︵ᠰᠣᠷᠪᠤᠯᠵᠢᠯᠠᠭᠴᠢ ᠰᠤᠷᠤᠨ᠎ᠠ︶ ᠥᠴᠥᠭᠡᠳᠦᠷ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ ᠡᠪᠦᠯ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠲᠤᠬᠢᠷᠠᠭᠤᠯᠤᠨ ᠪᠠᠶᠢᠷᠢᠯᠠᠭᠤᠯᠬᠤ ᠬᠤᠷᠠᠯ ᠬᠤᠷᠠᠯᠳᠤᠭᠤᠯᠵᠤ᠂ ᠰᠣᠶᠣᠯ ᠵᠢᠭᠤᠯᠴᠢᠯᠠᠯ ᠤᠨ ᠲᠠᠯᠠᠪᠤᠷ ᠭᠠᠵᠠᠷ ᠢ ᠱᠠᠳᠤ | ᠬᠤᠪᠢᠶᠠᠨ ᠲᠦᠷᠦᠯ ᠬᠤᠪᠢᠶᠠᠨ ᠡᠮᠬᠢ ᠳᠢᠭᠯᠢᠮ ᠲᠠᠢ ᠪᠠᠷ ᠰᠡᠷᠭᠦᠭᠡᠨ ᠨᠡᠭᠡᠭᠡᠬᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠱᠠᠭᠠᠷᠳᠠᠭᠰᠠᠨ ᠨᠢ᠂ ᠵᠢᠭᠤᠯᠴᠢᠯᠠᠯ ᠤᠨ ᠬᠤᠷᠢᠶ᠎ᠠ ᠵᠢᠴᠢ ᠰᠦᠯᠵᠢᠶᠡᠨ ᠳᠡᠭᠡᠷᠡᠬᠢ | ᠵᠢᠭᠤᠯᠴᠢᠯᠠᠯ ᠤᠨ ᠠᠵᠤ ᠠᠬᠤᠶᠢᠯᠠᠯ ᠬᠢᠯᠢ ᠪᠠᠷ ᠣᠷᠣᠵᠤ ᠭᠠᠷᠬᠤ ᠪᠦᠯᠬᠦᠮ ᠨᠡᠶᠢᠲᠡ ᠶᠢᠨ ᠵᠢᠭᠤᠯᠴᠢᠯᠠᠯ ᠪᠠ ︽ | ᠨᠢᠰᠬᠡᠯ ᠤᠨ ᠪᠢᠯᠧᠲ + ᠪᠠᠭᠤᠳᠠᠯ︾ ᠤᠨ ᠲᠤᠬᠠᠶᠢᠯᠠᠭᠰᠠᠨ ᠠᠵᠢᠯ ᠢ ᠡᠵᠡᠩᠨᠡᠵᠦ ᠪᠣᠯᠬᠤ ᠥᠬᠡᠶ᠂ ᠶᠠᠮᠠᠷᠪᠠ | ᠬᠡᠯᠪᠡᠷᠢ ᠪᠠᠷ ᠬᠤᠪᠢᠷᠠᠭᠤᠯᠵᠤ ᠪᠣᠯᠬᠤ ᠥᠬᠡᠶ᠃ ᠮᠤᠵᠢ ᠠᠯᠤᠰᠯᠠᠭᠰᠠᠨ ᠵᠢᠭᠤᠯᠴᠢᠯᠠᠯ ᠤᠨ ᠡᠵᠡᠩᠨᠡᠯᠲᠡ ᠶᠢᠨ | ᠠᠵᠢᠯᠯᠠᠭ᠎ᠠ ᠶᠢᠨ ᠬᠠᠮᠢᠶᠠᠷᠤᠯᠲᠠ ᠶᠢᠨ ︽ ᠲᠦᠷ ᠵᠣᠭᠰᠤᠭᠠᠬᠤ︾ ᠲᠣᠭᠲᠠᠴᠠ ᠶᠢ ᠦᠷᠭᠦᠯᠵᠢᠯᠡᠨ ᠬᠡᠷᠡᠭᠵᠢᠭᠦᠯᠵᠦ᠂ | ᠵᠢᠭᠤᠯᠴᠢᠯᠠᠯ ᠤᠨ ᠬᠤᠷᠢᠶ᠎ᠠ ᠵᠢᠴᠢ ᠰᠦᠯᠵᠢᠶᠡᠨ ᠳᠡᠭᠡᠷᠡᠬᠢ ᠵᠢᠭᠤᠯᠴᠢᠯᠠᠯ ᠤᠨ ᠠᠵᠤ ᠠᠬᠤᠶᠢᠯᠠᠯ ᠤᠨ ᠮᠤᠵᠢ | ᠠᠯᠤᠰᠯᠠᠭᠰᠠᠨ ᠪᠦᠯᠬᠦᠮ ᠨᠡᠶᠢᠲᠡ ᠶᠢᠨ ᠵᠢᠭᠤᠯᠴᠢᠯᠠᠯ ᠵᠢᠴᠢ ︽ᠨᠢᠰᠬᠡᠯ ᠤᠨ ᠪᠢᠯᠧᠲ + ᠪᠠᠭᠤᠳᠠᠯ︾ ᠤᠨ | ᠲᠤᠬᠠᠶᠢᠯᠠᠭᠰᠠᠨ ᠠᠵᠢᠯ ᠡᠵᠡᠩᠨᠡᠬᠦ ᠶᠢ ᠲᠦᠷ ᠵᠣᠭᠰᠣᠭᠠᠨ᠎ᠠ᠃ ᠵᠢᠭᠤᠯᠴᠢᠯᠠᠯ ᠤᠨ ᠲᠤᠰᠬᠠᠶ ᠭᠠᠯᠲᠤ ᠲᠡᠷᠭᠡ ᠡᠵᠡᠩᠨᠡᠬᠦ | ᠲᠤᠬᠠᠶᠢᠯᠠᠭᠰᠠᠨ ᠠᠵᠢᠯ ᠢ ᠲᠦᠷ ᠵᠣᠭᠰᠣᠭᠠᠨ᠎ᠠ᠃ ᠳᠤᠮᠳᠠ ᠦᠨᠳᠦᠷ ᠵᠡᠷᠭᠡ ᠶᠢᠨ ᠲᠦᠭᠰᠢᠭᠦᠷᠢᠲᠡᠢ ᠭᠠᠵᠠᠷ | ᠣᠷᠣᠨ ᠤ ᠵᠢᠭᠤᠯᠴᠢᠯᠠᠭᠴᠢᠳ ᠤᠨ ᠮᠠᠨ ᠤ ᠬᠤᠲᠠ ᠳᠤ ᠢᠷᠡᠵᠦ ᠵᠢᠭᠤᠯᠴᠢᠯᠠᠬᠤ ᠬᠤᠯᠪᠤᠭᠳᠠᠯ ᠪᠥᠬᠦᠶ | ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠪᠣᠯᠬᠤ ᠥᠬᠡᠶ᠃ ᠣᠷᠣᠨ ᠤ ᠳᠣᠲᠣᠷᠠᠬᠢ ᠣᠶᠢᠷ᠎ᠠ ᠵᠠᠮ ᠤᠨ | ᠵᠢᠭᠤᠯᠴᠢᠯᠠᠯ ᠤᠨ ᠲᠤᠬᠠᠶᠢᠯᠠᠭᠰᠠᠨ ᠠᠵᠢᠯ ᠢ ᠳᠠᠭᠠᠭᠠᠨ ᠠᠪᠤᠭᠰᠠᠨ ᠵᠢᠭᠤᠯᠴᠢᠯᠠᠯ ᠤᠨ ᠬᠤᠷᠢᠶ᠎ᠠ ᠨᠢ | ᠵᠢᠭᠤᠯᠴᠢᠯᠠᠭᠴᠢᠳ ᠤᠨ ᠡᠷᠡᠭᠦᠯ ᠮᠡᠨᠳᠦ ᠪᠠ ᠢᠷᠡᠯᠲᠡ ᠶᠢᠨ ᠭᠠᠵᠠᠷ ᠤᠨ ᠮᠡᠳᠡᠭᠡ ᠵᠠᠩᠭᠢ ᠶᠢ ᠴᠢᠩᠭ᠎ᠠ ᠪᠠᠶᠢᠴᠠᠭᠠᠨ | ᠰᠢᠯᠭᠠᠵᠤ᠂ ᠳᠤᠮᠳᠠ ᠥᠨᠳᠦᠷ ᠵᠡᠷᠭᠡ ᠶᠢᠨ ᠲᠥᠭᠰᠢᠭᠦᠷᠢᠲᠡᠢ ᠭᠠᠵᠠᠷ ᠣᠷᠣᠨ ᠪᠤᠶᠤ ᠡᠷᠡᠭᠦᠯ ᠮᠡᠨᠳᠦ ᠶᠢᠨ ᠺᠣᠳ᠋ ᠨᠢ | ᠬᠡᠪ ᠤᠨ ᠪᠤᠰᠤ ᠵᠢᠭᠤᠯᠴᠢᠯᠠᠭᠴᠢᠳ ᠢ ᠭᠥᠯᠢᠶᠡᠨ ᠠᠪᠴᠤ ᠪᠣᠯᠬᠤ ᠥᠬᠡᠶ ᠭᠡᠵᠡᠢ᠃ | ᠪᠥᠬᠦ ᠬᠤᠲᠠ ᠶᠢᠨ ᠮᠦᠽᠧᠶ᠂ ᠨᠣᠮ ᠤᠨ ᠰᠠᠩ᠂ ᠤᠷᠠᠨ ᠵᠢᠷᠤᠭ ᠤᠨ ᠣᠷᠳᠣᠨ᠂ ᠰᠣᠶᠣᠯ ᠤᠨ ᠣᠷᠳᠣᠨ ︵ | ᠥᠷᠲᠡᠭᠡ︶᠂ ᠵᠦᠴᠦᠭᠡ ᠶᠢᠨ ᠲᠢᠶᠠᠲᠷ ᠵᠢᠴᠢ ᠵᠤᠭ᠎ᠠ ᠴᠡᠩᠭᠡᠯ᠂ ᠢᠨᠲ᠋ᠧᠷ ᠰᠦᠯᠵᠢᠶᠡᠨ ᠤ ᠰᠦᠯᠵᠢᠶᠡᠨ ᠳᠤ ᠭᠠᠷᠬᠤ | ᠦᠶ᠋ᠯᠡᠴᠢᠯᠡᠭᠡ᠂ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠭᠠᠵᠠᠷ ᠵᠡᠷᠭᠡ ᠬᠠᠷᠢᠴᠠᠩᠭᠤᠶ ᠨᠢᠭᠲᠠ | ᠪᠢᠲᠡᠭᠦᠮᠵᠢᠯᠡᠭᠰᠡᠨ ᠰᠣᠶᠣᠯ ᠵᠢᠭᠤᠯᠴᠢᠯᠠᠯ ᠤᠨ ᠲᠠᠯᠠᠪᠤᠷ ᠭᠠᠵᠠᠷ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠᠷᠢᠮᠵᠢᠶ᠎ᠠ ᠳᠤ ᠨᠡᠶᠢᠴᠡᠭᠰᠡᠨ᠂ ᠬᠢᠵᠢᠭ ᠢ ᠰᠡᠷᠭᠡᠶᠢᠯᠡᠬᠦ ᠡᠳ᠋ ᠪᠣᠳᠠᠰ ᠪᠦᠷᠢᠨ ᠭᠦᠢᠴᠡᠳ ᠪᠠᠶᠢᠬᠤ ᠤᠷᠢᠲᠠᠯ ᠳᠣᠤᠷ᠎ᠠ᠂ | ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠪᠠ ᠬᠠᠷᠢᠶ᠎ᠠ ᠭᠠᠵᠠᠷ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ᠂ ᠨᠡᠭᠡᠭᠡᠯᠲᠡᠲᠦ ᠡᠵᠡᠩᠨᠡᠯᠲᠡ ᠶᠢ ᠡᠮᠬᠢ | ᠵᠢᠷᠤᠮ ᠲᠠᠢ ᠪᠠᠷ ᠰᠡᠷᠭᠦᠭᠡᠵᠦ ᠪᠣᠯᠤᠨ᠎ᠠ᠃ ︽ᠬᠡᠮᠵᠢᠶ᠎ᠡ ᠶᠢ ᠬᠢᠵᠠᠭᠠᠷᠯᠠᠬᠤ᠂ ᠤᠷᠢᠳᠴᠢᠯᠠᠨ ᠪᠣᠯᠵᠣᠬᠤ᠂ ᠣᠷᠭᠢᠯ | ᠦᠶ᠎ᠡ ᠶᠢ ᠵᠥᠷᠢᠭᠦᠯᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠭᠦᠳᠡᠨ ᠪᠢᠯᠧᠲ ᠢ ᠤᠷᠢᠳᠴᠢᠯᠠᠨ | ᠪᠣᠯᠵᠣᠬᠤ᠂ ᠦᠨᠡᠨ ᠨᠡᠷ᠎ᠡ ᠪᠠᠷ ᠳᠠᠩᠰᠠᠯᠠᠬᠤ᠂ ︽ᠨᠢᠭᠡ ᠮᠧᠲᠷ ᠤᠨ ᠱᠤᠭᠤᠮ︾᠂ ᠪᠡᠶ᠎ᠡ ᠶᠢᠨ ᠳᠤᠯᠠᠭᠠᠨ ᠢ ᠬᠡᠮᠵᠢᠬᠦ᠂ | ᠠᠮᠠᠪᠴᠢ ᠵᠡᠭᠦᠬᠦ᠂ ︽ᠡᠷᠡᠭᠦᠯ ᠮᠡᠨᠳᠦ ᠶᠢᠨ ᠺᠣᠳ᠋︾ ︽ᠠᠶᠠᠯᠠᠯ ᠤᠨ ᠺᠤᠳ᠋︾ ᠢ ᠬᠠᠷᠭᠤᠭᠤᠯᠤᠨ ᠪᠠᠶᠢᠴᠠᠭᠠᠬᠤ ᠵᠡᠷᠭᠡ | ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠬᠦᠮᠦᠨ ᠢ ᠭᠥᠯᠢᠶᠡᠨ ᠠᠪᠬᠤ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ | ᠵᠠᠷᠴᠢᠮ ᠳᠡᠭᠡᠷ᠎ᠡ ᠪᠠᠨ ᠬᠢᠨᠠᠨ ᠲᠣᠭᠲᠠᠭᠠᠭᠰᠠᠨ ᠬᠥᠮᠦᠨ ᠤ ᠲᠤᠭ᠎ᠠ ᠶᠢᠨ 50% ᠠᠴᠠ ᠬᠡᠲᠦᠷᠡᠭᠦᠯᠵᠦ ᠪᠣᠯᠬᠤ ᠥᠬᠡᠶ | ᠃ | ᠪᠥᠬᠦ ᠬᠤᠲᠠ ᠶᠢᠨ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠵᠢᠭᠤᠯᠴᠢᠯᠠᠭᠴᠢᠳ ᠢ ᠭᠥᠯᠢᠶᠡᠨ | ᠠᠪᠬᠤ ᠳᠡᠭᠡᠳᠦ ᠬᠢᠵᠠᠭᠠᠷ ᠢ ᠴᠢᠩᠭ᠎ᠠ ᠪᠥᠭᠡᠳ ᠵᠦᠶ ᠵᠣᠬᠢᠰᠲᠠᠶ ᠳᠣᠭᠢᠷᠠᠭᠤᠯᠵᠤ᠂ ᠦᠨᠡᠨ ᠨᠡᠷ᠎ᠡ ᠶᠢᠨ ᠳᠦᠷᠢᠮᠲᠦ | ᠡᠭᠦᠳᠡᠨ ᠪᠢᠯᠧᠲ ᠤᠨ ᠤᠷᠢᠳᠴᠢᠯᠠᠨ ᠪᠣᠯᠵᠣᠬᠤ ᠲᠦᠷᠢᠮ ᠢ ᠨᠠᠶᠢᠳᠠᠪᠤᠷᠢᠵᠢᠭᠤᠯᠤᠨ᠂ ᠵᠢᠭᠤᠯᠴᠢᠯᠠᠭᠴᠢᠳ ᠤᠨ ᠮᠡᠳᠡᠭᠡ | ᠵᠠᠩᠭᠢ ᠶᠢ ᠪᠠᠶᠢᠴᠠᠭᠠᠨ ᠯᠠᠪᠯᠠᠵᠤ ᠮᠥᠷᠳᠡᠵᠦ ᠪᠣᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠪᠥᠬᠦ ᠬᠤᠲᠠ ᠶᠢᠨ ᠣᠳᠣᠨ | ᠲᠠᠰ ᠤᠨ ᠵᠣᠴᠢᠳ ᠤᠨ ᠪᠠᠭᠤᠳᠠᠯ ᠺᠣᠳ᠋ ᠰᠢᠷᠪᠢᠵᠦ ᠳᠠᠩᠰᠠᠯᠠᠬᠤ ᠵᠡᠷᠭᠡ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ | ᠂ ᠣᠯᠠᠨ ᠨᠡᠶᠢᠲᠡ ᠶᠢᠨ ᠣᠷᠣᠨ ᠪᠦᠰᠡ᠂ ᠵᠤᠴᠢᠳ ᠤᠨ ᠬᠡᠷᠡᠭᠯᠡᠭᠡᠨ ᠤ ᠪᠤᠳᠠᠰ ᠢ ᠠᠷᠢᠭᠤᠳᠬᠠᠬᠤ ᠤᠳᠠᠭ᠎ᠠ ᠶᠢ ᠵᠦᠶ | ᠵᠣᠬᠢᠰᠲᠠᠶ ᠲᠣᠬᠢᠷᠠᠭᠤᠯᠬᠤ ᠬᠡᠷᠡᠭᠲᠡᠢ᠃ ᠬᠠᠷᠢᠶ᠎ᠠ ᠭᠠᠵᠠᠷ ᠤᠨ ᠬᠤᠷᠠᠯ᠂ ᠠᠵᠢᠯᠯᠠᠭ᠎ᠠ᠂ ᠳᠠᠶᠢᠯᠠᠯᠭ᠎ᠠ ᠵᠡᠷᠭᠡ ᠬᠦᠮᠦᠨ | ᠬᠠᠷ᠎ᠠ ᠴᠤᠭᠯᠠᠷᠠᠬᠤ ᠠᠵᠢᠯᠯᠠᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ | ᠬᠡᠷᠡᠭᠵᠢᠭᠦᠯᠬᠦ ᠬᠡᠷᠡᠭᠲᠡᠶ᠃ | ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ | ᠲᠦᠭᠰᠢᠭᠦᠷᠢ ᠶᠢ ᠪᠥᠬᠦ ᠲᠠᠯ᠎ᠠ ᠪᠠᠷ ᠠᠷᠢᠯᠭᠠᠬᠤ ᠠᠴᠠ ᠡᠮᠦᠨ᠎ᠡ᠂ ᠡᠯ᠎ᠡ ᠲᠥᠷᠥᠯ ᠤᠨ ᠴᠤᠭᠯᠠᠷᠠᠯ ᠤᠨ ᠴᠢᠨᠠᠷᠲᠠᠶ | ᠰᠣᠶᠣᠯ ᠤᠨ ᠪᠠ ᠵᠢᠭᠤᠯᠴᠢᠯᠠᠯ ᠤᠨ ᠠᠵᠢᠯᠯᠠᠭ᠎ᠠ ᠶᠢ ᠲᠦᠷ ᠵᠣᠭᠰᠣᠭᠠᠵᠤ᠂ ᠣᠷᠣᠨ ᠤ ᠭᠠᠳᠠᠨ᠎ᠠ ᠣᠴᠢᠵᠤ ᠰᠣᠶᠣᠯ | ᠵᠢᠭᠤᠯᠴᠢᠯᠠᠯ ᠢ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠥᠷᠨᠢᠭᠦᠯᠬᠦ ᠶᠢ ᠲᠦᠷ ᠵᠣᠭᠰᠣᠭᠠᠨ᠎ᠠ᠃ ᠡᠷᠭᠢᠯᠡᠬᠦ ᠪᠠᠷ | ᠲᠥᠯᠥᠪᠯᠡᠵᠦ ᠪᠠᠶᠢᠭ᠎ᠠ ᠡᠯ᠎ᠡ ᠱᠠᠲᠤᠨ ᠤ ᠡᠯ᠎ᠡ ᠲᠥᠷᠥᠯ ᠤᠨ ᠡᠪᠦᠯ ᠤᠨ ᠤᠯᠠᠷᠢᠯ ᠤᠨ ᠰᠣᠶᠣᠯ ᠵᠢᠭᠤᠯᠴᠢᠯᠠᠯ ᠤᠨ | ᠠᠵᠢᠯᠯᠠᠭ᠎ᠠ ᠶᠢ ᠲᠦᠷ ᠬᠤᠶᠢᠰᠢᠯᠠᠭᠤᠯᠤᠨ᠎ᠠ᠃ |