ᠠᠵᠤ ᠠᠬᠤᠶᠢᠯᠠᠯ ᠤᠨ ᠬᠤᠭᠤᠷᠤᠨᠳᠤᠬᠢ ᠣᠷᠣᠨ ᠰᠠᠭᠤᠴᠠ ᠶᠢᠨ ᠪᠤᠰᠤ ᠦᠯᠡᠳᠡᠭᠡᠯ ᠭᠡᠷ ᠪᠠᠶᠢᠰᠢᠩ ᠢ ᠰᠢᠯᠵᠢᠭᠦᠯᠦᠨ ᠳᠠᠩᠰᠠᠯᠠᠬᠤ ᠳᠤ ︽ᠨᠢᠭᠡ ᠭᠤᠭᠴᠤᠭ᠎ᠠ︾ ᠳᠤ ᠪᠡᠶᠡᠯᠡᠬᠦᠯᠬᠦ ᠶᠢ ᠬᠡᠷᠡᠭᠵᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/10/8
     ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ  ᠰᠢᠯᠢᠳᠡᠭᠵᠢᠬᠦᠯᠵᠦ᠂ ᠠᠵᠤ ᠠᠬᠤᠶᠢᠯᠠᠯ ᠳᠤ ᠦᠢᠯᠡᠴᠢᠯᠡᠬᠦ ᠲᠤᠰᠬᠠᠶ ᠴᠣᠩᠬᠤ  ᠭᠠᠷᠭᠠᠨ᠂ ᠠᠵᠤ ᠠᠬᠤᠶᠢᠯᠠᠯ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ  ᠬᠢᠬᠦ ᠳᠤ᠂ ᠲᠤᠰᠬᠠᠶ ᠬᠥᠮᠦᠨ ᠢᠶᠠᠷ ᠵᠣᠯᠭᠠᠭᠤᠯᠵᠤ᠂ ᠤᠷᠢᠳᠠᠪᠠᠷ ᠭᠥᠯᠢᠶᠡᠨ ᠠᠪᠴᠤ  ᠰᠢᠢᠳᠪᠦᠷᠢᠯᠡᠨ ᠂  ᠤᠴᠢᠷ  ᠶᠠᠪᠤᠳᠠᠯ ᠤᠨ ᠡᠮᠦᠨᠡᠬᠢ᠂  ᠤᠴᠢᠷ ᠶᠠᠪᠤᠳᠠᠯ ᠤᠨ ᠲᠤᠮᠳᠠᠬᠢ᠂ ᠤᠴᠢᠷ ᠶᠠᠪᠤᠳᠠᠯ ᠤᠨ ᠳᠠᠷᠠᠭᠠᠬᠢ ᠪᠥᠬᠦ ᠶᠠᠪᠤᠴᠠ ᠶᠢᠨ ᠦᠢᠯᠡᠴᠢᠯᠡᠭᠡ ᠬᠠᠩᠭᠠᠬᠤ ᠶᠢᠨ ᠲᠤᠰᠠᠳᠠ᠂ ᠡᠳᠦᠭᠡ ᠬᠤᠯᠪᠣᠭᠳᠠᠯ ᠬᠠᠮᠢᠶ᠎ᠠ ᠪᠦᠬᠦᠢ ᠤᠴᠢᠷ ᠶᠠᠪᠤᠳᠠᠯ ᠢ ᠳᠣᠤᠷᠠᠬᠢ ᠮᠡᠲᠦ ᠮᠡᠳᠡᠭᠳᠡᠶ᠎ᠡ᠄      01      ᠲᠤᠬᠠᠶᠢᠯᠠᠭᠰᠠᠨ ᠠᠵᠢᠯ ᠤᠨ ᠬᠡᠪᠴᠢᠶ᠎ᠡ      ᠠᠵᠤ ᠠᠬᠤᠶᠢᠯᠠᠯ ᠤᠨ ᠬᠠᠤᠯᠢ ᠶᠢᠨ ᠡᠷᠭᠡᠳᠡᠨ ᠤ ᠬᠤᠭᠤᠷᠤᠨᠳᠤᠬᠢ ᠤᠯᠤᠰ ᠤᠨ ᠥᠮᠴᠢᠯᠡᠯ ᠤᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠵᠢᠴᠢ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠦᠯᠡᠳᠡᠭᠡᠯ ᠣᠷᠤᠨ ᠰᠠᠭᠤᠴᠠ ᠶᠢᠨ ᠪᠣᠰᠤ ᠭᠡᠷ ᠪᠠᠶᠢᠰᠢᠩ ᠢ ᠰᠢᠯᠵᠢᠬᠦᠯᠦᠨ ᠲᠠᠩᠰᠠᠯᠠᠬᠤ ᠳᠤ ᠲᠣᠬᠢᠷᠠᠨ᠎ᠠ᠃      