ᠲᠠᠷᠢᠶᠠᠯᠠᠩ ᠮᠠᠯ ᠠᠵᠤ ᠠᠬᠤᠶ ᠠᠴᠠ ᠰᠢᠯᠵᠢᠭᠰᠡᠨ ᠬᠥᠮᠦᠨ ᠠᠮᠠ ᠶᠢ ᠰᠠᠭᠤᠭ᠎ᠠ ᠭᠠᠵᠠᠷ ᠪᠤᠶᠤ ᠠᠵᠢᠯ ᠣᠯᠤᠭᠰᠠᠨ ᠭᠠᠵᠠᠷ ᠲᠤᠨᠢ ᠡᠷᠦᠬᠡ ᠠᠮᠠ ᠣᠷᠣᠭᠤᠯᠬᠤ ᠶᠢ ᠵᠥᠪᠰᠢᠶᠡᠷᠡᠬᠦ ᠲᠤᠬᠠᠶ ᠬᠠᠮᠢᠶ᠎ᠠ ᠪᠥᠬᠦᠢ ᠲᠥᠷᠥ ᠶᠢᠨ ᠪᠣᠳᠣᠯᠭ᠎ᠠ
ᠨᠡᠶᠢᠲᠡᠯᠡᠭᠰᠡᠨ ᠴᠠᠭ᠄
2021/11/16
      ᠡᠷᠦᠬᠡ ᠠᠮᠠ ᠰᠢᠯᠵᠢᠭᠦᠯᠬᠦ ᠲᠥᠷᠥ ᠶᠢᠨ ᠪᠣᠳᠣᠯᠭ᠎ᠠ ᠳᠤ ᠤᠯᠠᠮ ᠨᠢᠭᠡ ᠠᠯᠬᠤᠮ ᠲᠣᠬᠢᠷᠠᠭᠤᠯᠤᠯᠲᠠ ᠬᠢᠵᠦ᠂ ᠬᠤᠲᠠ ᠪᠠᠯᠭᠠᠰᠤᠨ ᠤ ᠡᠷᠦᠬᠡ ᠠᠮᠠ ᠣᠷᠣᠬᠤ ᠬᠢᠵᠠᠭᠠᠷᠯᠠᠯ ᠢ ᠪᠥᠬᠦ ᠲᠠᠯ᠎ᠠ ᠪᠠᠷ ᠴᠢᠯᠥᠭᠡᠲᠡᠶ‌‍ᠪᠤᠯᠭᠠᠵᠤ᠂ ᠲᠠᠷᠢᠶᠠᠯᠠᠩ ᠮᠠᠯ ᠠᠵᠤ ᠠᠬᠤᠶ ᠠᠴᠠ ᠰᠢᠯᠵᠢᠭᠰᠡᠨ ᠬᠥᠮᠦᠨ ᠠᠮᠠ ᠶᠢᠨ ᠰᠠᠭᠤᠭ᠎ᠠ ᠭᠠᠵᠠᠷ ᠪᠤᠶᠤ ᠠᠵᠢᠯ ᠣᠯᠤᠭᠰᠠᠨ ᠭᠠᠵᠠᠷ ᠲᠠᠭᠠᠨ ᠡᠷᠦᠬᠡ ᠠᠮᠠ ᠣᠷᠣᠬᠤ ᠶᠢ ᠵᠥᠪᠰᠢᠶᠡᠷᠡᠵᠦ᠂ ᠬᠤᠲᠠ᠂ ᠪᠠᠶᠢᠭᠤᠯᠤᠯᠳᠤ ᠪᠠᠯᠭᠠᠰᠤᠨ ᠳᠤ ᠣᠷᠣᠵᠤ ᠣᠷᠣᠰᠢᠨ ᠠᠮᠢᠳᠤᠷᠠᠵᠤ ᠪᠠᠶᠢᠭ᠎ᠠ ᠮᠠᠯᠵᠢᠬᠤ ᠲᠠᠷᠢᠶᠠᠯᠠᠬᠤ ᠣᠷᠣᠨ ᠤ ᠬᠠᠷᠢᠶ᠎ᠠ ᠲᠠᠢ ᠬᠥᠮᠦᠰ ᠬᠠᠤᠯᠢ ᠶᠣᠰᠣᠨ ᠤ ᠲᠣᠭᠲᠠᠪᠤᠷᠢᠲᠠᠶ ᠰᠠᠭᠤᠭ᠎ᠠ ᠭᠠᠵᠠᠷ ︵ᠲᠦᠷᠢᠶᠡᠰᠦᠯᠡᠬᠦ ᠪᠠᠭᠲᠠᠨ᠎ᠠ︶ ᠤᠨ ᠨᠥᠬᠦᠴᠡᠯ ᠢᠶᠠᠷ ᠢᠶᠠᠨ ᠬᠤᠲᠠ ᠪᠠᠯᠭᠠᠰᠤᠨ ᠳᠤ ᠡᠷᠦᠬᠡ ᠠᠮᠠ ᠣᠷᠣᠬᠤ ᠪᠠᠷ ᠭᠤᠶᠤᠴᠢᠯᠠᠵᠤ ᠪᠣᠯᠤᠨ᠎ᠠ᠂ ᠪᠠᠰᠠ ᠬᠠᠤᠯᠢ ᠶᠣᠰᠣᠨ ᠤ ᠲᠣᠭᠲᠠᠪᠤᠷᠢᠲᠠᠶ ᠠᠵᠢᠯ ᠣᠯᠤᠭᠰᠠᠨ ᠨᠥᠬᠦᠴᠡᠯ ᠢᠶᠠᠷ ᠢᠶᠠᠨ ᠬᠤᠲᠠ ᠪᠠᠯᠭᠠᠰᠤᠨ ᠳᠤ ᠡᠷᠦᠬᠡ ᠠᠮᠠ ᠣᠷᠣᠬᠤ ᠪᠠᠷ ᠭᠤᠶᠤᠴᠢᠯᠠᠵᠤ ᠪᠣᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠡᠷᠦᠬᠡ ᠠᠮᠠ ᠶᠢᠨ ᠬᠠᠷᠢᠶ᠎ᠠ ᠲᠠᠢ ᠬᠥᠮᠦᠰ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠬᠤᠲᠠ᠂ ᠪᠠᠶᠢᠭᠤᠯᠤᠯᠳᠠᠲᠤ ᠪᠠᠯᠭᠠᠰᠤᠨ ᠳᠤ ᠬᠠᠤᠯᠢ ᠶᠣᠰᠣᠨ ᠤ ᠲᠣᠭᠲᠠᠪᠤᠷᠢᠲᠠᠶ ᠣᠷᠣᠨ ᠰᠠᠭᠤᠴᠠ ᠪᠤᠶᠤ ᠬᠠᠤᠯᠢ ᠶᠣᠰᠣᠨ ᠤ ᠲᠣᠭᠲᠠᠪᠤᠷᠢᠲᠠᠶ ᠠᠵᠢᠯ ᠲᠠᠢ ᠪᠠᠶᠢᠵᠤ᠂ ᠲᠤᠰ ᠬᠥᠮᠦᠨ ᠵᠢᠴᠢ ᠲᠡᠭᠦᠨ ᠤ ᠬᠠᠮᠲᠤ ᠰᠠᠭᠤᠵᠤ ᠠᠮᠢᠳᠤᠷᠠᠵᠤ ᠪᠠᠶᠢᠭ᠎ᠠ ᠬᠤᠯᠪᠣᠰᠤ᠂ ᠦᠷ᠎ᠡ ᠬᠡᠦᠬᠡᠳ᠂ ᠣᠮᠪᠣᠯᠣ ᠬᠦᠦ ᠥᠬᠢᠨ ︵ᠵᠢᠭᠡ ᠣᠮᠪᠣᠯᠣ ᠬᠦᠦ ᠥᠬᠢᠨ︶ ᠪᠣᠯᠤᠨ ᠡᠷ᠎ᠡ ᠡᠮ᠎ᠡ ᠬᠤᠶᠠᠷ ᠡᠲᠡᠭᠡᠳ ᠤᠨ ᠡᠴᠢᠭᠡ ᠡᠭᠡ ᠨᠢ ᠰᠠᠭᠤᠭ᠎ᠠ ᠭᠠᠵᠠᠷ ᠪᠤᠶᠤ ᠠᠵᠢᠯ ᠣᠯᠤᠭᠰᠠᠨ ᠭᠠᠵᠠᠷ ᠲᠠᠭᠠᠨ ᠪᠠᠶᠢᠩᠭᠤ ᠰᠠᠭᠤᠬᠤ ᠡᠷᠦᠭᠡ ᠠᠮᠠ ᠶᠢᠨ ᠲᠠᠩᠰᠠ ᠪᠠᠨ ᠳᠠᠩᠰᠠᠯᠠᠭᠤᠯᠬᠤ ᠪᠠᠷ ᠭᠤᠶᠤᠴᠢᠯᠠᠵᠤ ᠪᠣᠯᠤᠨ᠎ᠠ᠂ ᠬᠤᠳᠠ ᠪᠠᠯᠭᠠᠰᠤᠨ ᠤ ᠨᠡᠶᠢᠭᠡᠮ ᠤᠨ ᠳᠠᠭᠠᠳᠬᠠᠯ ᠳᠤ ᠣᠷᠣᠯᠴᠠᠭᠰᠠᠨ ᠣᠨ ᠵᠢᠯ᠂ ᠣᠷᠣᠰᠢᠨ ᠰᠠᠭᠤᠭᠰᠠᠨ ᠣᠨ ᠵᠢᠯ ᠵᠡᠷᠭᠡ ᠪᠤᠰᠤᠳ ᠨᠥᠬᠦᠴᠡᠯ ᠳᠤ ᠬᠢᠵᠠᠭᠠᠷᠯᠠᠭᠳᠠᠬᠤ ᠦᠭᠡᠢ᠃ ᠢᠷᠡᠯᠲᠡ᠄ ᠬᠤᠲᠠ ᠪᠠᠯᠭᠠᠰᠤᠨ ᠤ ᠡᠷᠦᠬᠡ ᠠᠮᠠ ᠶᠢᠨ ᠲᠠᠩᠰᠠ ᠶᠢᠨ ᠬᠢᠵᠠᠭᠠᠷᠯᠠᠯ ᠢ ᠪᠥᠬᠦ ᠲᠠᠯ᠎ᠠ ᠪᠠᠷ ᠴᠢᠯᠥᠭᠡᠲᠡᠶ ᠪᠣᠯᠭᠠᠵᠤ ᠡᠷᠦᠬᠡ ᠠᠮᠠ ᠶᠢᠨ ᠲᠠᠩᠰᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ ︵ᠥᠪᠥᠷ ᠵᠠᠰᠠᠭ ᠠᠯᠪᠠᠨ ᠲᠠᠷᠬᠠᠭᠠᠭᠰᠠᠨ ︽2019︾ 2 ᠳ᠋ᠤᠭᠠᠷ ᠲᠣᠭᠠᠲᠤ︶
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号