ᠪᠥᠬᠦ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠨᠡ ᠡᠪᠦᠯ ᠢᠷᠡᠬᠦ ᠬᠠᠪᠤᠷ ᠤᠨ ︽ᠨᠢᠭᠡᠳᠦᠭᠰᠡᠨ ᠠᠵᠢᠯᠯᠠᠭ᠎ᠠ︾ ᠡᠬᠢᠯᠡᠪᠡᠼᠤᠤ ᠰᠧ ᠶᠠᠩ ᠡᠬᠢᠯᠡᠯᠲᠡ ᠶᠢᠨ ᠶᠣᠰᠣᠯᠠᠯ ᠳᠤ ᠣᠷᠣᠯ᠊
ᠨᠡᠶᠢᠲᠡᠯᠡᠭᠰᠡᠨ ᠴᠠᠭ᠄
2021/11/15
     ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ︽ᠠᠮᠤ ᠪᠤᠳᠠᠭ᠎ᠠ ᠶᠢ ᠭᠠᠵᠠᠷ ᠰᠢᠷᠣᠶ ᠳᠤ ᠲᠦᠰᠢᠭᠯᠡᠵᠦ᠂ ᠠᠮᠤ ᠪᠤᠳᠠᠭ᠎ᠠ ᠶᠢ ᠮᠡᠷᠭᠡᠵᠢᠯ ᠳᠤ ᠲᠦᠰᠢᠭᠯᠡᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠤᠨ ᠂ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠬᠦ ᠶᠢᠨ ᠲᠥᠯᠥᠭᠡ ᠂ 11 ᠳ᠋ᠦ᠋ᠭᠡᠷ ᠰᠠᠷ᠎ᠠ ᠶᠢᠨ 14 ᠤ ᠡᠳᠦᠷ᠂ ᠪᠥᠬᠦ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠨᠡ ᠡᠪᠦᠯ ᠢᠷᠡᠬᠦ ᠬᠠᠪᠤᠷ ᠤᠨ  ︽ᠨᠢᠭᠡᠳᠦᠭᠰᠡᠨ ᠠᠵᠢᠯᠯᠠᠭ᠎ᠠ︾ ᠶᠢᠨ ᠡᠬᠢᠯᠡᠯᠲᠡ ᠶᠢᠨ ᠶᠣᠰᠣᠯᠠᠯ ᠲᠦᠮᠡᠳ ᠵᠡᠭᠦᠨ ᠬᠤᠰᠢᠭᠤᠨ ᠳᠤ ᠶᠠᠪᠤᠭᠳᠠᠪᠠ᠃      ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ᠂ ᠬᠤᠲᠠ ᠶᠢᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠼᠤᠤ ᠰᠧ ᠶᠠᠩ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠦᠮᠡᠳ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠧᠢ ᠬᠤᠩ ᠵᠢᠶᠦ᠋ᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠼᠤᠤ ᠰᠧ ᠶᠠᠩ ᠶᠠᠷᠢᠶᠠᠨ ᠳᠠᠭᠠᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠬᠡᠷᠡᠭᠵᠢᠭᠦᠯᠬᠦ ᠪᠣᠯ ᠤᠯᠤᠰ ᠤᠨ ᠠᠮᠤ ᠪᠤᠳᠠᠭᠠᠨ ᠤ ᠠᠶᠤᠯᠭᠦᠢ ᠶᠢᠨ ᠪᠠᠶᠢᠯᠳᠤᠬᠤ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ ᠳᠥᠯᠭᠢᠨ ᠠᠬᠢᠭᠤᠯᠬᠤ ᠬᠦᠴᠦᠲᠡᠶ ᠭᠠᠷᠳᠠᠴᠠ ᠮᠥᠨ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢᠨ ᠲᠤᠯᠭᠠᠮ᠎ᠠ ᠬᠡᠷᠡᠭᠴᠡᠭᠡ ᠮᠥᠨ ᠪᠣᠯᠬᠤᠷ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠠᠯᠤᠰ ᠬᠡᠲᠦ ᠶᠢᠨ ᠨᠥᠯᠥᠭᠡ ᠲᠠᠢ ᠶᠤᠮ᠃ ᠤᠢᠢᠷ᠎ᠠ ᠶᠢᠨ ᠵᠢᠯ ᠤᠨ ᠲᠤᠷᠰᠢ᠂ ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠠᠶᠤᠯᠭᠦᠢ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠠᠢ᠃ 2019 ᠣᠨ ᠠᠴᠠ 2021 ᠣᠨ ᠳᠤ ᠦᠯᠡᠳᠡᠭᠰᠡᠨ 9.2 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢᠨ ᠰᠡᠭᠦᠯ ᠬᠤᠷᠢᠶᠠᠬᠤ ᠠᠵᠢᠯ ᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠪᠠ 2022 ᠣᠨ ᠤ 37 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠤᠷᠤᠭᠰᠢᠲᠠᠶ ᠡᠬᠢᠯᠡᠭᠦᠯᠬᠦ ᠶᠢᠨ ᠲᠥᠯᠥᠭᠡ᠂ ᠬᠤᠲᠠ ᠶᠢᠨ ᠨᠠᠮ ᠤᠨ ᠬᠤᠷᠢᠶ᠎ᠠ ᠬᠤᠲᠠ ᠶᠢᠨ ᠵᠠᠰᠠᠭ ᠤᠨ ᠣᠷᠳᠣᠨ ᠠᠴᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠨᠡ ᠡᠪᠦᠯ ᠢᠷᠡᠬᠦ ᠬᠠᠪᠤᠷ ᠤᠨ ᠨᠢᠭᠡᠳᠦᠭᠰᠡᠨ ᠠᠵᠢᠯᠯᠠᠭ᠎ᠠ ᠶᠢ ᠥᠷᠨᠢᠭᠦᠯᠵᠦ᠂ ᠮᠠᠨ ᠤ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠰᠢᠨ᠎ᠡ ᠠᠬᠢᠴᠠ ᠭᠠᠷᠭᠠᠵᠤ᠂ ᠰᠢᠨ᠎ᠡ ᠳᠡᠭᠲᠡᠷ ᠲᠤ ᠭᠠᠷᠬᠤ ᠶᠢ ᠬᠦᠴᠦᠲᠡᠶ ᠳᠥᠯᠭᠢᠨ ᠠᠬᠢᠭᠤᠯᠬᠤ ᠪᠠᠷ ᠲᠣᠭᠲᠠᠪᠠ ᠭᠡᠵᠡᠢ᠃      ᠼᠤᠤ ᠰᠧ ᠶᠠᠩ ᠴᠢᠬᠤᠯᠠᠴᠢᠯᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠪᠠᠲᠤᠯᠠᠭ᠎ᠠ ᠪᠠᠨ ᠴᠢᠩᠭᠠᠳᠬᠠᠵᠤ᠂ ᠦᠷᠭᠦᠯᠵᠢᠯᠡᠨ ᠪᠠᠶᠢᠭᠤᠯᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ︔ ᠤᠷᠢᠳᠴᠢᠯᠠᠨ ᠠᠷᠭ᠎ᠠ ᠤᠬᠠᠭᠠᠨ ᠰᠦᠪᠡᠭᠴᠢᠯᠡᠵᠦ᠂ ᠰᠢᠨ᠎ᠡ ᠪᠠᠷ ᠪᠠᠶᠢᠭᠤᠯᠬᠤ ᠲᠦᠷᠦᠯ ᠵᠦᠢᠯ ᠤᠨ ᠲᠣᠭᠲᠠᠭᠰᠠᠨ ᠴᠠᠭ ᠲᠠᠭᠠᠨ ᠠᠵᠢᠯ ᠡᠬᠢᠯᠡᠬᠦ ᠶᠢ ᠪᠠᠲᠤᠯᠠᠬᠤ ᠬᠡᠷᠡᠭᠲᠡᠢ︔ ᠵᠣᠯᠭᠠᠭᠤᠯᠬᠤ ᠠᠵᠢᠯ ᠢ ᠰᠠᠶᠢᠲᠤᠷ ᠠᠳᠬᠤᠵᠤ᠂ ᠪᠦᠳᠦᠬᠡᠨ ᠪᠠᠶᠢᠭᠤᠯᠬᠤ᠂ ᠰᠢᠯᠭᠠᠨ ᠠᠪᠬᠤ ᠶᠢ ᠵᠡᠷᠭᠡᠪᠡᠷ ᠠᠬᠢᠭᠤᠯᠬᠤ ᠬᠡᠷᠡᠭᠲᠡᠢ︔ ᠪᠠᠷᠢᠮᠵᠢᠶ᠎ᠠ ᠶᠢ ᠴᠢᠩᠳᠠᠯᠠᠵᠤ᠂ ᠪᠠᠷᠢᠯᠭ᠎ᠠ ᠶᠢᠨ ᠲᠦᠷᠦᠯ ᠵᠦᠢᠯ ᠤᠨ ᠶᠠᠰᠤ ᠴᠢᠨᠠᠷ ᠢ ᠪᠠᠲᠤᠯᠠᠬᠤ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠡᠷᠴᠢ ᠵᠣᠷᠢᠭ ᠢᠶᠠᠨ ᠬᠥᠪᠴᠢᠯᠡᠵᠦ᠂ ᠳᠠᠷᠤᠢ ᠲᠦᠷᠭᠡᠨ ᠬᠥᠳᠡᠯᠦᠯᠴᠡᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠪᠦᠬᠦ ᠬᠤᠳᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠰᠢᠨ᠎ᠡ ᠥᠷᠨᠢᠯᠲᠡ ᠶᠢ ᠲᠦᠷᠭᠡᠨ ᠪᠤᠢ ᠪᠣᠯᠭᠠᠵᠤ᠂ ᠣᠷᠣᠨ ᠤ ᠲᠥᠪ ᠬᠤᠲᠠ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠰᠢᠨ᠎ᠡ ᠪᠠᠶᠢᠳᠠᠯ ᠢ ᠡᠭᠦᠳᠴᠦ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠪᠡᠶᠡᠯᠡᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃ ︵ᠰᠦᠨ ᠶᠤᠸᠠᠢ ᠯᠦᠩ︶
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号