ᠦᠴᠤᠸᠠᠨ ᠰᠢᠶᠠᠨ ᠤ ᠬᠤᠭᠤᠯᠠᠢ ᠠᠭᠤᠯᠠ ᠰᠢᠶᠠᠩ ᠲᠦᠷᠪᠡᠨ ᠵᠦᠢᠯ ᠤᠨ ᠠᠷᠭ᠎ᠠ ᠬᠡᠮᠵᠢᠶ᠎ᠡ ᠠᠪᠴᠤ ᠲᠣᠰᠬᠤᠨ ᠤ ᠠᠷᠠᠳ ᠤᠨ ᠯᠠᠪᠳᠠᠭᠤᠨ ᠢᠶᠠᠷ ᠴᠢᠨᠡᠭᠡᠯᠢᠭᠵᠢᠬᠦ ᠶᠢ ᠪᠠᠲᠤᠯᠠᠵᠠᠢ
ᠨᠡᠶᠢᠲᠡᠯᠡᠭᠰᠡᠨ ᠴᠠᠭ᠄
2021/11/15
    ᠲᠤᠰ ᠰᠣᠨᠢᠨ ᠤ ᠮᠡᠳᠡᠭᠡ ︵ᠰᠤᠷᠪᠤᠯᠵᠢᠯᠠᠭᠴᠢ ᠶᠦᠨ ᠶᠠᠨ ᠹᠠᠩ︶ ᠦᠴᠤᠸᠠᠨ ᠰᠢᠶᠠᠨ ᠤ ᠬᠤᠭᠤᠯᠠᠢ ᠠᠭᠤᠯᠠ ᠰᠢᠶᠠᠩ ᠦᠴᠤᠸᠠᠨ ᠰᠢᠶᠠᠨ ᠤ ᠵᠡᠭᠦᠨ ᠬᠤᠶᠢᠲᠤ ᠬᠡᠰᠡᠭ ᠲᠤ ᠪᠠᠶᠢᠷᠢᠯᠠᠵᠤ᠂ ᠪᠦᠬᠦ ᠰᠢᠶᠠᠨ ᠤ ᠲᠥᠯᠥᠪᠵᠢᠭᠦᠯᠦᠨ ᠪᠠᠶᠢᠭᠤᠯᠤᠭᠰᠠᠨ ᠤᠳᠤ ᠦᠶ᠎ᠡ ᠶᠢᠨ ᠠᠮᠢ ᠠᠬᠤᠢ ᠶᠢᠨ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢᠨ ᠣᠷᠣᠨ ᠳᠤ ᠬᠠᠷᠢᠶᠠᠯᠠᠭᠳᠠᠨ᠎ᠠ᠃ ᠬᠦᠢᠲᠡᠨ ᠰᠡᠷᠢᠭᠦᠨ ᠠᠭᠤᠷ ᠠᠮᠢᠰᠬᠤᠯ ᠤᠨ ᠣᠨᠴᠠᠯᠢᠭ ᠪᠠ ᠳᠤᠮᠳᠠ ᠵᠡᠭᠦᠨ ᠬᠡᠰᠡᠭ ᠤᠨ ᠭᠠᠵᠠᠷ ᠣᠷᠣᠨ ᠤ ᠬᠥᠮᠦᠨ ᠳᠤᠮᠳᠠᠴᠢ ᠶᠢᠨ ᠭᠠᠵᠠᠷ ᠰᠢᠷᠣᠶ ᠨᠡᠯᠢᠶᠡᠳ ᠠᠷᠪᠢᠨ ᠪᠠᠶᠢᠬᠤ ᠪᠣᠳᠠᠲᠤ ᠪᠠᠶᠢᠳᠠᠯ ᠳᠤ ᠰᠠᠭᠤᠷᠢᠯᠠᠨ᠂  ᠬᠤᠭᠤᠯᠠᠢ ᠠᠭᠤᠯᠠ ᠰᠢᠶᠠᠩ ᠡᠩ ᠲᠡᠷᠢᠭᠦᠨ ᠳᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠵᠠᠭᠪᠤᠷ ᠢᠶᠠᠷ ᠢᠳᠡᠭᠡᠨ ᠤ ᠮᠦᠬᠦ ᠶᠢᠨ ᠲᠠᠷᠢᠮᠠᠯ ᠤᠨ ᠰᠠᠭᠤᠷᠢᠨ ᠢ ᠪᠠᠶᠢᠭᠤᠯᠵᠤ᠂ ᠢᠳᠡᠭᠡᠨ ᠤ ᠮᠦᠬᠦ ᠶᠢᠨ ᠠᠵᠤ ᠦᠢᠯᠡᠰ ᠲᠤ ᠲᠦᠰᠢᠭᠯᠡᠨ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠵᠦ᠂ ᠦᠴᠤᠸᠠᠨ ᠰᠢᠶᠠᠨ ᠤ ᠮᠦᠬᠦ ᠶᠢᠨ ᠭᠠᠷᠤᠯᠲᠠ ᠶᠢᠨ ᠬᠥᠭᠵᠢᠶᠡᠨᠲᠡᠢ ᠤᠯᠠᠷᠢᠯ ᠪᠣᠯ ᠶᠠᠭ ᠪᠦᠬᠦ ᠤᠯᠤᠰ ᠤᠨ ᠪᠤᠰᠤᠳ ᠣᠷᠣᠨ ᠪᠦᠰᠡ ᠶᠢᠨ ᠮᠦᠬᠦ ᠶᠢᠨ ᠭᠠᠷᠤᠯᠲᠠ ᠶᠢᠨ ᠬᠥᠭᠵᠢᠯ ᠮᠠᠭᠤᠲᠠᠢ ᠤᠯᠠᠷᠢᠯ ᠪᠣᠯᠬᠤ ᠳᠠᠪᠠᠭᠤᠯᠢᠭ ᠢ ᠭᠦᠢᠴᠡᠳ ᠠᠰᠢᠭᠯᠠᠵᠤ᠂ ᠦᠴᠤᠸᠠᠨ ᠤ ᠮᠦᠬᠦ ᠶᠢᠨ ᠦᠢᠯᠡᠰ ᠤᠨ ᠳᠠᠪᠠᠯᠲᠠ ᠶᠢᠨ ᠴᠢᠨᠠᠷᠲᠠᠢ ᠬᠥᠭᠵᠢᠯᠲᠡ ᠶᠢ ᠪᠡᠶᠡᠯᠡᠭᠦᠯᠵᠦ᠂ ᠶᠠᠳᠠᠭᠤ ᠬᠦᠴᠢᠷᠳᠡᠯᠲᠡᠢ ᠤᠯᠠᠨ ᠲᠦᠮᠡᠨ ᠢ ᠲᠠᠶᠢᠴᠢᠯᠠᠨ ︽ᠶᠠᠳᠠᠭᠤ ᠶᠢᠨ ᠡᠭᠦᠷ ᠢ ᠨᠡᠭᠦᠯᠭᠡᠵᠦ᠂ ᠶᠠᠳᠠᠭᠤ ᠶᠢᠨ ᠮᠠᠯᠠᠭᠠᠢ ᠶᠢ ᠨᠢ ᠠᠪᠴᠤ ᠬᠠᠶᠠᠬᠤ︾ ᠪᠣᠯᠭᠠᠵᠠᠢ᠃ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠦᠭᠰᠡᠨ ᠤ ᠲᠠᠷᠠᠭ᠎ᠠ᠂ ᠬᠤᠭᠤᠯᠠᠢ ᠠᠭᠤᠯᠠ ᠰᠢᠶᠠᠩ ᠤᠨ ᠬᠢᠨ ᠦᠷᠭᠦᠯᠵᠢᠯᠡᠨ ᠪᠠᠲᠤᠳᠬᠠᠨ ᠳᠡᠭᠡᠭᠰᠢᠯᠡᠭᠦᠯᠬᠦ ᠶᠢ ᠬᠦᠴᠦᠯᠡᠨ ᠴᠢᠩᠭᠠᠳᠬᠠᠵᠤ᠂ ᠲᠣᠰᠬᠤᠨ ᠤ ᠠᠷᠠᠳ ᠤᠨ ᠯᠠᠪᠳᠠᠭᠤᠨ ᠢᠶᠠᠷ ᠴᠢᠨᠡᠭᠡᠯᠢᠭᠵᠢᠬᠦ ᠵᠠᠮ ᠢᠶᠠᠷ ᠵᠠᠮᠨᠠᠬᠤ ᠶᠢ ᠪᠠᠲᠤᠯᠠᠵᠠᠢ᠃      ᠤᠯᠠᠮᠵᠢᠯᠠᠯᠲᠤ ᠠᠵᠤ ᠦᠢᠯᠡᠰ ᠢ ᠲᠣᠭᠲᠠᠪᠤᠷᠢᠵᠢᠭᠤᠯᠵᠤ᠂ ᠰᠢᠨ᠎ᠡ ᠬᠡᠯᠪᠡᠷᠢ ᠶᠢᠨ ᠠᠵᠤ ᠦᠢᠯᠡᠰ ᠢ ᠠᠬᠢᠭᠤᠯᠪᠠ᠃ ᠬᠤᠭᠤᠯᠠᠢ ᠠᠭᠤᠯᠠ ᠰᠢᠶᠠᠩ ᠬᠥᠳᠡᠭᠡ ᠠᠵᠤ ᠠᠬᠤᠢ ᠶᠢᠨ ᠲᠤᠮᠤ ᠰᠢᠶᠠᠩ ᠤᠨ ᠪᠣᠳᠠᠲᠤ ᠪᠠᠶᠢᠳᠠᠯ ᠢ ᠪᠠᠲᠤ ᠡᠵᠡᠮᠳᠡᠵᠦ᠂ ᠪᠦᠬᠦ ᠰᠢᠶᠠᠨ ᠤ ︽ᠲᠦᠷᠪᠡᠨ ᠠᠵᠤ ᠦᠢᠯᠡᠰ ᠤᠨ ᠬᠡᠯᠬᠢᠶ᠎ᠡ︾ ᠶᠢᠨ ᠬᠥᠭᠵᠢᠯᠲᠡ ᠶᠢ ᠠᠬᠢᠭᠤᠯᠬᠤ ᠬᠤᠯᠪᠣᠭᠳᠠᠯ ᠪᠦᠬᠦᠢ ᠱᠠᠭᠠᠷᠳᠠᠯᠭ᠎ᠠ ᠲᠠᠢ ᠤᠶᠠᠯᠳᠤᠭᠤᠯᠵᠤ᠂ ᠲᠥᠮᠥᠰᠥ᠂ ᠨᠡᠷᠡᠨ ᠬᠤᠸᠠᠷ ᠵᠡᠷᠭᠡ ᠤᠯᠠᠮᠵᠢᠯᠠᠯᠲᠤ ᠠᠵᠤ ᠠᠬᠤᠢ ᠶᠢᠨ ᠲᠠᠷᠢᠮᠠᠯ ᠤᠨ ᠰᠢᠨ᠎ᠡ ᠬᠡᠯᠪᠡᠷᠢ ᠶᠢᠨ ᠥᠨᠳᠥᠷ ᠤᠨᠠᠯᠲᠠ ᠲᠠᠢ ᠴᠢᠨᠠᠷ ᠰᠠᠶᠢᠲᠠᠢ ᠲᠦᠷᠦᠯ ᠵᠦᠢᠯ ᠢ ᠦᠷᠭᠦᠯᠵᠢᠯᠡᠨ ᠤᠬᠠᠭᠤᠯᠤᠨ ᠳᠡᠯᠭᠡᠷᠡᠭᠦᠯᠵᠦ᠂ ᠪᠦᠲᠦᠭᠡᠭᠳᠡᠬᠦᠨ ᠤ ᠵᠠᠬ᠎ᠠ ᠳᠡᠯᠭᠡᠭᠦᠷ ᠲᠠᠬᠢ ᠦᠷᠢᠰᠦᠯᠳᠦᠬᠦ ᠬᠦᠴᠦᠨ ᠢ ᠴᠢᠷᠮᠠᠶᠢᠨ ᠳᠡᠭᠡᠭᠰᠢᠯᠡᠭᠦᠯᠪᠡ᠃ ᠶᠠᠨ ᠬᠦ᠋ ᠹᠠᠩ ᠢᠶᠠᠷ ᠲᠦᠷᠦᠭᠦᠯᠡᠭᠦᠯᠦᠨ᠂ ᠲᠠᠷᠢᠶᠠᠴᠢᠳ ᠤᠨ ᠵᠠᠬᠢᠶᠠᠯᠠᠭ᠎ᠠ ᠶᠢᠨ ᠵᠠᠭᠪᠤᠷ ᠢᠶᠠᠷ ᠶᠤᠤᠮᠠᠢ ᠶᠢᠨ ᠲᠠᠷᠢᠮᠠᠯ ᠢ ᠬᠥᠭᠵᠢᠭᠦᠯᠵᠦ᠂ ᠠᠵᠤ ᠠᠬᠤᠢ ᠶᠢᠨ ᠲᠠᠷᠢᠮᠠᠯ ᠲᠠᠢ ᠡᠭᠡᠯᠵᠢᠯᠡᠨ ᠲᠠᠷᠢᠬᠤ ᠶᠢ ᠪᠡᠶᠡᠯᠡᠭᠦᠯᠬᠦ ᠶᠢ ᠬᠦᠴᠦᠯᠡᠨ ᠬᠦᠳᠦᠯᠦᠨ ᠵᠢᠯᠤᠭᠤᠳᠪᠠ᠃ ᠨᠠᠮ ᠤᠨ ᠭᠡᠰᠢᠭᠦᠨ ᠲᠦᠷᠦᠭᠦᠯᠡᠬᠦ᠂ ᠨᠡᠶᠢᠲᠡᠯᠢᠭ ᠵᠢᠱᠢᠶ᠎ᠡ ᠦᠵᠡᠭᠦᠯᠬᠦ ᠵᠡᠷᠭᠡ ᠵᠠᠭᠪᠤᠷ ᠢᠶᠠᠷ ᠨᠠᠩᠭᠤᠸᠠ᠂ ᠡᠮ ᠤᠨ ᠮᠠᠲ᠋ᠧᠷᠢᠶᠠᠯ ᠵᠡᠷᠭᠡ ᠶᠢ ᠬᠠᠶᠢᠨ ᠰᠦᠪᠡᠭᠴᠢᠯᠡᠵᠦ᠂ ᠲᠣᠰᠬᠤᠨ ᠤ ᠬᠠᠮᠲᠤ ᠶᠢᠨ ᠤᠳᠤᠷᠢᠳᠤᠮᠵᠢ ᠶᠢᠨ ᠳᠣᠣᠷᠠᠬᠢ ᠠᠯᠠᠰᠢᠨ ᠬᠤᠨᠢ ᠲᠡᠵᠢᠭᠡᠨ ᠦᠷᠡᠵᠢᠭᠦᠯᠬᠦ᠂ ᠭᠠᠭ᠋ᠠᠢ ᠲᠡᠵᠢᠭᠡᠨ ᠦᠷᠡᠵᠢᠭᠦᠯᠬᠦ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠵᠡᠷᠭᠡ ᠡᠷᠴᠢᠮᠵᠢᠭᠦᠯᠦᠭᠰᠡᠨ ᠳᠡᠭᠡᠳᠦ ᠲᠡᠰ ᠤᠨ ᠠᠶᠤᠯ ᠲᠦᠭᠰᠢᠭᠦᠷᠢ ᠪᠠᠷ ᠳᠣᠣᠷ᠎ᠠ ᠲᠡᠵᠢᠭᠡᠨ ᠦᠷᠡᠵᠢᠭᠦᠯᠬᠦ ᠦᠢᠯᠡᠰ ᠢ ᠲᠣᠭᠲᠠᠭᠤᠨ ᠢᠶᠠᠷ ᠠᠬᠢᠭᠤᠯᠵᠤ᠂ ᠲᠡᠵᠢᠭᠡᠨ ᠦᠷᠡᠵᠢᠭᠦᠯᠬᠦ ᠡᠷᠦᠭᠡ ᠶᠢᠨ ᠳᠡᠭᠡᠳᠦ ᠲᠡᠰ ᠤᠨ ᠲᠡᠵᠢᠭᠡᠨ ᠦᠷᠡᠵᠢᠭᠦᠯᠬᠦ ᠠᠵᠤ ᠦᠢᠯᠡᠰ ᠤᠨ ᠬᠥᠭᠵᠢᠯᠲᠡ ᠶᠢ ᠵᠢᠱᠢᠶ᠎ᠡ ᠦᠵᠡᠭᠦᠯᠦᠨ ᠲᠠᠶᠢᠴᠢᠯᠠᠵᠦ ᠪᠠᠶᠢᠭᠠᠳ ᠳᠡᠭᠡᠳᠦ ᠲᠡᠰ ᠤᠨ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠪᠡ᠃ ᠪᠠᠭ᠎ᠠ ᠬᠡᠪᠴᠢᠶᠡᠨ ᠤ ᠨᠡᠶᠢᠲᠡᠯᠢᠭ ᠵᠢᠱᠢᠶ᠎ᠡ ᠪᠠᠷ ᠵᠠᠮᠴᠢᠯᠠᠬᠤ᠂ ᠵᠢᠱᠢᠶ᠎ᠡ ᠦᠵᠡᠭᠦᠯᠦᠨ ᠳᠠᠶᠢᠴᠢᠯᠠᠬᠤ ᠪᠠᠷ ᠳᠠᠮᠵᠢᠭᠤᠯᠤᠨ᠂ ᠲᠤᠷᠰᠢᠯᠭ᠎ᠠ ᠪᠠᠨ ᠲᠠᠰᠤᠷᠠᠯᠲᠠ ᠦᠭᠡᠢ ᠳ᠋ᠦᠩᠨᠡᠨ ᠬᠡᠪᠴᠢᠶ᠎ᠡ ᠪᠠᠨ ᠥᠷᠭᠡᠳᠬᠡᠵᠦ᠂ ᠰᠢᠨ᠎ᠡ ᠮᠠᠶ᠋ᠢᠭ ᠤᠨ ᠲᠠᠷᠢᠵᠤ ᠲᠡᠵᠢᠭᠡᠬᠦ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠬᠠᠮᠲᠤ ᠭᠠᠴᠠᠭᠠᠨ ᠤ ᠬᠠᠮᠲᠤ ᠶᠢᠨ ᠠᠵᠤ ᠠᠬᠤᠶ ᠶᠢ ᠴᠢᠷᠮᠠᠶᠢᠨ ᠪᠤᠵᠠᠭᠠᠶᠢᠷᠠᠭᠤᠯᠪᠠ᠃      ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠪᠠᠬᠢᠵᠢᠭᠦᠯᠵᠦ᠂ ᠬᠠᠮᠲᠤ ᠶᠢᠨ ᠠᠵᠤ ᠠᠬᠤᠶ ᠶᠢ ᠳᠠᠶᠢᠴᠢᠯᠠᠪᠠ᠃ ᠬᠤᠭᠤᠯᠠᠢ ᠠᠭᠤᠯᠠ ᠰᠢᠶᠠᠩ ᠤᠨ ᠬᠢᠨ ᠰᠤᠮᠤ ᠭᠠᠴᠠᠭᠠᠨ ᠤ ᠺᠠᠳ᠋ᠷᠴᠤᠳ ᠤᠨ ᠬᠥᠮᠦᠵᠢᠯ ᠪᠣᠯᠪᠠᠰᠤᠷᠠᠯ ᠢ ᠦᠷᠭᠦᠯᠵᠢᠯᠡᠨ ᠴᠢᠩᠭᠠᠳᠬᠠᠵᠤ᠂ ᠡᠯ᠎ᠡ ᠱᠠᠲᠤᠨ ᠤ ᠺᠠᠳ᠋ᠷᠴᠤᠳ ᠤᠨ ᠠᠵᠢᠯ ᠶᠠᠪᠤᠳᠠᠯ ᠢ ᠪᠣᠳᠣᠯᠬᠢᠯᠠᠬᠤ ᠂ ᠠᠵᠢᠯ ᠶᠠᠪᠤᠳᠠᠯ ᠬᠢᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠮᠡᠳᠡᠭᠡ ᠵᠠᠩᠭᠢ ᠶᠢᠨ ᠢᠷᠡᠯᠳᠡ ᠤᠯᠠᠨ᠂ ᠬᠠᠷᠢᠯᠴᠠᠭ᠎ᠠ ᠥᠷᠭᠡᠨ ᠪᠠᠶᠢᠳᠠᠭ ᠳᠠᠪᠠᠭᠤᠯᠢᠭ ᠢ ᠪᠠᠳᠠᠷᠠᠭᠤᠯᠵᠤ᠂ ︽ᠨᠠᠮ ᠤᠨ ᠪᠠᠶᠢᠭᠤᠯᠤᠯᠲᠠ +︾ ᠬᠥᠭᠵᠢᠯᠲᠡ ᠶᠢᠨ ᠵᠠᠭᠪᠤᠷ ᠤᠨ ᠰᠢᠨ᠎ᠡ ᠶᠢ ᠡᠭᠦᠳᠴᠦ᠂ ᠡᠯ᠎ᠡ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠥᠪᠡᠷ ᠥᠪᠡᠷ ᠤᠨ ᠣᠨᠴᠠᠯᠢᠭ ᠲᠠᠢ ᠨᠠᠮ ᠤᠨ ᠪᠠᠶᠢᠭᠤᠯᠤᠯᠲᠠ ᠶᠢᠨ ᠠᠴᠢᠶᠠᠯᠠᠪᠤᠷᠢ ᠶᠢ ᠴᠣᠭᠴᠠᠯᠠᠵᠤ᠂ ᠲᠣᠰᠬᠤᠨ ᠤ ︽ᠬᠤᠶᠠᠷ ᠵᠥᠪᠯᠡᠯ︾ ᠤᠨ ᠪᠠᠭ ᠤᠨ ︽ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ︾ ᠶᠢ ᠳᠠᠶᠢᠴᠢᠯᠠᠨ ︽ᠪᠦᠯᠬᠦᠮᠳᠡᠨ ᠨᠢᠭᠡᠳᠴᠦ︾ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠳᠠᠰᠤᠷᠠᠯᠳᠠ ᠦᠭᠡᠢ ᠪᠠᠲᠤᠳᠬᠠᠵᠤ᠂ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠨᠡᠩ ᠶᠡᠭᠡ ᠦᠢᠯᠡᠳᠦᠯ ᠢ ᠪᠠᠳᠠᠷᠠᠭᠤᠯᠪᠠ‌‍ᠢ᠃      ᠲᠣᠯᠣᠭᠠᠶᠢᠯᠠᠭᠴᠢ ᠠᠵᠤ ᠠᠬᠤᠶᠢᠯᠠᠯ ᠢ ᠲᠠᠳᠠᠨ ᠠᠪᠴᠢᠷᠠᠵᠤ᠂ ᠠᠵᠢᠯ ᠣᠯᠭᠤᠬᠤ ᠠᠵᠢᠯ ᠤᠨ ᠪᠠᠶᠢᠷᠢ ᠶᠢ ᠨᠡᠮᠡᠭᠳᠡᠭᠦᠯᠪᠡ᠃ ᠬᠤᠭᠤᠯᠠᠢ ᠠᠭᠤᠯᠠ ᠰᠢᠶᠠᠩ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦ ᠭᠠᠷᠭᠠᠬᠤ ᠬᠦᠰᠡᠯ ᠲᠠᠢ ᠠᠵᠤ ᠠᠬᠤᠶᠢᠯᠠᠯ ᠲᠠᠢ ᠤᠯᠠᠨ ᠲᠠᠯ᠎ᠠ ᠪᠠᠷ ᠢᠳᠡᠪᠬᠢᠲᠡᠢ ᠵᠥᠪᠳᠡᠯᠴᠡᠵᠦ᠂ ᠤᠳᠤ ᠨᠢᠭᠡᠨᠲᠡ ᠪᠣᠳᠠᠲᠤ ᠠᠬᠢᠴᠠ ᠲᠠᠢ ᠪᠣᠯᠵᠠᠢ᠃ ᠭᠠᠴᠠᠭᠠᠨ ᠤ ᠬᠠᠮᠲᠤ ᠶᠢᠨ ᠲᠦᠷᠦᠯ ᠵᠦᠢᠯ ᠤᠨ ᠳᠡᠮᠵᠢᠯᠭᠡ ᠦᠵᠡᠭᠦᠯᠬᠦ ᠭᠤᠣᠯᠳᠠᠯᠭ᠎ᠠ ᠨᠢ ᠭᠠᠴᠠᠭ᠎ᠠ ᠪᠠᠷ ᠭᠤᠣᠯ ᠴᠣᠭᠴᠠ ᠪᠣᠯᠭᠠᠵᠤ᠂ ᠠᠵᠤ ᠠᠬᠤᠶᠢᠯᠠᠯ ᠨᠢ ᠵᠠᠬᠢᠶᠠᠯᠠᠭ᠎ᠠ ᠶᠢᠨ ᠪᠣᠷᠣᠯᠠᠭᠤᠯᠭ᠎ᠠ ᠶᠢ ᠬᠠᠷᠢᠭᠤᠴᠠᠨ᠎ᠠ︔ ᠲᠣᠰᠬᠤᠨ ᠤ ᠬᠠᠮᠲᠤ ᠶᠢᠨ ᠲᠦᠷᠦᠯ ᠵᠦᠢᠯ ᠤᠨ ᠳᠡᠮᠵᠢᠯᠭᠡ ᠦᠭᠡᠢ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠵᠤ᠂ ᠲᠠᠷᠢᠶᠠᠴᠢᠳ ᠤᠨ ᠣᠷᠣᠯᠴᠠᠬᠤ ᠶᠢ ᠨᠥᠯᠥᠭᠡᠯᠡᠨ ᠳᠠᠶᠢᠴᠢᠯᠠᠬᠤ ᠵᠡᠷᠭᠡ ᠤᠯᠠᠨ ᠵᠦᠢᠯ ᠤᠨ ᠠᠮᠢᠳᠤᠯᠢᠭ ᠠᠷᠭ᠎ᠠ ᠬᠡᠯᠪᠡᠷᠢ ᠪᠠᠷ ᠠᠵᠤ ᠠᠬᠤᠶᠢᠯᠠᠯ ᠤᠨ ᠲᠤᠬᠠᠢ ᠶᠢᠨ ᠭᠠᠵᠠᠷ ᠲᠤ ᠣᠷᠣᠬᠤ ᠶᠢ ᠬᠦᠴᠦᠯᠡᠨ ᠲᠠᠲᠠᠵᠤ᠂ ᠨᠢᠭᠡ ᠲᠠᠯ᠎ᠠ ᠶᠢᠨ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠬᠤ ᠶᠢᠨ ᠬᠠᠮᠲᠤ᠂ ᠨᠡᠩ ᠤᠯᠠᠨ ᠠᠵᠢᠯ ᠤᠨ ᠪᠠᠶᠢᠷᠢ ᠬᠠᠩᠭᠠᠵᠤ᠂ ᠲᠣᠰᠬᠤᠨ ᠳᠤ ᠪᠠᠶᠢᠭ᠎ᠠ ᠲᠠᠷᠢᠶᠠᠴᠢᠳ ᠤᠨ ︽ᠬᠥᠯᠥᠰᠥᠨ ᠠᠵᠢᠯ ᠬᠢᠬᠦ ᠳᠤ ᠭᠡᠷ ᠠᠴᠠ ᠪᠠᠨ ᠰᠠᠯᠬᠤ ᠦᠭᠡᠢ᠂ ᠣᠷᠣᠯᠭ᠎ᠠ ᠶᠢᠨ ᠨᠡᠮᠡᠭᠳᠡᠯ ᠢ ᠪᠠᠲᠤᠯᠠᠭ᠎ᠠ ᠲᠠᠢ ᠪᠣᠯᠭᠠᠬᠤ︾ ᠬᠠᠷᠠᠯᠲᠠ ᠶᠢ ᠪᠡᠶᠡᠯᠡᠭᠦᠯᠪᠡ᠃      ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ᠦᠨᠳᠦᠰᠦᠨ ᠵᠦᠢᠯ ᠢ ᠪᠠᠲᠤᠯᠠᠬᠤ ᠬᠠᠷᠠᠯᠲᠠ ᠳᠤ ᠬᠦᠷᠦᠭᠦᠯᠪᠡ᠃ ᠬᠤᠭᠤᠯᠠᠢ ᠠᠭᠤᠯᠠ ᠰᠢᠶᠠᠩ ᠤᠨ ᠬᠢᠨ ᠤᠯᠤᠰ ᠤᠨ ᠡᠯ᠎ᠡ ᠵᠦᠢᠯ ᠤᠨ ᠲᠠᠷᠢᠶᠠᠴᠢᠳ ᠲᠤ ᠠᠰᠢᠭ ᠬᠦᠷᠲᠡᠭᠡᠬᠦ ᠪᠠ ᠶᠠᠳᠠᠭᠤ ᠠᠴᠠ ᠠᠩᠭᠢᠵᠢᠷᠠᠭᠤᠯᠵᠤ ᠪᠠᠬᠢᠵᠢᠭᠦᠯᠬᠦ ᠶᠢ ᠠᠬᠢᠭᠤᠯᠬᠤ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠭᠦᠢᠴᠡᠳ ᠠᠰᠢᠭᠯᠠᠵᠤ᠂ ᠨᠠᠰᠤᠵᠢᠯ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ᠂ ᠲᠠᠷᠢᠶᠠᠯᠠᠩ ᠤᠨ ᠳᠠᠭᠠᠳᠬᠠᠯ᠂ ᠨᠠᠭᠠᠳᠤ ᠵᠠᠬ᠎ᠠ ᠶᠢᠨ ᠪᠠᠲᠤᠯᠠᠪᠤᠷᠢ ᠶᠢᠨ ᠲᠦᠷᠦ ᠶᠢᠨ ᠪᠤᠳᠤᠯᠭ᠎ᠠ ᠵᠡᠷᠭᠡ ᠤᠳᠤ ᠶᠢᠨ ᠲᠦᠷᠦ ᠶᠢᠨ ᠪᠤᠳᠤᠯᠭ᠎ᠠ ᠶᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠥᠷᠭᠡᠨ ᠤᠯᠠᠨ ᠲᠠᠷᠢᠶᠠᠴᠢᠳ ᠲᠤ ᠥᠨᠴᠥᠭ ᠪᠤᠯᠤᠩ ᠦᠭᠡᠢ᠂ ᠰᠣᠬᠤᠷ ᠪᠠᠯᠠᠢ ᠣᠷᠣᠨ ᠦᠭᠡᠢ ᠪᠣᠰᠤᠭ᠎ᠠ ᠴᠣᠭᠴᠠᠲᠤ ᠪᠠᠲᠤᠯᠠᠪᠤᠷᠢ ᠶᠢᠨ ᠲᠣᠣᠷ ᠢ ᠪᠠᠶᠢᠭᠤᠯᠵᠤ ᠥᠭᠪᠡ᠃ ᠡᠭᠦᠨ ᠤ ᠵᠡᠷᠭᠡ ᠳᠤ ᠣᠳᠣᠬᠠᠨ ᠤ ᠲᠣᠰᠬᠤᠨ ᠳᠠᠭᠠᠨ ᠦᠯᠡᠳᠡᠭᠰᠡᠨ ᠲᠠᠷᠢᠶᠠᠴᠢᠳ ᠤᠨ ᠪᠣᠳᠠᠲᠠᠶ ᠪᠠᠶᠢᠳᠠᠯ ᠳᠤ ᠴᠢᠭᠯᠡᠭᠦᠯᠦᠨ᠂ ︽ᠵᠠᠰᠠᠭ ᠤᠨ ᠣᠷᠳᠣᠨ ᠤ ᠶᠠᠳᠠᠭᠤ ᠠᠴᠠ ᠰᠡᠷᠭᠡᠶᠢᠯᠡᠬᠦ ᠠᠪᠤᠷᠠᠨ ᠲᠤᠰᠠᠯᠠᠬᠤ ᠳᠠᠭᠠᠳᠬᠠᠯ︾ ᠢ ᠶᠠᠭ ᠰᠦᠪᠡᠭᠴᠢᠯᠡᠨ ᠲᠡᠭᠦᠯᠳᠡᠷᠵᠢᠭᠦᠯᠵᠦ᠂ ᠬᠦᠨᠳᠦ ᠡᠪᠡᠳᠴᠢᠨ ᠢ ᠡᠮᠨᠡᠨ ᠵᠠᠰᠠᠬᠤ ᠵᠠᠷᠤᠳᠠᠯ ᠤᠨ ᠨᠥᠬᠦᠪᠥᠷᠢ ᠪᠠ ᠣᠷᠣᠯᠭ᠎ᠠ ᠶᠢᠨ ᠦᠨᠳᠦᠰᠦᠨ ᠵᠦᠢᠯ ᠢ ᠪᠠᠲᠤᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠲᠣᠰᠬᠤᠨ ᠳᠤ ᠪᠠᠶᠢᠭ᠎ᠠ ᠲᠠᠷᠢᠶᠠᠴᠢᠳ ᠤᠨ ᠬᠦᠨᠳᠦ ᠡᠪᠡᠳᠴᠢᠨ ᠪᠤᠶᠤ ᠣᠨᠴᠠᠭᠠᠶ ᠰᠢᠯᠲᠠᠭᠠᠨ ᠠᠴᠠ ᠪᠣᠯᠵᠣ ᠳᠠᠬᠢᠨ ᠶᠠᠳᠠᠭᠤᠷᠠᠬᠤ᠂ ᠶᠠᠳᠠᠭᠤᠷᠠᠬᠤ ᠶᠢ ᠦᠨᠡᠨ ᠬᠦ ᠰᠡᠷᠭᠡᠶᠢᠯᠡᠵᠦ ᠪᠠᠶᠢᠨ᠎ᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号