02      ᠰᠢᠯᠢᠳᠡᠭᠵᠢᠬᠦᠯᠦᠭᠰᠡᠨ ᠴᠤᠪᠤᠷᠠᠯ      ᠠᠵᠤ ᠠᠬᠤᠶᠢᠯᠠᠯ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ︽ ᠮᠦᠩᠭᠡ ᠰᠣᠪᠠᠭ ᠤᠨ ᠨᠢᠭᠡ ᠯᠡ ᠤᠳᠠᠭ᠎ᠠ ᠳᠤ ᠭᠦᠢᠴᠡᠳᠭᠡᠬᠦ︾ ᠲᠤᠰᠬᠠᠶ ᠴᠣᠩᠬᠤᠨ ᠳᠤ ᠭᠦᠢᠴᠡᠳᠭᠡᠵᠦ᠂ ᠭᠤᠶᠤᠴᠢᠯᠠᠬᠤ᠂ ᠭᠥᠯᠢᠶᠡᠨ ᠠᠪᠴᠤ  ᠰᠢᠢᠳᠪᠦᠷᠢᠯᠡᠬᠦ᠂ ᠦᠨᠡᠮᠯᠡᠯ ᠣᠯᠭᠤᠬᠤ ᠲᠤᠬᠠᠶᠢᠯᠠᠭᠰᠠᠨ ᠠᠵᠢᠯ ᠤᠨ ᠪᠥᠬᠦ ᠶᠠᠪᠤᠴᠠ  ᠶᠢ ︽ᠨᠢᠭᠡ ᠭᠤᠭᠴᠤᠭ᠎ᠠ︾  ᠳᠤ ᠪᠡᠶᠡᠯᠡᠭᠦᠯᠦᠨ᠎ᠡ᠃ ᠡᠭᠦᠨ ᠤ ᠵᠡᠷᠭᠡᠪᠡᠷ᠂ ᠪᠠᠰᠠ ︽ᠰᠦᠢᠳᠬᠡᠯ ᠬᠤᠷᠢᠶᠠᠬᠤ ᠦᠭᠡᠶ ᠪᠠᠷ ᠰᠢᠦᠳᠠᠨ ᠢᠶᠠᠷ ᠢᠯᠡᠭᠡᠬᠦ︾ ᠪᠠᠷ  ᠳᠠᠮᠵᠢᠭᠤᠯᠤᠨ ︽ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︾ ᠢ ᠢᠯᠡᠭᠡᠵᠦ ᠪᠣᠯᠤᠨ᠎ᠠ᠃      ᠲᠤᠬᠠᠶᠢᠯᠠᠭᠰᠠᠨ ᠠᠵᠢᠯ ᠢ ᠭᠦᠢᠴᠡᠳᠭᠡᠬᠦ ᠶᠠᠪᠤᠴᠠ᠄ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ︵ᠣᠷᠣᠯᠠᠭᠴᠢ︶ ᠭᠤᠶᠤᠴᠢᠯᠠᠬᠤ ︵ᠤᠷᠢᠳᠴᠢᠯᠠᠨ ᠪᠣᠯᠵᠣᠬᠤ ᠬᠡᠷᠡᠭ ᠦᠭᠡᠢ︶ — ︽ᠮᠥᠩᠭᠡ ᠰᠤᠪᠠᠭ᠂ ᠨᠢᠭᠡ ᠯᠡ ᠤᠳᠠᠭ᠎ᠠ ᠳᠤ ᠬᠦᠢᠴᠡᠳᠬᠡᠬᠦ︾ ᠲᠤᠰᠬᠠᠶ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ — ᠦᠨᠡᠮᠯᠡᠯ ᠣᠯᠭᠤᠬᠤ᠃      03      ᠭᠦᠢᠴᠡᠳᠬᠡᠬᠦ ᠴᠠᠭ ᠤᠨ ᠬᠢᠵᠠᠭᠠᠷᠯᠠᠯ      ᠠᠵᠤ ᠠᠬᠤᠶᠢᠯᠠᠯ ᠤᠨ ᠬᠤᠭᠤᠷᠤᠨᠳᠤᠬᠢ ᠣᠷᠣᠨ ᠰᠠᠭᠤᠴᠠ ᠶᠢᠨ ᠪᠤᠰᠤ ᠭᠡᠷ ᠪᠠᠶᠢᠰᠢᠩ ᠢ ᠰᠢᠯᠵᠢᠭᠦᠯᠦᠨ ᠲᠠᠩᠰᠠᠯᠠᠬᠤ ᠶᠢ 90 ᠮᠢᠨᠦ᠋ᠲ ᠲᠤ ᠭᠦᠢᠴᠡᠳᠭᠡᠵᠦ ᠳᠠᠭᠤᠰᠬᠠᠭᠠᠳ ᠦᠨᠡᠮᠯᠡᠯ ᠣᠯᠭᠤᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号