ᠠᠵᠢᠯ ᠤᠯᠬᠤ ᠳᠤ ᠬᠦᠴᠢᠷᠲᠡᠶ ᠬᠥᠮᠦᠰ ᠢ ᠲᠤᠰᠠᠯᠠᠬᠤ ᠦᠢᠯᠡᠴᠢᠯᠡᠭᠡᠨ ᠤ ᠨᠥᠬᠦᠪᠥᠷᠢ
ᠨᠡᠶᠢᠲᠡᠯᠡᠭᠰᠡᠨ ᠴᠠᠭ᠄
2021/11/16
     ᠨᠢᠭᠡ᠂ ᠬᠡᠷᠡᠭ ᠤᠴᠢᠷ ᠤᠨ ᠨᠡᠷᠡᠶᠢᠳᠦᠯ      ᠠᠵᠢᠯ ᠤᠯᠬᠤ ᠳᠤ ᠬᠦᠴᠢᠷᠲᠡᠶ ᠬᠥᠮᠦᠰ ᠢ ᠲᠤᠰᠠᠯᠠᠬᠤ ᠦᠢᠯᠡᠴᠢᠯᠡᠭᠡᠨ ᠤ ᠨᠥᠬᠦᠪᠥᠷᠢ      ᠬᠤᠶᠠᠷ᠂ ᠬᠡᠷᠡᠭ ᠤᠴᠢᠷ ᠤᠨ ᠳᠦᠷᠰᠦᠯᠡᠯ      ᠣᠯᠠᠨ ᠨᠡᠶᠢᠲᠡ ᠶᠢᠨ ᠠᠵᠢᠯ ᠣᠯᠭᠤᠬᠤ ᠴᠢᠳᠠᠪᠤᠷᠢᠲᠠᠨ ᠤ ᠦᠢᠯᠡᠴᠢᠯᠡᠭᠡᠨ ᠤ ᠪᠠᠶᠢᠭᠤᠯᠤᠮᠵᠢ᠂ ᠡᠵᠡᠩᠨᠡᠯᠲᠡ ᠶᠢᠨ ᠴᠢᠨᠠᠷᠲᠠᠶ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠨᠢ ᠦᠢᠯᠡᠴᠢᠯᠡᠭᠡ ᠬᠠᠩᠭᠠᠬᠤ ᠪᠠᠷ ᠳᠡᠮᠵᠢᠨ ᠠᠵᠢᠯ ᠤᠯᠬᠤ ᠳᠤ ᠬᠦᠴᠢᠷᠲᠡᠶ ᠬᠥᠮᠦᠰ ᠢ ᠬᠠᠪᠰᠤᠷᠤᠨ ᠲᠤᠬᠠᠶ ᠶᠢᠨ ᠵᠢᠯ ᠳᠤ ᠠᠵᠢᠯ ᠣᠯᠭᠤᠬᠤ ᠶᠢ ᠪᠡᠶᠡᠯᠡᠭᠦᠯᠦᠭᠰᠡᠨ ᠮᠥᠷᠲᠡᠭᠡᠨ ᠬᠥᠮᠦᠨ ᠬᠡᠷᠡᠭᠯᠡᠬᠦ ᠨᠢᠭᠡᠴᠡ ᠬᠢᠭᠡᠳ ᠠᠵᠢᠯ ᠤᠯᠬᠤ ᠳᠤ ᠬᠦᠴᠢᠷᠲᠡᠶ ᠬᠥᠮᠦᠰ ᠬᠥᠳᠡᠯᠮᠦᠷᠢ ᠶᠢᠨ ᠭᠡᠷ᠎ᠡ ︵ᠪᠤᠶᠤ ᠠᠵᠢᠯ ᠤᠯᠬᠤ ᠬᠡᠯᠡᠯᠴᠡᠭᠡᠷ︶ ᠲᠣᠭᠲᠠᠭᠰᠠᠨ ᠪᠥᠭᠡᠳ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠤᠰᠢᠶᠠᠭᠰᠠᠨ ᠪᠠᠶᠢᠪᠠᠯ᠂ ᠠᠵᠢᠯ ᠤᠯᠬᠤ ᠶᠢ ᠬᠠᠪᠰᠤᠷᠤᠨ ᠪᠡᠶᠡᠯᠡᠭᠦᠯᠦᠭᠰᠡᠨ ᠬᠥᠮᠦᠨ ᠤ ᠲᠤᠭ᠎ᠠ ᠪᠠᠷ ᠦᠢᠯᠡᠴᠢᠯᠡᠭᠡᠨ ᠤ ᠪᠠᠶᠢᠭᠤᠯᠤᠮᠵᠢ ᠶᠢᠨ ᠬᠥᠮᠦᠨ ᠪᠦᠷᠢ ᠳᠤ 400 ᠲᠥᠭᠦᠷᠢᠭ ᠤᠨ ᠲᠤᠰᠠᠯᠠᠮᠵᠢ ᠶᠢᠨ ᠦᠢᠯᠡᠴᠢᠯᠡᠭᠡᠨ ᠤ ᠨᠥᠬᠦᠪᠥᠷᠢ ᠣᠯᠭᠤᠨ᠎ᠠ᠃      ᠭᠤᠷᠪᠠ᠂ ᠰᠢᠢᠳᠪᠦᠷᠢᠯᠡᠬᠦ ᠴᠢᠬᠤᠯᠠ ᠨᠥᠬᠦᠴᠡᠯ      1. ᠣᠯᠠᠨ ᠨᠡᠶᠢᠲᠡ ᠶᠢᠨ ᠠᠵᠢᠯ ᠣᠯᠭᠤᠬᠤ ᠴᠢᠳᠠᠪᠤᠷᠢᠲᠠᠨ ᠤ ᠦᠢᠯᠡᠴᠢᠯᠡᠭᠡᠨ ᠤ ᠪᠠᠶᠢᠭᠤᠯᠤᠮᠵᠢ ᠨᠢ ︽ᠠᠵᠢᠯ ᠦᠢᠯᠡᠰ ᠤᠨ ᠨᠢᠭᠡᠴᠡ ᠶᠢᠨ ᠬᠠᠤᠯᠢ ᠶᠢᠨ ᠡᠷᠬᠡᠲᠡᠨ ᠤ ᠦᠨᠡᠮᠯᠡᠯ︾ ᠤᠨ ᠪᠠᠭᠤᠯᠭᠠᠪᠤᠷᠢ ᠶᠢ 1 ᠬᠤᠪᠢ ᠬᠠᠩᠭᠠᠵᠤ᠂ ᠡᠵᠡᠩᠨᠡᠯᠲᠡ ᠶᠢᠨ ᠴᠢᠨᠠᠷᠲᠠᠶ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠨᠢ ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠪᠤᠶᠤ ᠪᠤᠰᠤᠳ ᠬᠠᠤᠯᠢ ᠪᠠᠷ ᠲᠣᠭᠲᠠᠭᠠᠭᠰᠠᠨ ᠳᠡᠩᠰᠡᠯᠡᠨ ᠲᠡᠮᠳᠡᠭᠯᠡᠭᠦᠯᠦᠭᠰᠡᠨ ᠭᠡᠷᠡᠴᠢ ᠮᠠᠲ᠋ᠧᠷᠢᠶᠠᠯ ᠤᠨ ᠪᠠᠭᠤᠯᠭᠠᠪᠤᠷᠢ ᠶᠢ 1 ᠬᠤᠪᠢ ᠬᠠᠩᠭᠠᠵᠤ᠂ ︽ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠵᠥᠪᠰᠢᠶᠡᠷᠡᠯ ᠤᠨ ᠦᠨᠡᠮᠯᠡᠯ︾ ᠤᠨ ᠪᠠᠭᠤᠯᠭᠠᠪᠤᠷᠢ ᠶᠢ 1 ᠬᠤᠪᠢ ᠬᠠᠩᠭᠠᠨ᠎ᠠ︔      2. ︽ᠬᠥᠬᠡᠬᠤᠲᠠ ᠶᠢᠨ ᠠᠵᠢᠯ ᠤᠯᠬᠤ ᠳᠤ ᠬᠦᠴᠢᠷᠲᠡᠶ ᠬᠥᠮᠦᠰ ᠢ ᠲᠤᠰᠠᠯᠠᠬᠤ ᠦᠢᠯᠡᠴᠢᠯᠡᠭᠡᠨ ᠤ ᠨᠥᠬᠦᠪᠥᠷᠢ ᠶᠢᠨ ᠬᠢᠨᠠᠨ ᠬᠠᠷᠭᠤᠭᠤᠯᠬᠤ ᠬᠦᠰᠦᠨᠦᠭᠲᠦ︾᠂ ︽ᠦᠢᠯᠡᠴᠢᠯᠡᠭᠡᠨ ᠤ ᠪᠠᠶᠢᠭᠤᠯᠤᠮᠵᠢ ᠶᠢᠨ ᠠᠵᠢᠯ ᠤᠯᠬᠤ ᠳᠤ ᠬᠦᠴᠢᠷᠲᠡᠶ ᠬᠥᠮᠦᠰ ᠢ ᠲᠤᠰᠠᠯᠠᠬᠤ ᠠᠵᠢᠯ ᠣᠯᠭᠤᠯᠲᠠ ᠶᠢᠨ ᠨᠡᠷᠡᠰ ᠤᠨ ᠪᠦᠷᠢᠳᠬᠡᠯ︾ ᠲᠣᠰ ᠲᠣᠰ 1 ᠬᠤᠪᠢ︔      3. ︽ᠦᠢᠯᠡᠴᠢᠯᠡᠭᠡᠨ ᠤ ᠪᠠᠶᠢᠭᠤᠯᠤᠮᠵᠢ ᠶᠢᠨ ᠠᠮᠠᠯᠠᠯᠲᠠ ᠶᠢᠨ ᠪᠢᠴᠢᠭ︾᠃      ᠳᠥᠷᠪᠡ᠂ ᠭᠦᠢᠴᠡᠳᠬᠡᠬᠦ ᠠᠷᠭ᠎ᠠ ᠮᠠᠶ᠋ᠢᠭ      ᠰᠦᠯᠵᠢᠶᠡᠨ ᠠᠴᠠ ᠭᠠᠳᠠᠨ᠎ᠠ ᠭᠦᠢᠴᠡᠳᠬᠡᠨ᠎ᠡ᠃      ᠵᠢᠷᠭᠤᠭ᠎ᠠ᠂ ᠭᠦᠢᠴᠡᠳᠬᠡᠬᠦ ᠴᠠᠭ ᠤᠨ ᠬᠢᠵᠠᠭᠠᠷ       ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ ᠰᠢᠢᠳᠪᠦᠷᠢᠯᠡᠵᠦ ᠳᠠᠭᠤᠰᠬᠠᠨ᠎ᠠ᠃      ᠲᠠᠶᠢᠯᠪᠤᠷᠢ᠄ ᠰᠢᠢᠳᠪᠦᠷᠢᠯᠡᠬᠦ ᠴᠢᠬᠤᠯᠠ ᠨᠥᠬᠦᠴᠡᠯ ᠤᠨ ᠳᠣᠲᠣᠷᠠᠬᠢ ᠬᠡᠷᠡᠭᠰᠡᠬᠦ ᠶᠠᠩᠵᠤ ᠶᠢᠨ ᠬᠦᠰᠦᠨᠦᠭᠲᠦ ᠶᠢ ᠪᠠᠭᠤᠯᠭᠠᠨ ᠠᠪᠬᠤ ᠰᠦᠯᠵᠢᠶᠡᠨ ᠤ ᠬᠠᠶ᠋ᠢᠭ᠄ Http://rsj.huhhot.gov.cn/index.php/Information/informationDetails/m_id/3402/kid/37/nid/7
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号