ᠨᠠᠮᠤᠷ ᠡᠪᠦᠯ ᠤᠨ ᠤᠯᠠᠷᠢᠯ ᠳᠤ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠣᠯᠠᠨ ᠡᠭᠦᠰᠬᠦ ᠪᠣᠯᠬᠤᠷ ᠬᠤᠪᠢ ᠪᠡᠶ᠎ᠡ ᠶᠢᠨ ᠰᠡᠷᠭᠡᠶᠢᠯᠡᠨ ᠬᠠᠮᠠᠭᠠᠯᠠᠯᠲᠠ ᠳᠤ ᠡᠳᠡᠭᠡᠷ ᠢ ᠠᠩᠬᠠᠷᠬᠤ ᠬᠡᠷᠡᠭᠲᠡᠢ
ᠨᠡᠶᠢᠲᠡᠯᠡᠭᠰᠡᠨ ᠴᠠᠭ᠄
2021/11/2
     ᠨᠠᠮᠤᠷ ᠡᠪᠦᠯ ᠤᠨ ᠤᠯᠠᠷᠢᠯ ᠪᠣᠯ ᠲᠣᠭᠤᠰᠣ ᠪᠤᠳᠠᠩ ᠲᠠᠢ ᠴᠠᠭ ᠠᠭᠤᠷ ᠪᠠ ᠬᠠᠷᠰᠢᠮᠠᠲᠠᠭᠠᠶ ᠴᠢᠨᠠᠷᠲᠠᠶ ᠡᠪᠡᠳᠴᠢᠨ ᠡᠮᠭᠡᠭ ᠣᠯᠠᠨ ᠡᠭᠦᠰᠳᠡᠭ ᠴᠠᠭ ᠦᠶ᠎ᠡ ᠮᠥᠨ᠂ ᠠᠭᠠᠷ ᠳᠣᠲᠣᠷ᠎ᠠ ᠲᠠᠷᠬᠠᠵᠤ ᠪᠠᠶᠢᠭ᠎ᠠ ᠬᠤᠭ ᠲᠣᠭᠤᠰᠣᠨ ᠤ ᠮᠥᠬᠦᠯᠢᠭ ᠨᠢ ᠪᠠᠺᠲ᠋ᠧᠷᠢ᠂ ᠬᠤᠷᠣᠬᠠᠶ ᠶᠢᠨ ᠥᠨᠳᠡᠭᠡ ᠵᠢᠴᠢ ᠡᠯ᠎ᠡ ᠵᠦᠢᠯ ᠤᠨ ᠬᠤᠤᠷᠲᠤ ᠪᠣᠳᠠᠰ ᠢ ᠨᠠᠭᠠᠯᠳᠤᠭᠤᠯᠵᠤ᠂ ᠴᠣᠩᠬᠤ ᠪᠠᠨ ᠨᠡᠭᠡᠭᠡᠵᠦ ᠰᠠᠯᠬᠢ ᠨᠡᠪᠲᠡᠷᠡᠬᠦ ᠶᠢ ᠳᠠᠭᠠᠯᠳᠤᠨ᠂ ᠡᠳᠦᠷ ᠲᠤᠲᠤᠮ ᠤᠨ ᠬᠥᠳᠡᠯᠭᠡᠭᠡᠨ ᠨᠢ ᠬᠡᠷ ᠪᠦᠯᠢ ᠶᠢᠨ ᠣᠷᠴᠢᠨ ᠲᠣᠭᠤᠷᠢᠨ ᠳᠤ ᠣᠷᠣᠵᠤ᠂ ᠠᠭᠠᠷ ᠳᠣᠲᠣᠷ᠎ᠠ ᠪᠤᠶᠤ ᠬᠡᠷ ᠤᠨ ᠡᠳ᠋ᠯᠡᠯ ᠬᠡᠷᠡᠭᠰᠡᠯ ᠳᠤ ᠨᠠᠭᠠᠯᠳᠤᠨ ᠲᠠᠷᠬᠠᠵᠤ᠂ ᠡᠷᠡᠭᠦᠯ ᠮᠡᠨᠳᠦ ᠶᠢᠨ ᠳᠠᠯᠳᠠ ᠬᠡᠮ ᠢ ᠠᠮᠠᠷᠬᠠᠨ ᠪᠣᠶ ᠪᠣᠯᠭᠠᠳᠠᠭ᠃ ᠬᠡᠷᠪᠡ ᠰᠢᠨᠵᠢᠯᠡᠬᠦ ᠤᠬᠠᠭᠠᠨᠴᠢ ᠪᠠᠷ ᠲᠣᠭᠤᠰᠣ ᠠᠷᠢᠯᠭᠠᠬᠤ ᠠᠷᠭ᠎ᠠ ᠪᠠᠷ ᠪᠦᠲᠦᠮᠵᠢᠲᠡᠶ ᠪᠠᠷ ᠰᠠᠶᠢᠲᠣᠷ ᠴᠡᠪᠡᠷᠯᠡᠬᠦ ᠶᠢᠨ ᠠᠷᠭ᠎ᠠ ᠦᠭᠡᠢ ᠪᠣᠯ᠂ ᠬᠤᠭ ᠲᠣᠭᠤᠰᠣᠨ ᠳᠠᠬᠢ ᠬᠤᠣᠷᠲᠤ ᠪᠣᠳᠠᠰ᠂ ᠵᠢᠱᠢᠶᠡᠯᠡᠪᠡᠯ ᠲᠣᠭᠤᠰᠣᠨ ᠬᠠᠴᠢᠭ ᠤᠨ ᠢᠯᠭᠠᠳᠠᠰᠤ᠂ ᠪᠠᠺᠲ᠋ᠧᠷᠢ᠂ ᠬᠥᠭᠡᠴᠦ ᠵᠡᠷᠭᠡ ᠨᠢ ᠠᠷᠠᠰᠤᠨ ᠳᠤ ᠬᠦᠷᠦᠯᠴᠡᠬᠦ ᠪᠤᠶᠤ ᠬᠥᠮᠦᠨ ᠤ ᠪᠡᠶ᠎ᠡ ᠳᠤ ᠰᠣᠷᠣᠵᠤ ᠣᠷᠣᠭᠠᠳ ᠬᠠᠷᠰᠢᠮᠠᠲᠠᠭᠠᠶ ᠡᠪᠡᠳᠴᠢᠨ᠂ ᠠᠮᠢᠰᠬᠤᠯ ᠤᠨ ᠵᠠᠮ ᠤᠨ ᠡᠪᠡᠳᠴᠢᠨ᠂ ᠬᠠᠯᠳᠠᠪᠤᠷᠢᠯᠠᠯ ᠤᠨ ᠴᠢᠨᠠᠷᠲᠠᠶ ᠡᠪᠡᠳᠴᠢᠨ ᠵᠡᠷᠭᠡ ᠶᠢ ᠡᠭᠦᠰᠭᠡᠵᠦ ᠮᠡᠳᠡᠨ᠎ᠡ᠃      ᠡᠳᠦᠷ ᠲᠤᠲᠤᠮ ᠤᠨ ᠠᠮᠢᠳᠤᠷᠠᠯ ᠳᠤᠮᠳᠠ᠂ ᠠᠷᠠᠳ ᠢᠷᠭᠡᠳ ᠬᠡᠷ ᠢᠶᠠᠨ ᠴᠡᠪᠡᠷᠯᠡᠬᠦ ᠳᠡᠭᠡᠨ ᠶᠡᠷᠦ ᠳᠡᠭᠡᠨ ᠱᠦᠭᠦᠷ᠂ ᠵᠦᠯᠭᠦᠭᠦᠷ ᠵᠡᠷᠭᠡ ᠡᠩ ᠤᠨ ᠠᠷᠢᠭᠤᠨ ᠴᠡᠪᠡᠷ ᠤᠨ ᠪᠠᠭᠠᠵᠢ ᠬᠡᠷᠡᠭᠰᠡᠯ ᠢ ᠬᠡᠷᠡᠭᠯᠡᠳᠡᠭ᠃ ᠡᠶᠢᠮᠦᠷᠬᠦᠦ ᠠᠷᠢᠭᠤᠨ ᠴᠡᠪᠡᠷ ᠤᠨ ᠪᠠᠭᠠᠵᠢ ᠨᠢ ᠠᠷᠢᠭᠤᠨ ᠴᠡᠪᠡᠷ ᠤᠨ ᠶᠠᠪᠤᠴᠠ ᠳᠤ ᠦᠷ᠎ᠡ ᠠᠰᠢᠭ ᠢᠶᠠᠷ ᠨᠡᠯᠢᠶᠡᠳ ᠳᠣᠣᠷ᠎ᠠ ᠪᠠᠶᠢᠳᠠᠭ ᠢᠶᠠᠷ ᠪᠠᠷᠠᠬᠤ ᠦᠭᠡᠶ᠂ ᠪᠠᠰᠠ ᠠᠷᠢᠭᠤᠨ ᠴᠡᠪᠡᠷ ᠤᠨ ᠬᠠᠮᠲᠤ ᠲᠣᠭᠤᠰᠣ ᠳᠡᠭᠳᠡᠬᠦ ᠠᠰᠠᠭᠤᠳᠠᠯ ᠢ ᠮᠠᠰᠢ ᠠᠮᠠᠷᠬᠠᠨ ᠡᠭᠦᠰᠭᠡᠳᠡᠭ᠃ ᠲᠣᠭᠤᠰᠣ ᠳᠡᠭᠳᠡᠬᠦ ᠠᠰᠠᠭᠤᠳᠠᠯ ᠨᠢ ᠬᠤᠭ ᠲᠣᠭᠤᠰᠣ᠂ ᠸᠢᠷᠦ᠋ᠰ᠂ ᠬᠥᠭᠡᠴᠦ ᠮᠡᠲᠦ ᠶᠢᠨ ᠵᠠᠷᠢᠮ ᠮᠥᠬᠦᠯᠢᠭᠲᠦ ᠪᠣᠳᠠᠰ ᠢ ᠠᠭᠠᠷ ᠳᠣᠲᠣᠷ᠎ᠠ ᠲᠠᠷᠬᠠᠭᠠᠳᠠᠭ᠃ ᠡᠶᠢᠮᠦ ᠠᠴᠠ ᠠᠷᠢᠭᠤᠨ ᠴᠡᠪᠡᠷ ᠤᠨ ᠪᠠᠭᠠᠵᠢ ᠶᠢ ᠬᠡᠷᠡᠭᠯᠡᠬᠦ ᠳᠡᠭᠡᠨ ᠠᠷᠢᠭᠤᠨ ᠴᠡᠪᠡᠷ ᠤᠨ ᠪᠠᠭᠠᠵᠢ ᠨᠢ ᠮᠠᠰᠢ ᠰᠠᠶᠢᠨ ᠠᠷᠢᠭᠤᠨ ᠴᠡᠪᠡᠷ ᠤᠨ ᠴᠢᠳᠠᠪᠤᠷᠢ ᠪᠠ ᠲᠣᠭᠤᠰᠣ ᠰᠣᠷᠣᠬᠤ ᠴᠢᠳᠠᠪᠤᠷᠢ ᠲᠠᠢ ᠪᠠᠶᠢᠬᠤ ᠶᠢ ᠠᠩᠬᠠᠷᠬᠤ ᠶᠢᠨ ᠬᠠᠮᠲᠤ ᠪᠠᠰᠠ ᠮᠠᠰᠢ ᠰᠠᠶᠢᠨ ᠪᠢᠲᠡᠭᠦᠮᠵᠢᠯᠡᠬᠦ ᠴᠢᠨᠠᠷ ᠲᠠᠢ ᠪᠠᠶᠢᠵᠤ᠂ ᠠᠷᠢᠭᠤᠨ ᠴᠡᠪᠡᠷ ᠤᠨ ᠪᠦᠬᠦ ᠶᠠᠪᠤᠴᠠ ᠳᠤ ᠬᠤᠭ ᠲᠣᠭᠤᠰᠣ ᠶᠢ ᠠᠭᠠᠷ ᠳᠣᠲᠣᠷ᠎ᠠ ᠲᠠᠷᠬᠠᠭᠠᠬᠤ ᠦᠭᠡᠢ ᠪᠠᠶᠢᠬᠤ ᠶᠢ ᠪᠠᠲᠤᠯᠠᠵᠤ᠂ ᠬᠤᠭ ᠲᠣᠭᠤᠰᠣ ᠶᠢ ᠲᠣᠭᠤᠰᠣ ᠶᠢᠨ ᠰᠠᠪᠠᠨ ᠳᠤ ᠪᠠᠲᠤ ᠴᠢᠩᠭ᠎ᠠ ᠪᠢᠲᠡᠭᠦᠮᠵᠢᠯᠡᠨ᠂ ᠣᠷᠴᠢᠨ ᠲᠣᠭᠤᠷᠢᠨ ᠢ ᠬᠤᠭ ᠲᠣᠭᠤᠰᠣᠨ ᠳᠤ ᠬᠤᠶᠠᠳᠠᠬᠢ ᠤᠳᠠᠭ᠎ᠠ ᠪᠣᠬᠢᠷᠲᠤᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠶ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号