ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠬᠦᠯᠵᠦ᠂ ᠥᠯᠥ | ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠦᠢᠯᠡᠴᠢᠯᠡᠭᠡ ᠶᠢᠨ ᠠᠷᠠᠳ ᠲᠤ ᠲᠥᠬᠦᠮ ᠦᠵᠡᠭᠦᠯᠬᠦ ᠶᠢ ᠭᠦᠨᠵᠡᠭᠡᠶ | ᠠᠬᠢᠭᠤᠯᠵᠤ᠂ ︽ᠢᠨᠲ᠋ᠧᠷ ᠰᠦᠯᠵᠢᠶ᠎ᠡ + ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ︾ ᠶᠢᠨ | ᠦᠢᠯᠡᠴᠢᠯᠡᠭᠡᠨ ᠤ ᠬᠢᠷᠢ ᠲᠥᠪᠰᠢᠨ ᠢ ᠲᠡᠭᠡᠭᠰᠢᠯᠡᠭᠦᠯᠬᠦ ᠶᠢᠨ ᠲᠦᠯᠦᠭᠡ᠂ ︽ᠥᠯᠥ ᠬᠥᠳᠡᠯᠬᠦ ᠬᠥᠷᠥᠩᠭᠡ ᠶᠢᠨ | ᠳᠡᠩᠰᠡᠯᠡᠯᠲᠡ ᠶᠢᠨ ᠭᠦᠢᠴᠡᠳᠭᠡᠬᠦ ᠴᠠᠭ ᠢ ᠤᠯᠠᠮ ᠨᠢᠭᠡ ᠠᠯᠬᠤᠮ ᠪᠣᠭᠤᠨᠢᠰᠬᠠᠬᠤ ᠲᠤᠬᠠᠶ ᠬᠥᠬᠡᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ︵ᠬᠥᠬᠡᠬᠤᠲᠠ ᠵᠠᠰᠠᠭ ᠠᠯᠪᠠᠨ ᠥᠰᠥᠭ ︹ | 2020 ︺ 28 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠥᠯᠥ ᠬᠥᠳᠡᠯᠬᠦ ᠬᠥᠷᠥᠩᠭᠡ ᠶᠢᠨ | ᠳᠡᠩᠰᠡᠯᠡᠯᠲᠡ ᠶᠢᠨ ᠬᠡᠰᠡᠭ ᠲᠤᠬᠠᠶᠢᠯᠠᠭᠰᠠᠨ ᠠᠵᠢᠯ ᠢ ᠰᠦᠯᠵᠢᠶᠡᠨ ᠳᠡᠭᠡᠷ᠎ᠡ ᠭᠦᠢᠴᠡᠳᠬᠡᠨ᠎ᠡ᠂ ᠡᠳᠦᠭᠡ ᠬᠠᠮᠢᠶ᠎ᠠ | ᠪᠥᠬᠦᠶ ᠤᠴᠢᠷ ᠶᠠᠪᠤᠳᠠᠯ ᠢ ᠳᠣᠤᠷᠠᠬᠢ ᠮᠡᠲᠦ ᠵᠠᠷᠯᠠᠶ᠎ᠠ᠄ | 01 | ᠲᠤᠬᠠᠶᠢᠯᠠᠭᠰᠠᠨ ᠠᠵᠢᠯ ᠤᠨ ᠬᠡᠪᠴᠢᠶ᠎ᠡ | ︽ᠡᠷᠬᠡᠲᠦ ᠬᠥᠮᠦᠨ ᠤ ᠮᠡᠳᠡᠭᠡ ᠵᠠᠩᠭᠢ ᠶᠢ ᠬᠤᠪᠢᠷᠠᠭᠤᠯᠬᠤ ︵ᠨᠡᠷ᠎ᠡ᠂ ᠨᠡᠷᠡᠶᠢᠳᠦᠯ᠂ ᠦᠨᠡᠮᠯᠡᠯ ᠤᠨ ᠨᠣᠮᠧᠷ ᠢ | ᠬᠤᠪᠢᠷᠠᠭᠤᠯᠬᠤ︶︾ ︽ᠡᠷ᠎ᠡ ᠡᠮ᠎ᠡ ᠬᠤᠶᠠᠭᠤᠯᠠ ᠶᠢᠨ ᠨᠡᠷ᠎ᠡ ᠶᠢ ᠰᠣᠯᠢᠬᠤ︾ ︽ᠦᠨᠡᠮᠯᠡᠯ ᠰᠣᠯᠢᠬᠤ ᠳᠡᠩᠰᠡᠯᠡᠯᠲᠡ | ︾᠃ | 02 | ᠰᠢᠢᠳᠪᠦᠷᠢᠯᠡᠬᠦ ᠶᠠᠪᠤᠴᠠ | ᠸᠢᠴᠠᠲ ᠤᠨ ᠣᠯᠠᠨ ᠨᠡᠶᠢᠲᠡ ᠶᠢᠨ ᠳ᠋ᠤᠭᠠᠷ ︽ᠬᠥᠬᠡᠬᠤᠲᠠ ᠶᠢᠨ ᠥᠯᠥ ᠬᠥᠳᠡᠯᠬᠦ ᠬᠥᠷᠥᠩᠭᠡ ᠶᠢᠨ | ᠳᠡᠩᠰᠡᠯᠡᠯᠲᠡ ᠶᠢᠨ ᠲᠥᠪ︾ ᠢ ᠡᠷᠢᠵᠦ᠂ ᠭᠤᠤᠯ ᠨᠢᠭᠤᠷ ᠤᠨ ᠳᠣᠤᠷ᠎ᠠ ᠲᠠᠯ᠎ᠠ ᠶᠢᠨ ︽ᠠᠵᠢᠯ ᠶᠠᠪᠤᠳᠠᠯ ᠭᠦᠢᠴᠡᠳᠭᠡᠬᠦ | ᠲᠢᠩᠬᠢᠮ︾ ᠢ ᠲᠣᠪᠴᠢᠳᠠᠨ᠂ ᠥᠯᠥ ᠬᠥᠳᠡᠯᠬᠦ ᠬᠥᠷᠥᠩᠭᠡ ᠶᠢᠨ ︽ᠰᠦᠯᠵᠢᠶᠡᠨ ᠳᠡᠭᠡᠷ᠎ᠡ ᠠᠵᠢᠯ ᠶᠠᠪᠤᠳᠠᠯ ᠬᠦᠢᠴᠡᠳᠭᠡᠬᠦ | ᠲᠢᠩᠬᠢᠮ︾ ᠳᠤ ᠣᠷᠣᠵᠤ᠂ ᠮᠢᠨᠦ︾ ᠨᠢᠭᠤᠷ ᠲᠤ ᠣᠷᠤᠭᠠᠳ ᠬᠡᠷᠡᠭᠯᠡᠭᠴᠢ ᠶᠢᠨ ᠳᠡᠩᠰᠡᠯᠡᠯᠲᠡ ᠬᠢᠬᠦ ᠪᠤᠶᠤ | ᠬᠥᠬᠡᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠤᠨ ᠸᠢᠴᠠᠲ ᠤᠨ ᠣᠯᠠᠨ | ᠨᠡᠶᠢᠲᠡ ᠶᠢᠨ ᠳ᠋ᠤᠭᠠᠷ ᠲᠤ ᠣᠷᠤᠨ᠎ᠠ᠃ | ᠳᠠᠩᠰᠠᠯᠠᠭᠤᠯᠤᠭᠰᠠᠨ ᠤ ᠳᠠᠷᠠᠭ᠎ᠠ᠂ ᠥᠯᠥ ᠬᠥᠳᠡᠯᠬᠦ ᠬᠥᠷᠥᠩᠭᠡ ᠶᠢᠨ ︽ᠰᠦᠯᠵᠢᠶᠡᠨ ᠳᠡᠭᠡᠷ᠎ᠡ ᠠᠵᠢᠯ | ᠶᠠᠪᠤᠳᠠᠯ ᠬᠦᠢᠴᠡᠳᠭᠡᠬᠦ ᠲᠢᠩᠬᠢᠮ︾ ᠳᠤ ᠣᠷᠣᠵᠤ ᠦᠨᠡᠨ ᠨᠡᠷ᠎ᠡ ᠪᠠᠷ ᠢᠶᠠᠨ ᠭᠡᠷᠡᠴᠢᠯᠡᠯ ᠬᠢᠨ᠎ᠡ᠂ ᠭᠡᠷᠡᠴᠢᠯᠡᠯ | ᠪᠠᠲᠤᠯᠠᠭᠳᠠᠭᠰᠠᠨ ᠤ ᠳᠠᠷᠠᠭ᠎ᠠ᠂ ︽ᠲᠦᠷᠦᠭᠦᠤ ᠨᠢᠭᠤᠷ︾ ᠤᠨ ᠮᠡᠳᠡᠭᠡ ᠵᠠᠩᠭᠢ ᠶᠢ ᠯᠠᠪᠯᠠᠬᠤ ᠨᠢᠭᠤᠷ ᠲᠠᠯ᠎ᠠ ᠶᠢ | ᠲᠣᠪᠴᠢᠳᠠᠨ᠎ᠠ᠃ ᠭᠤᠶᠤᠴᠢᠯᠠᠭᠴᠢ ᠶᠢᠨ ᠬᠡᠷᠡᠭᠴᠡᠭᠡ ᠶᠢ ᠦᠨᠳᠦᠰᠦᠯᠡᠨ ᠬᠠᠷᠠᠭᠠᠯᠵᠠᠭᠰᠠᠨ ᠥᠯᠥ ᠬᠥᠳᠡᠯᠬᠦ | ᠬᠥᠷᠥᠩᠭᠡ ᠶᠢᠨ ᠳᠡᠩᠰᠡᠯᠡᠯᠲᠡ ᠶᠢᠨ ᠲᠤᠬᠠᠶᠢᠯᠠᠭᠰᠠᠨ ᠠᠵᠢᠯ ᠢ ᠲᠣᠪᠴᠢᠳᠠᠪᠠᠯ ᠳᠠᠷᠤᠶ ᠭᠦᠢᠴᠡᠳᠭᠡᠵᠦ ᠪᠣᠯᠤᠨ᠎ᠠ᠃ | 03 | ᠲᠤᠬᠠᠶᠢᠯᠠᠭᠰᠠᠨ ᠠᠵᠢᠯ ᠤᠨ ᠴᠤᠪᠤᠷᠠᠯ | ᠥᠯᠥ ᠬᠥᠳᠡᠯᠬᠦ ᠬᠥᠷᠥᠩᠭᠡ ᠶᠢᠨ ︽ᠰᠦᠯᠵᠢᠶᠡᠨᠲ᠋ᠡᠭᠡᠷ᠎ᠡ ᠠᠵᠢᠯ ᠶᠠᠪᠤᠳᠠᠯ ᠬᠦᠢᠴᠡᠳᠭᠡᠬᠦ ᠲᠢᠩᠬᠢᠮ︾ ᠢᠶᠠᠷ | ᠳᠠᠮᠵᠢᠭᠤᠯᠤᠨ ᠬᠦᠢᠴᠡᠳᠭᠡᠬᠦ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠤᠬᠠᠶᠢᠯᠠᠭᠰᠠᠨ ᠠᠵᠢᠯ ᠳᠤ | ᠴᠠᠭᠠᠰᠤᠨ ᠮᠠᠲ᠋ᠧᠷᠢᠶᠠᠯ ᠲᠤᠰᠢᠶᠠᠬᠤ ᠴᠢᠬᠤᠯᠠ ᠥᠬᠡᠶ᠂ ᠡᠯᠧᠺᠲᠷᠣᠨ ᠮᠠᠲ᠋ᠧᠷᠢᠶᠠᠯ ᠢᠶᠠᠷ ᠪᠠᠷᠢᠮᠵᠢᠶ᠎ᠠ ᠪᠣᠯᠭᠠᠨ᠎ᠠ᠃ | ︵ᠨᠢᠭᠡ︶ ᠰᠦᠯᠵᠢᠶᠡᠨ ᠳᠡᠭᠡᠷ᠎ᠡ ᠭᠤᠶᠤᠴᠢᠯᠠᠬᠤ | ᠭᠤᠶᠤᠴᠢᠯᠠᠭᠴᠢ ᠥᠯᠥ ᠬᠥᠳᠡᠯᠬᠦ ᠬᠥᠷᠥᠩᠭᠡ ᠶᠢᠨ ︽ᠰᠦᠯᠵᠢᠶᠡᠨ ᠳᠡᠭᠡᠷ᠎ᠡ ᠠᠵᠢᠯ ᠶᠠᠪᠤᠳᠠᠯ ᠬᠦᠢᠴᠡᠳᠭᠡᠬᠦ | ᠲᠢᠩᠬᠢᠮ︾ ᠢᠶᠠᠷ ᠭᠤᠶᠤᠴᠢᠯᠠᠬᠤ ᠳᠤ᠂ ᠭᠤᠶᠤᠴᠢᠯᠠᠭᠴᠢ ᠡᠯᠧᠺᠲᠷᠣᠨ ᠬᠡᠪᠯᠡᠯ ᠤᠨ ︽ᠯᠠᠪᠯᠠᠨ ᠠᠰᠠᠭᠤᠭᠰᠠᠨ | ᠲᠡᠮᠳᠡᠭᠯᠡᠯ︾ ᠢ ᠲᠠᠭᠯᠠᠬᠤ ᠶᠢᠨ ᠬᠠᠮᠲᠤ ᠡᠯᠧᠺᠲᠷᠣᠨ ᠭᠠᠷ ᠤᠨ ᠥᠰᠥᠭ ᠵᠢᠷᠤᠬᠤ ᠬᠡᠷᠡᠭᠲᠡᠶ ᠪᠥᠭᠡᠳ ᠡᠯᠧᠺᠲᠷᠣᠨ | ᠯᠠᠪᠯᠠᠨ ᠠᠰᠠᠭᠤᠭᠰᠠᠨ ᠸᠢᠳᠢᠣ᠋ ᠶᠢ ᠰᠢᠩᠭᠡᠭᠡᠨ ᠦᠢᠯᠡᠳᠴᠦ ᠭᠤᠶᠤᠴᠢᠯᠠᠭᠰᠠᠨ ᠲᠠᠩᠰᠠᠯᠠᠭᠤᠯᠬᠤ ᠵᠦᠢᠯᠡᠰ ᠨᠢ | ᠦᠨᠡᠨ ᠰᠠᠨᠠᠭᠠᠨ ᠤ ᠢᠯᠡᠳᠬᠡᠯᠲᠡ ᠪᠣᠯᠬᠤ ᠶᠢ ᠢᠯᠡᠳᠬᠡᠵᠦ᠂ ᠬᠠᠩᠭᠠᠭᠰᠠᠨ ᠮᠠᠲ᠋ᠧᠷᠢᠶᠠᠯ ᠪᠣᠯᠤᠨ ᠭᠡᠷᠡᠴᠢ | ᠦᠨᠡᠮᠯᠡᠯ ᠨᠢ ᠦᠨᠡᠨ ᠪᠣᠳᠠᠲᠠᠶ ᠪᠥᠭᠡᠳ ᠬᠦᠴᠦᠨ ᠲᠠᠢ ᠪᠠᠶᠢᠬᠤ ᠬᠡᠷᠡᠭᠲᠡᠢ᠃ ᠪᠣᠶ ᠪᠥᠬᠦᠶ ᠭᠤᠶᠤᠴᠢᠯᠠᠯ ᠤᠨ | ᠮᠠᠲ᠋ᠧᠷᠢᠶᠠᠯ ᠢ ᠴᠥᠮ ᠣᠭ ᠮᠠᠲ᠋ᠧᠷᠢᠶᠠᠯ ᠢ ᠳᠡᠭᠡᠭᠰᠢ ᠳᠠᠮᠵᠢᠭᠤᠯᠵᠤ᠂ ᠭᠤᠶᠤᠴᠢᠯᠠᠭᠴᠢ ᠳᠠᠭᠢᠵᠤ ᠴᠠᠭᠠᠰᠤᠨ ᠤ | ᠭᠤᠶᠤᠴᠢᠯᠠᠯ ᠤᠨ ᠮᠠᠲ᠋ᠧᠷᠢᠶᠠᠯ ᠢ ᠬᠠᠩᠭᠠᠬᠤ ᠥᠬᠡᠶ᠂ ᠡᠯᠧᠺᠲᠷᠣᠨ ᠮᠠᠲ᠋ᠧᠷᠢᠶᠠᠯ ᠢ ᠦᠨᠳᠦᠰᠦᠯᠡᠨ ᠭᠦᠢᠴᠡᠳᠭᠡᠨ᠎ᠡ᠃ | | ︵ᠬᠤᠶᠠᠷ︶ ᠭᠥᠯᠢᠶᠡᠨ ᠠᠪᠤᠭᠴᠢ ᠭᠤᠶᠤᠴᠢᠯᠠᠭᠴᠢ ᠶᠢᠨ ᠳᠡᠭᠡᠭᠰᠢ ᠳᠠᠮᠵᠢᠭᠤᠯᠤᠭᠰᠠᠨ ᠡᠯᠧᠺᠲᠷᠣᠨ | ᠮᠠᠲ᠋ᠧᠷᠢᠶᠠᠯ ᠢ ᠦᠨᠳᠦᠰᠦᠯᠡᠨ ᠭᠥᠯᠢᠶᠡᠨ ᠠᠪᠴᠤ ᠰᠢᠢᠳᠪᠦᠷᠢᠯᠡᠬᠦ ᠳᠡᠭᠡᠨ᠂ ᠭᠤᠶᠤᠴᠢᠯᠠᠭᠴᠢ ᠶᠢᠨ ᠲᠤᠰᠢᠶᠠᠭᠰᠠᠨ | ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠢ ᠴᠠᠭ ᠲᠤᠬᠠᠶ ᠳᠤᠨᠢ ᠭᠥᠯᠢᠶᠡᠨ ᠠᠪᠴᠤ ᠰᠢᠢᠳᠪᠦᠷᠢᠯᠡᠬᠦ ᠬᠡᠷᠡᠭᠲᠡᠶ᠂ | ᠬᠡᠷᠪᠡ ᠲᠤᠬᠠᠶᠢᠯᠠᠭᠰᠠᠨ ᠠᠵᠢᠯ ᠨᠢ ᠭᠥᠯᠢᠶᠡᠨ ᠠᠪᠴᠤ ᠰᠢᠢᠳᠪᠦᠷᠢᠯᠡᠬᠦ ᠨᠥᠬᠦᠴᠡᠯ ᠳᠤ ᠨᠡᠶᠢᠴᠡᠬᠦ ᠥᠬᠡᠶ ᠪᠣᠯ 1 | ᠠᠵᠢᠯᠯᠠᠬᠤ ᠡᠳᠦᠷ ᠤᠨ ᠳᠣᠲᠣᠷ᠎ᠠ ᠴᠠᠭ ᠲᠤᠬᠠᠶ ᠳᠤᠨᠢ ᠪᠤᠴᠠᠭᠠᠬᠤ ᠶᠢᠨ ᠬᠠᠮᠲᠤ ᠪᠤᠴᠠᠭᠠᠭᠰᠠᠨ ᠰᠢᠯᠲᠠᠭᠠᠨ ᠢᠶᠠᠨ | ᠨᠠᠷᠢᠨ ᠲᠣᠳᠣᠷᠬᠠᠶᠢᠯᠠᠬᠤ ᠬᠡᠷᠡᠭᠲᠡᠶ᠃ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠭᠰᠡᠨ ᠤ ᠳᠠᠷᠠᠭ᠎ᠠ | ᠰᠢᠰᠲ᠋ᠧᠮ ᠠᠴᠠ ᠡᠯᠧᠺᠲᠷᠣᠨ ᠬᠡᠪᠯᠡᠯ ᠤᠨ ︽ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ ᠭᠥᠯᠢᠶᠡᠨ | ᠠᠪᠴᠤ ᠰᠢᠢᠳᠪᠦᠷᠢᠯᠡᠭᠰᠡᠨ ᠭᠡᠷᠡᠴᠢ ᠪᠠᠷᠢᠮᠲᠠ︾ ᠪᠠ ︽ᠰᠦᠢᠳᠬᠡᠯ ᠲᠤᠰᠢᠶᠠᠬᠤ ᠮᠡᠳᠡᠭᠳᠡᠯ ᠤᠨ ᠬᠠᠭᠤᠳᠠᠰᠤ︾ ᠶᠢ | ᠠᠶᠠᠨᠳᠠᠭᠠᠨ ᠪᠣᠶ ᠪᠣᠯᠭᠠᠨ᠎ᠠ᠃ | ︵ᠭᠤᠷᠪᠠ︶ ᠬᠢᠨᠠᠨ ᠬᠠᠷᠭᠤᠭᠤᠯᠵᠤ ᠳᠡᠩᠰᠡᠯᠡᠨ ᠬᠠᠷᠭᠤᠭᠤᠯᠬᠤ ᠠᠵᠢᠯᠲᠠᠨ ᠭᠤᠶᠤᠴᠢᠯᠠᠭᠴᠢ ᠶᠢᠨ ᠳᠡᠭᠡᠭᠰᠢ | ᠳᠠᠮᠵᠢᠭᠤᠯᠤᠭᠰᠠᠨ ᠡᠯᠧᠺᠲᠷᠣᠨ ᠮᠠᠲ᠋ᠧᠷᠢᠶᠠᠯ ᠢ ᠦᠨᠳᠦᠰᠦᠯᠡᠨ ᠬᠢᠨᠠᠨ ᠬᠠᠷᠭᠤᠭᠤᠯᠵᠤ᠂ ᠳᠡᠩᠰᠡᠯᠡᠨ | ᠲᠡᠮᠳᠡᠭᠯᠡᠬᠦ ᠳᠡᠭᠡᠨ ᠭᠤᠶᠤᠴᠢᠯᠠᠭᠴᠢ ᠶᠢᠨ ᠲᠤᠰᠢᠶᠠᠭᠰᠠᠨ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠢ ᠴᠠᠭ | ᠲᠤᠬᠠᠶ ᠳᠤᠨᠢ ᠬᠢᠨᠠᠨ ᠬᠠᠷᠭᠤᠭᠤᠯᠵᠤ᠂ ᠳᠡᠩᠰᠡᠯᠡᠨ ᠲᠡᠮᠳᠡᠭᠯᠡᠬᠦ ᠬᠡᠷᠡᠭᠲᠡᠶ᠂ ᠬᠡᠷᠪᠡ ᠲᠤᠬᠠᠶᠢᠯᠠᠭᠰᠠᠨ ᠠᠵᠢᠯ ᠨᠢ | ᠳᠠᠩᠰᠠᠯᠠᠬᠤ ᠨᠥᠬᠦᠴᠡᠯ ᠳᠤ ᠨᠡᠶᠢᠴᠡᠬᠦ ᠥᠬᠡᠶ ᠪᠣᠯ 1 ᠠᠵᠢᠯᠯᠠᠬᠤ ᠡᠳᠦᠷ ᠤᠨ ᠳᠣᠲᠣᠷ᠎ᠠ ᠴᠠᠭ ᠲᠤᠬᠠᠶ ᠳᠤᠨᠢ | ᠭᠥᠯᠢᠶᠡᠨ ᠠᠪᠴᠤ ᠰᠢᠢᠳᠪᠦᠷᠢᠯᠡᠬᠦ ᠭᠤᠭᠴᠤᠭ᠎ᠠ ᠳᠤ ᠪᠤᠴᠠᠭᠠᠬᠤ ᠶᠢᠨ ᠬᠠᠮᠲᠤ ᠪᠤᠴᠠᠭᠠᠭᠰᠠᠨ ᠰᠢᠯᠲᠠᠭᠠᠨ ᠢᠶᠠᠨ | ᠲᠣᠳᠣᠷᠬᠠᠶᠢᠯᠠᠬᠤ ᠬᠡᠷᠡᠭᠲᠡᠶ᠃ | ︵ᠳᠥᠷᠪᠡ︶ ᠰᠦᠢᠳᠬᠡᠯ ᠲᠤᠰᠢᠶᠠᠬᠤ ᠦᠨᠡᠮᠯᠡᠯ ᠣᠯᠭᠤᠬᠤ ᠳᠤ ᠭᠤᠶᠤᠴᠢᠯᠠᠭᠴᠢ ᠨᠢ ᠥᠯᠥ ᠬᠥᠳᠡᠯᠬᠦ | ᠬᠥᠷᠥᠩᠭᠡ ᠶᠢᠨ ︽ᠰᠦᠯᠵᠢᠶᠡᠨ ᠳᠡᠭᠡᠷ᠎ᠡ ᠠᠵᠢᠯ ᠶᠠᠪᠤᠳᠠᠯ ᠬᠦᠢᠴᠡᠳᠭᠡᠬᠦ ᠲᠢᠩᠬᠢᠮ︾ ᠢᠶᠠᠷ ᠳᠡᠮᠵᠢᠨ ᠳᠠᠩᠰᠠᠯᠠᠬᠤ | ᠰᠦᠢᠳᠬᠡᠯ ᠢᠶᠠᠨ ᠲᠤᠰᠢᠶᠠᠵᠤ᠂ ᠰᠦᠢᠳᠬᠡᠯ ᠲᠤᠰᠢᠶᠠᠭᠰᠠᠨ ᠤ ᠳᠠᠷᠠᠭ᠎ᠠ ᠲᠤᠰᠴᠤ ᠤᠯᠤᠭᠰᠠᠨ ᠣᠬᠤᠷ | ᠮᠡᠳᠡᠭᠡ ᠪᠠᠷ ᠢᠶᠠᠨ ᠡᠷᠬᠡᠲᠦ ᠬᠥᠮᠦᠨ ᠤ ᠪᠡᠶ᠎ᠡ ᠶᠢᠨ ᠦᠨᠡᠮᠯᠡᠯ ᠢᠶᠠᠨ ᠠᠪᠴᠤ ᠦᠨᠡᠮᠯᠡᠯ ᠣᠯᠭᠤᠬᠤ ᠴᠣᠩᠬᠤᠨ ᠳᠤ | ᠬᠦᠷᠴᠦ ᠦᠨᠡᠮᠯᠡᠯ ᠠᠪᠤᠨ᠎ᠠ᠃ ᠦᠨᠡᠮᠯᠡᠯ ᠣᠯᠭᠤᠭᠴᠢ ︽ᠦᠨᠡᠮᠯᠡᠯ ᠠᠪᠤᠭᠰᠠᠨ ᠭᠡᠷᠡᠴᠢ ᠪᠠᠷᠢᠮᠲᠠ︾ ᠶᠢ | ᠳᠠᠷᠤᠮᠠᠯᠯᠠᠵᠤ ᠭᠠᠷ ᠤᠨ ᠥᠰᠥᠭ ᠵᠢᠷᠤᠭᠰᠠᠨ ᠤ ᠳᠠᠷᠠᠭ᠎ᠠ ᠰᠢᠷᠪᠢᠵᠦ ᠰᠢᠰᠲ᠋ᠧᠮ ᠳᠤ ᠣᠷᠤᠭᠤᠯᠤᠨ ᠡᠯᠧᠺᠲᠷᠣᠨ | ᠲᠠᠩᠰᠠ ᠡᠪᠬᠡᠮᠡᠯ ᠢ ᠪᠣᠶ ᠪᠣᠯᠭᠠᠬᠤ ᠶᠢᠨ ᠬᠠᠮᠲᠤ ︽ᠦᠨᠡᠮᠯᠡᠯ ᠠᠪᠤᠭᠰᠠᠨ ᠭᠡᠷᠡᠴᠢ ᠪᠠᠷᠢᠮᠲᠠ︾ ᠶᠢ ᠬᠤᠷᠢᠶᠠᠨ | ᠠᠪᠴᠤ ᠤᠰᠠᠳᠬᠠᠨ᠎ᠠ᠃ ︽ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︾ ᠢ ᠬᠤᠷᠢᠶᠠᠨ ᠠᠪᠬᠤ ᠳᠤ | ᠬᠤᠯᠪᠣᠭᠳᠠᠭᠰᠠᠨ ᠲᠤᠬᠠᠶᠢᠯᠠᠭᠰᠠᠨ ᠠᠵᠢᠯ ᠳᠤ᠂ ᠴᠠᠭ ᠲᠤᠬᠠᠶ ᠳᠤᠨᠢ ᠬᠦᠴᠦᠨ ᠥᠬᠡᠶ ᠪᠣᠯᠭᠠᠬᠤ ᠲᠠᠮᠠᠭ᠎ᠠ | ᠳᠠᠷᠤᠬᠤ ᠶᠢᠨ ᠬᠠᠮᠲᠤ ᠠᠰ ᠲᠤᠨᠢ ᠬᠠᠳᠠᠭᠠᠯᠠᠬᠤ ᠬᠡᠷᠡᠭᠲᠡᠶ᠃ | | ᠢᠷᠡᠯᠲᠡ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ | |