠭᠠᠬᠤ ᠦᠢᠯᠡᠴᠢᠯᠡᠭᠡᠨ ᠤ ᠡᠵᠡᠩᠨᠡᠭᠴᠢᠳ ᠲᠤ ᠨᠢᠭᠡ ᠰᠠᠷ᠎ᠠ ᠶᠢᠨ ᠬᠤᠭᠤᠴᠠᠭ᠎ᠠ ᠲᠠᠢ  ᠰᠦᠢᠳᠬᠡᠯ ᠪᠤᠳᠤᠬᠤ ᠠᠷᠭ᠎ᠠ ᠮᠠᠶ᠋ᠢᠭ ᠲᠠᠭᠠᠨ ᠲᠣᠬᠢᠷᠠᠭᠤᠯᠤᠯᠲᠠ ᠬᠢᠬᠦ ᠴᠠᠭ ᠣᠯᠭᠤᠨ᠎ᠠ᠃ ᠲᠣᠰ ᠮᠡᠳᠡᠭᠳᠡᠯ ᠢ ᠵᠢᠩᠬᠢᠨᠢ ᠪᠠᠷ ᠬᠡᠷᠡᠭᠵᠢᠬᠦᠯᠬᠦ ᠴᠠᠭ ᠨᠢ 2021 ᠣᠨ ᠤ 7 ᠳ᠋ᠤᠭᠠᠷ ᠰᠠᠷ᠎ᠠ ᠶᠢᠨ 15 ᠤ ᠡᠳᠦᠷ ᠪᠣᠯᠤᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号