11 ᠳ᠋ᠤᠭᠡᠷ ᠰᠠᠷ᠎ᠠ ᠶᠢᠨ 20 ᠤ ᠡᠳᠦᠷ ᠠᠴᠠ ᠡᠬᠢᠯᠡᠨ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠭᠠᠷᠠᠭ ᠤᠨ ᠵᠢᠷᠭᠤᠭᠠᠨ ᠭᠠᠷᠠᠭ ᠤᠨ ᠡᠳᠦᠷ ᠴᠤ ᠦᠷᠭᠦᠯᠵᠢᠯᠡᠨ ᠦᠢᠯᠡᠴᠢᠯᠡᠭᠡ ᠬᠠᠩᠭᠠᠨ᠎ᠠ
ᠨᠡᠶᠢᠲᠡᠯᠡᠭᠰᠡᠨ ᠴᠠᠭ᠄
2021/11/23
     ᠮᠠᠨ ᠤ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠥᠷᠭᠦᠯᠵᠢᠯᠡᠨ ᠴᠢᠷᠮᠠᠶᠢᠨ ᠰᠠᠶᠢᠵᠢᠷᠠᠭᠤᠯᠬᠤ ᠶᠢᠨ ᠲᠥᠯᠥᠭᠡ᠂ ︽ᠬᠥᠮᠦᠨ ᠪᠦᠬᠦᠨ ᠴᠥᠮ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ᠂ ᠬᠥᠮᠦᠨ ᠪᠦᠬᠦᠨ ᠣᠷᠣᠨ ᠤ ᠲᠥᠪ ᠬᠤᠲᠠ ᠶᠢᠨ ᠳᠦᠷᠢ ᠲᠥᠷᠬᠦ ᠲᠠᠢ ᠬᠤᠯᠪᠣᠭᠳᠠᠬᠤ︾ ᠰᠢᠨ᠎ᠡ ᠬᠡᠪ ᠰᠤᠷᠲᠠᠯ ᠢ ᠪᠣᠶ ᠪᠣᠯᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠤ ︽ᠡᠩ ᠤᠨ ᠴᠠᠭ ᠲᠤ ᠭᠦᠢᠴᠡᠳᠭᠡᠬᠦ ᠴᠢᠯᠥᠭᠡ ᠥᠬᠡᠶ᠂ ᠠᠮᠠᠷᠠᠬᠤ ᠴᠠᠭ ᠲᠤ ᠭᠦᠢᠴᠡᠳᠭᠡᠬᠦ ᠭᠠᠵᠠᠷ ᠥᠬᠡᠶ︾ ᠪᠠᠶᠢᠬᠤ ᠬᠦᠴᠢᠷᠳᠡᠯ ᠢ  ᠦᠨᠡᠨᠬᠦ  ᠰᠢᠢᠳᠪᠦᠷᠢᠯᠡᠵᠦ᠂ ᠠᠵᠤ ᠠᠬᠤᠶᠢᠯᠠᠯ ᠪᠠ ᠣᠯᠠᠨ ᠲᠦᠮᠡᠨ ᠤ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠬᠤ ᠶᠢᠨ ᠲᠦᠯᠦᠭᠡ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ 11 ᠳ᠋ᠤᠭᠡᠷ ᠰᠠᠷ᠎ᠠ ᠶᠢᠨ 20 ᠤ ᠡᠳᠦᠷ ᠠᠴᠠ ᠡᠬᠢᠯᠡᠨ ᠭᠠᠷᠠᠭ ᠤᠨ ᠵᠢᠷᠭᠤᠭᠠᠨ ᠭᠠᠷᠠᠭ ᠤᠨ ᠡᠳᠦᠷ ᠤᠨ ᠠᠮᠠᠷᠠᠯᠲᠠ ᠶᠢᠨ ᠴᠠᠭ ᠲᠤ ᠴᠤ ᠦᠢᠯᠡᠴᠢᠯᠡᠭᠡ ᠬᠠᠩᠭᠠᠬᠤ ᠶᠢ ᠬᠡᠷᠡᠭᠵᠢᠭᠦᠯᠬᠦ ᠪᠠᠷ ᠲᠣᠭᠲᠠᠪᠠ᠃      ᠣᠶᠢᠯᠠᠭᠠᠭᠰᠠᠨ ᠢᠶᠠᠷ᠂ ᠭᠠᠷᠠᠭ ᠤᠨ ᠵᠢᠷᠭᠤᠭᠠᠨ ᠤ ᠡᠳᠦᠷ ᠤᠨ ᠦᠢᠯᠡᠴᠢᠯᠡᠭᠡᠨ ᠤ ᠵᠦᠢᠯᠡᠰ ᠨᠡᠶᠢᠲᠡ 133 ᠵᠦᠢᠯ ᠪᠣᠶ᠂ ᠡᠭᠦᠨ ᠳᠤ ᠬᠢᠯᠢ ᠪᠠᠷ ᠣᠷᠣᠵᠤ ᠭᠠᠷᠬᠤ ᠲᠤᠬᠠᠶᠢᠯᠠᠭᠰᠠᠨ ᠠᠵᠢᠯ᠂ ᠵᠢᠯᠣᠭᠤᠴᠢ ᠶᠢᠨ ᠦᠨᠡᠮᠯᠡᠯ ᠢ ᠬᠢᠨᠠᠨ ᠰᠢᠯᠭᠠᠬᠤ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠦᠨᠡᠮᠯᠡᠯ ᠠᠪᠬᠤ᠂ ᠵᠡᠷᠭᠡ ᠳᠡᠰ ᠲᠠᠢ ᠲᠠᠮᠢᠷᠴᠢᠨ ᠳᠤ ᠴᠣᠯᠠ ᠣᠯᠭᠤᠬᠤ ᠵᠡᠷᠭᠡ ᠪᠠᠭᠲᠠᠨ᠎ᠠ᠃ ᠬᠦᠢᠴᠡᠳᠭᠡᠬᠦ ᠭᠠᠵᠠᠷ ᠤᠨ ᠬᠠᠶ᠋ᠢᠭ ᠨᠢ ᠬᠤᠲᠠ ᠶᠢᠨ ᠲᠡᠰ ᠤᠨ ᠶᠡᠷᠦᠩᠬᠡᠶᠢᠯᠡᠭᠰᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠬᠡᠰᠡᠭ ᠴᠣᠩᠬᠤ ᠪᠣᠯᠤᠨ᠎ᠠ᠂ ᠡᠭᠦᠨ ᠳᠤ ᠬᠤᠲᠠ ᠶᠢᠨ ᠵᠠᠰᠠᠭ ᠵᠠᠬᠢᠷᠭᠠᠨ ᠤ ᠬᠢᠨᠠᠨ  ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠣᠪᠴᠢᠶ᠎ᠠ ᠶᠢᠨ ᠶᠡᠷᠦᠩᠬᠡᠶᠢᠯᠡᠭᠰᠡᠨ ᠭᠥᠯᠢᠶᠡᠨ ