ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠪᠠᠨ ᠵᠦᠢᠯ ᠤᠨ ᠠᠷᠭ᠎ᠠ ᠬᠡᠮᠵᠢᠶ᠎ᠡ
ᠨᠡᠶᠢᠲᠡᠯᠡᠭᠰᠡᠨ ᠴᠠᠭ᠄
2021/11/2
     ᠬᠢᠵᠢᠭ ᠤᠨ ᠪᠠᠶᠢᠳᠠᠯ ᠢ ᠰᠡᠷᠭᠡᠶᠢᠯᠡᠬᠦ ᠠᠷᠪᠠᠨ ᠵᠦᠢᠯ ᠤᠨ ᠮᠡᠳᠡᠯᠭᠡ ᠶᠢᠨ ᠠᠷᠭ᠎ᠠ ᠬᠡᠮᠵᠢᠶ᠎ᠡ ᠶᠢ ᠪᠠᠲᠤ ᠴᠡᠭᠡᠵᠢᠯᠡᠭᠡᠷᠡᠶ ᠰᠡᠷᠡᠮᠵᠢ ᠠᠯᠳᠠᠬᠤ ᠦᠭᠡᠢ ᠠᠯᠮᠠᠶᠢᠷᠠᠬᠤ ᠦᠭᠡᠢ      ᠮᠢᠩᠭᠠᠨ ᠭᠠᠵᠠᠷ ᠤᠨ ᠬᠠᠰᠢᠯᠭ᠎ᠠ ᠰᠢᠷᠭᠤᠯᠵᠢ ᠶᠢᠨ ᠨᠦᠬᠡ ᠪᠠᠷ ᠰᠡᠲᠡᠷᠡᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ᠂ ᠥᠴᠦᠬᠡᠨ ᠲᠡᠳᠦᠶ ᠴᠠᠯᠠᠭᠠᠶᠢᠷᠠᠯ ᠨᠢ ᠬᠢᠵᠢᠭ ᠢ ᠡᠰᠡᠷᠭᠦᠴᠡᠭᠰᠡᠨ ᠬᠢᠯᠪᠠᠷ ᠪᠤᠰᠤ ᠦᠷ᠎ᠡ ᠪᠦᠲᠦᠭᠡᠯ ᠢ ᠦᠭᠡᠶᠢᠬᠢᠵᠦ ᠮᠡᠳᠡᠬᠦ ᠶᠤᠮ᠃ ᠰᠡᠷᠡᠮᠵᠢ ᠠᠯᠳᠠᠬᠤ ᠦᠭᠡᠢ᠂ ᠰᠤᠯᠠᠷᠠᠬᠤ ᠥᠬᠡᠶ᠂ ᠠᠯᠮᠠᠶᠢᠷᠠᠬᠤ ᠦᠭᠡᠢ ᠪᠠᠶᠢᠵᠤ᠂ ᠰᠡᠷᠭᠡᠶᠢᠯᠡᠨ ᠬᠠᠮᠠᠭᠠᠯᠠᠬᠤ ᠶᠢ ᠪᠠᠷᠢᠮᠲᠠᠯᠠᠪᠠᠯ ᠰᠠᠶ᠋ᠢ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠬᠤ ᠶᠢ ᠬᠤᠷᠢᠭᠯᠠᠵᠤ ᠴᠢᠳᠠᠨ᠎ᠠ᠃ ᠠᠮᠠᠪᠴᠢ ᠵᠡᠭᠦᠬᠦ ᠪᠠᠨ ᠪᠠᠷᠢᠮᠲᠠᠯᠠᠬᠤ ᠬᠡᠷᠡᠭᠲᠡᠢ      ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ ᠪᠣᠯ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠬᠠᠮᠤᠭ ᠤᠨ ᠪᠦᠲᠦᠮᠵᠢᠲᠡᠶ ᠠᠷᠭ᠎ᠠ ᠬᠡᠮᠵᠢᠶ᠎ᠡ ᠶᠢᠨ ᠨᠢᠭᠡ ᠪᠣᠯᠤᠨ᠎ᠠ᠃ ᠢᠯᠠᠩᠭᠤᠶ᠎ᠠ ᠣᠯᠠᠨ ᠨᠡᠶᠢᠲᠡ ᠶᠢᠨ ᠲᠠᠯᠠᠪᠤᠷ ᠲᠤ ᠣᠴᠢᠬᠤ᠂ ᠪᠢᠲᠡᠭᠦᠮᠵᠢᠯᠡᠭᠰᠡᠨ ᠵᠠᠶ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠳᠠᠭᠠᠨ ᠡᠷᠬᠡᠪᠰᠢ ᠠᠮᠠᠪᠴᠢ ᠪᠠᠨ ᠵᠥᠪ ᠵᠡᠭᠦᠬᠦ ᠬᠡᠷᠡᠭᠲᠡᠶ᠃ ᠬᠠᠨᠢᠶᠠᠵᠤ ᠨᠠᠶᠢᠲᠠᠭᠠᠬᠤ ᠳᠤ ᠪᠠᠨ ᠶᠣᠰᠣ ᠮᠤᠷᠠᠯ ᠢ ᠠᠩᠬᠠᠷᠬᠤ ᠬᠡᠷᠡᠭᠲᠡᠢ      ᠬᠠᠨᠢᠶᠠᠬᠤ᠂ ᠨᠠᠶᠢᠲᠠᠭᠠᠬᠤ ᠦᠶ᠎ᠡ ᠳᠤ ᠡᠭᠦᠰᠬᠦ ᠦᠰᠦᠷᠳᠡᠰᠦ ᠳᠤ ᠦᠷᠭᠦᠯᠵᠢ ᠸᠢᠷᠦ᠋ᠰ ᠲᠠᠢ ᠪᠠᠶᠢᠵᠤ᠂ ᠰᠢᠭᠤᠳ ᠪᠤᠶᠤ ᠳᠠᠮ ᠢᠶᠠᠷ ᠸᠢᠷᠦ᠋ᠰ ᠤᠨ ᠬᠠᠯᠳᠠᠪᠤᠷᠢᠯᠠᠯ ᠢ ᠡᠭᠦᠰᠭᠡᠳᠡᠭ᠃ ᠡᠶᠢᠮᠦ ᠠᠴᠠ ᠬᠠᠨᠢᠶᠠᠬᠤ᠂ ᠨᠠᠶᠢᠲᠠᠭᠠᠬᠤ ᠦᠶ᠎ᠡ ᠳᠤ ᠵᠠᠪᠠᠯ ᠴᠠᠭᠠᠰᠤᠨ ᠠᠯᠴᠢᠭᠤᠷ᠂ ᠭᠠᠷ ᠠᠯᠴᠢᠭᠤᠷ᠂ ᠭᠠᠷ ᠤᠨ ᠲᠣᠬᠤᠢ ᠪᠠᠷ ᠢᠶᠠᠨ ᠠᠮᠠ ᠪᠠᠨ ᠲᠠᠭᠯᠠᠨ᠎ᠠ᠃ ᠦᠷᠭᠦᠯᠵᠢ ᠭᠠᠷ ᠢᠶᠠᠨ ᠤᠬᠢᠶᠠᠵᠤ ᠠᠷᠢᠭᠤᠨ ᠴᠡᠪᠡᠷ ᠢ ᠡᠷᠬᠢᠮᠯᠡᠨ᠎ᠡ      ᠭᠠᠷ ᠢᠶᠠᠨ ᠦᠷᠭᠦᠯᠵᠢ ᠤᠬᠢᠶᠠᠵᠤ᠂ ᠠᠷᠢᠭᠤᠨ ᠴᠡᠪᠡᠷ ᠢ ᠡᠷᠬᠢᠮᠯᠡᠬᠦ ᠪᠣᠯ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠬᠤ ᠬᠠᠮᠤᠭ ᠤᠨ ᠴᠢᠬᠤᠯᠠ ᠠᠷᠭ᠎ᠠ ᠮᠥᠨ᠃ ᠬᠤᠭᠤᠯᠠᠨ ᠤ ᠡᠮᠦᠨ᠎ᠡ ᠭᠠᠳᠠᠭᠠᠯᠠᠵᠤ ᠪᠠᠷᠠᠭᠰᠠᠨ ᠤ ᠰᠡᠭᠦᠯᠡᠷ᠂ ᠭᠠᠳᠠᠭᠠᠳᠤ ᠪᠣᠳᠠᠰ ᠲᠠᠢ ᠬᠦᠷᠦᠯᠴᠡᠭᠰᠡᠨ ᠤ ᠰᠡᠭᠦᠯᠡᠷ᠂ ᠠᠮᠠ ᠨᠢᠳᠦ ᠬᠠᠮᠠᠷ ᠲᠠᠢ ᠬᠦᠷᠦᠯᠴᠡᠬᠦ ᠠᠴᠠ ᠡᠮᠦᠨ᠎ᠡ ᠡᠷᠬᠡᠪᠰᠢ ᠬᠤᠶᠠᠷ ᠭᠠᠷ ᠢᠶᠠᠨ ᠰᠠᠶᠢᠲᠤᠷ ᠤᠬᠢᠶᠠᠨ ᠴᠡᠪᠡᠷᠯᠡᠵᠦ᠂ ᠳᠣᠯᠣᠭᠠᠨ ᠠᠯᠬᠤᠮ ᠤᠨ ᠭᠠᠷ ᠢᠶᠠᠨ ᠤᠬᠢᠶᠠᠬᠤ ᠠᠷᠭ᠎ᠠ ᠶᠢ ᠵᠢᠷᠤᠮᠯᠠᠵᠤ᠂ ᠰᠠᠪᠤᠩ ︵ᠭᠠᠷ ᠤᠬᠢᠶᠠᠬᠤ ᠰᠢᠩᠭᠡᠨ︶ ᠪᠠ ᠤᠷᠤᠰᠤᠮᠠᠯ ᠤᠰᠤ ᠪᠠᠷ ᠨᠠᠭᠠᠳᠤ ᠵᠠᠬ᠎ᠠ ᠳᠠᠭᠠᠨ 20 ᠰᠧᠺᠦ᠋ᠨ᠋ᠳ᠋ ᠨᠤᠬᠤᠯᠠᠨ᠎ᠠ᠃ ᠦᠷᠭᠦᠯᠵᠢ ᠰᠠᠯᠬᠢ ᠨᠡᠪᠲᠡᠷᠡᠬᠦ ᠶᠢ ᠪᠠᠭᠠᠰᠬᠠᠵᠤ ᠪᠣᠯᠬᠤ ᠦᠭᠡᠢ      ᠴᠣᠩᠬᠤ ᠪᠠᠨ ᠨᠡᠭᠡᠭᠡᠵᠦ ᠰᠠᠯᠬᠢ ᠨᠡᠪᠲᠡᠷᠡᠭᠦᠯᠦᠨ᠂ ᠬᠡᠷ ᠳᠣᠲᠣᠷᠠᠬᠢ ᠠᠭᠠᠷ ᠤᠨ ᠤᠷᠤᠰᠬᠠᠯ ᠢ ᠪᠠᠲᠤᠯᠠᠪᠠᠯ᠂ ᠠᠭᠠᠷ ᠳᠣᠲᠣᠷᠠᠬᠢ ᠸᠢᠷᠦ᠋ᠰ ᠪᠠ ᠪᠠᠺᠲ᠋ᠧᠷᠢ ᠶᠢᠨ ᠥᠳᠬᠡᠴᠡ ᠶᠢ ᠪᠦᠲᠦᠮᠵᠢᠲᠡᠶ ᠪᠠᠭᠤᠷᠠᠭᠤᠯᠵᠤ᠂ ᠡᠪᠡᠳᠴᠢᠨ ᠡᠮᠭᠡᠭ ᠤᠨ ᠲᠠᠷᠬᠠᠬᠤ ᠲᠦᠭᠰᠢᠭᠦᠷᠢ ᠶᠢ ᠪᠠᠭᠠᠰᠬᠠᠨ᠎ᠠ᠃ ᠡᠳᠦᠷ ᠪᠦᠷᠢ ᠴᠣᠩᠬᠤ ᠪᠠᠨ 2 — 3 ᠤᠳᠠᠭ᠎ᠠ ᠨᠡᠭᠡᠭᠡᠵᠦ ᠰᠠᠯᠬᠢ ᠨᠡᠪᠲᠡᠷᠡᠭᠦᠯᠦᠨ᠎ᠡ᠂ ᠤᠳᠠᠭ᠎ᠠ ᠪᠦᠷᠢ 20 — 30 ᠮᠢᠨᠦ᠋ᠲ᠂ ᠢᠯᠠᠩᠭᠤᠶ᠎ᠠ ᠠᠭᠠᠷ ᠲᠣᠬᠢᠷᠠᠭᠤᠯᠤᠭᠴᠢ ᠶᠢᠨ ᠨᠢᠭᠲᠠ ᠪᠢᠲᠡᠭᠦᠮᠵᠢᠯᠡᠭᠰᠡᠨ ᠥᠷᠥᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠭᠡᠭᠡᠵᠦ ᠰᠠᠯᠬᠢ ᠨᠡᠪᠲᠡᠷᠡᠭᠦᠯᠦᠨ᠎ᠡ᠃ ᠨᠢᠭᠡ ᠮᠧᠲᠷ ᠤᠨ ᠱᠤᠭᠤᠮ ᠨᠡᠩ ᠠᠮᠤᠷ ᠲᠦᠪᠰᠢᠨ        ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠭᠤᠣᠯᠳᠠᠭᠤ ᠣᠶᠢᠷ᠎ᠠ ᠵᠠᠶ ᠶᠢᠨ ᠠᠮᠢᠰᠬᠤᠯ ᠤᠨ ᠵᠠᠮ ᠤᠨ ᠦᠰᠦᠷᠳᠡᠰᠦ ᠪᠠᠷ ᠳᠡᠮᠵᠢᠨ ᠲᠠᠷᠬᠠᠳᠠᠭ᠂ ᠨᠢᠭᠡ ᠮᠧᠲᠷ ᠠᠴᠠ ᠳᠡᠭᠡᠭᠰᠢ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠪᠠᠯ ᠵᠣᠬᠢᠬᠤ ᠬᠡᠮᠵᠢᠶᠡᠨ ᠳᠤ ᠸᠢᠷᠦ᠋ᠰ ᠤᠨ ᠬᠠᠯᠳᠠᠪᠤᠷᠢᠯᠠᠯ ᠢ ᠰᠡᠷᠭᠡᠶᠢᠯᠡᠵᠦ ᠴᠢᠳᠠᠨ᠎ᠠ᠃ ᠨᠢᠭᠡ ᠮᠧᠲᠷ ᠤᠨ ᠱᠤᠭᠤᠮ ᠢ ᠪᠠᠲᠤ ᠰᠠᠬᠢᠵᠤ᠂ ᠭᠠᠳᠠᠭᠰᠢ ᠭᠠᠷᠬᠤ ᠳᠤ ᠰᠢᠬᠠᠯᠳᠤᠵᠤ ᠪᠣᠯᠬᠤ ᠥᠬᠡᠶ᠂ ᠠᠮᠤᠷ ᠲᠦᠪᠰᠢᠨ ᠤ ᠵᠠᠶ ᠶᠢ ᠪᠠᠲᠤᠯᠠᠬᠤ ᠨᠢ ᠥᠪᠡᠷ ᠤᠨ ᠪᠡᠶ᠎ᠡ ᠳᠡᠭᠡᠨ ᠴᠥᠮ ᠠᠰᠢᠭᠲᠠᠶ ᠶᠤᠮ᠃ ᠭᠡᠷ ᠠᠴᠠ ᠪᠠᠭ᠎ᠠ ᠭᠠᠷᠴᠤ ᠴᠤᠭᠯᠠᠷᠠᠬᠤ ᠦᠭᠡᠢ      ᠣᠯᠠᠨ ᠨᠡᠶᠢᠲᠡ ᠶᠢᠨ ᠲᠠᠯᠠᠪᠤᠷ ᠲᠤ ᠬᠥᠮᠦᠨ ᠣᠯᠠᠨ᠂ ᠨᠡᠭᠦᠳᠡᠯᠯᠡᠨ ᠶᠠᠪᠤᠬᠤ ᠨᠢ ᠶᠡᠭᠡ᠂ ᠬᠠᠮᠲᠤ ᠬᠤᠭᠤᠯᠠᠯᠠᠬᠤ᠂ ᠴᠤᠭᠯᠠᠬᠤ ᠨᠢ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠢ ᠠᠮᠠᠷᠬᠠᠨ ᠬᠠᠯᠳᠠᠪᠤᠷᠢᠯᠠᠳᠠᠭ᠃ ᠡᠶᠢᠮᠦ ᠠᠴᠠ ᠬᠥᠮᠦᠨ ᠣᠯᠠᠨ ᠭᠠᠵᠠᠷ ᠲᠤ ᠣᠴᠢᠵᠤ ᠪᠣᠯᠬᠤ ᠥᠬᠡᠶ᠂ ᠰᠢᠬᠠᠯᠳᠤᠭᠰᠠᠨ ᠭᠠᠵᠠᠷ ᠠᠴᠠ ᠵᠠᠶᠢᠯᠠᠬᠤ ᠬᠡᠷᠡᠭᠲᠡᠶ᠃ ᠸᠠᠺᠼᠢᠨ ᠤ ᠲᠠᠷᠢᠯᠭ᠎ᠠ ᠬᠢᠬᠦ ᠮᠠᠰᠢ ᠴᠢᠬᠤᠯᠠ      ᠸᠠᠺᠼᠢᠨ ᠤ ᠲᠠᠷᠢᠯᠭ᠎ᠠ ᠬᠢᠬᠦ ᠪᠣᠯ ᠡᠪᠡᠳᠴᠢᠨ ᠡᠮᠭᠡᠭ ᠢ ᠰᠡᠷᠭᠡᠶᠢᠯᠡᠬᠦ ᠳᠤ ᠬᠠᠮᠤᠭ ᠤᠨ ᠬᠢᠮᠳᠠ᠂ ᠬᠠᠮᠤᠭ ᠤᠨ ᠪᠦᠲᠦᠮᠵᠢᠲᠡᠶ᠂ ᠬᠠᠮᠤᠭ ᠤᠨ ᠳᠥᠭᠦᠮ ᠠᠷᠭ᠎ᠠ ᠮᠥᠨ᠃ ᠰᠢᠨ᠎ᠡ ᠡᠪᠡᠳᠴᠢᠨ ᠤ ᠸᠢᠷᠦ᠋ᠰ ᠢ ᠰᠡᠷᠭᠡᠶᠢᠯᠡᠨ ᠡᠵᠡᠮᠳᠡᠬᠦ᠂ ᠸᠠᠺᠼᠢᠨ ᠤ ᠲᠠᠷᠢᠯᠭ᠎ᠠ ᠬᠢᠬᠦ ᠪᠠ ᠬᠤᠪᠢ ᠬᠥᠮᠦᠨ ᠤ ᠰᠡᠷᠭᠡᠶᠢᠯᠡᠯᠲᠡ ᠶᠢᠨ ᠨᠢᠭᠡ ᠶᠢ ᠴᠦ ᠣᠷᠬᠢᠭᠳᠠᠭᠤᠯᠵᠤ ᠪᠣᠯᠬᠤ ᠦᠭᠡᠢ᠃ ᠲᠠᠷᠢᠯᠭ᠎ᠠ ᠶᠢᠨ ᠨᠥᠬᠦᠴᠡᠯ ᠳᠤ ᠨᠡᠶᠢᠴᠡᠬᠦ ᠬᠥᠮᠦᠰ ᠲᠤ ᠰᠢᠨ᠎ᠡ ᠸᠢᠷᠦ᠋ᠰ ᠤᠨ ᠸᠠᠺᠼᠢᠨ ᠢ ᠢᠳᠡᠪᠬᠢᠲᠡᠶ ᠳᠠᠷᠢᠵᠤ᠂ ᠦᠯᠦ ᠬᠠᠯᠳᠠᠭᠠᠬᠤ ᠰᠢᠰᠲ᠋ᠧᠮ ᠤᠨ ᠬᠠᠯᠬᠠᠪᠴᠢ ᠶᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃ ᠰᠢᠨᠵᠢᠯᠡᠬᠦ ᠤᠬᠠᠭᠠᠨ ᠢ ᠡᠷᠬᠢᠮᠯᠡᠵᠦ ᠡᠪᠡᠳᠴᠢᠨ ᠡᠰᠡᠷᠭᠦᠴᠡᠬᠦ ᠴᠢᠳᠠᠪᠣᠷᠢ ᠶᠢ ᠴᠢᠩᠭᠠᠳᠬᠠᠬᠤ ᠬᠡᠷᠡᠭᠲᠡᠢ      ᠢᠳᠡᠭᠡᠨ ᠤᠮᠳᠠᠭᠠᠨ ᠤ ᠰᠢᠮ᠎ᠡ ᠲᠡᠵᠢᠭᠡᠯ ᠢ ᠲᠡᠩᠴᠡᠭᠦᠷᠢᠲᠡᠶ ᠪᠠᠶᠢᠯᠭᠠᠵᠤ᠂ ᠵᠣᠬᠢᠬᠤ ᠬᠡᠮᠵᠢᠶᠡᠨ ᠤ ᠬᠥᠳᠡᠯᠭᠡᠭᠡᠨ ᠬᠢᠵᠦ ᠪᠣᠯᠪᠠᠰᠤᠷᠠᠨ᠂ ᠬᠡᠪ ᠤᠨ ᠶᠣᠰᠣᠭᠠᠷ ᠠᠵᠢᠯᠯᠠᠵᠤ ᠠᠮᠠᠷᠠᠬᠤ ᠳᠠᠭᠠᠨ ᠰᠥᠨᠢᠵᠢᠨ ᠰᠠᠭᠤᠬᠤ ᠦᠭᠡᠶ ᠪᠠᠶᠢᠵᠤ᠂ ᠭᠦᠢᠴᠡᠳ ᠤᠨᠲᠠᠵᠤ ᠠᠮᠠᠷᠠᠬᠤ ᠶᠢ ᠪᠠᠲᠤᠯᠠᠵᠤ᠂ ᠰᠡᠳᠬᠢᠯ ᠰᠠᠨᠠᠭᠠᠨ ᠤ ᠰᠠᠶᠢᠨ ᠪᠠᠶᠢᠳᠠᠯ ᠢ ᠪᠠᠲᠤᠯᠠᠪᠠᠯ᠂ ᠬᠥᠮᠦᠨ ᠤ ᠪᠡᠶ᠎ᠡ ᠶᠢᠨ ᠡᠪᠡᠳᠴᠢᠨ ᠡᠰᠡᠷᠭᠦᠴᠡᠬᠦ ᠴᠢᠳᠠᠪᠣᠷᠢ ᠶᠢ ᠪᠦᠲᠦᠮᠵᠢᠲᠡᠶ ᠳᠡᠭᠡᠭᠰᠢᠯᠡᠭᠦᠯᠵᠦ ᠴᠢᠳᠠᠨ᠎ᠠ᠃ ᠡᠪᠡᠳᠴᠢᠨ ᠤ ᠢᠯᠡᠷᠡᠯ ᠲᠠᠢ ᠪᠣᠯ ᠠᠯᠢ ᠡᠷᠲᠡ ᠠᠴᠠ ᠡᠮᠨᠡᠭᠦᠯᠬᠦ ᠬᠡᠷᠡᠭᠲᠡᠢ            ᠡᠪᠡᠳᠴᠢᠨ ᠤ ᠢᠯᠡᠷᠡᠯ ᠲᠠᠢ ᠪᠣᠯ ᠠᠯᠢ ᠡᠷᠲᠡ ᠰᠠᠨᠠᠭᠠᠴᠢᠯᠠᠭ᠎ᠠ ᠠᠴᠠ ᠪᠠᠨ ᠡᠷᠡᠭᠦᠯ ᠮᠡᠨᠳᠦ ᠶᠢᠨ ᠬᠢᠨᠠᠨ ᠪᠠᠶᠢᠴᠠᠭᠠᠯᠲᠠ ᠶᠢ ᠰᠠᠶᠢᠲᠤᠷ ᠬᠢᠵᠦ᠂ ᠬᠡᠷᠪᠡ ᠬᠠᠯᠠᠭᠤᠷᠠᠬᠤ᠂ ᠬᠠᠨᠢᠶᠠᠬᠤ ᠵᠡᠷᠭᠡ ᠡᠪᠡᠳᠴᠢᠨ ᠤ ᠢᠯᠡᠷᠡᠯ ᠲᠠᠢ ᠪᠣᠯ ᠴᠠᠭ ᠲᠤᠬᠠᠢ ᠳᠤᠨᠢ ᠬᠠᠯᠠᠭᠤᠷᠠᠵᠤ ᠪᠠᠶᠢᠭ᠎ᠠ ᠡᠭᠦᠳᠡᠨ ᠡᠮᠨᠡᠯᠭᠡ ᠳᠤ ᠣᠴᠢᠵᠤ ᠡᠮᠨᠡᠭᠦᠯᠵᠦ᠂ ᠵᠠᠮ ᠳᠠᠭᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠵᠤ ᠰᠠᠨᠠᠭᠠᠴᠢᠯᠠᠭ᠎ᠠ ᠠᠴᠠ ᠪᠠᠨ ᠵᠤᠭᠠᠴᠠᠨ ᠰᠠᠭᠤᠭᠰᠠᠨ ᠲᠡᠦᠬᠡ᠂ ᠤᠢᠢᠷᠠᠳᠤᠭᠰᠠᠨ ᠲᠡᠦᠬᠡ ᠪᠠᠨ ᠮᠡᠳᠡᠭᠳᠡᠬᠦ ᠠᠴᠠ ᠵᠠᠶᠢᠯᠠᠰᠬᠢᠵᠦ᠂ ᠨᠢᠭᠤᠨ ᠳᠠᠯᠳᠠᠯᠠᠬᠤ ᠦᠭᠡᠢ᠂ ᠵᠠᠶᠢᠯᠠᠬᠤ ᠦᠭᠡᠢ ᠪᠥᠭᠡᠳ ᠡᠮᠴᠢ ᠶᠢᠨ ᠵᠢᠭᠠᠪᠤᠷᠢ ᠪᠠᠷ ᠦᠯᠡᠳᠡᠭᠡᠨ ᠪᠠᠶᠢᠴᠠᠭᠠᠵᠤ ᠵᠢᠭᠰᠠᠭᠠᠨ ᠪᠠᠶᠢᠴᠠᠭᠠᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号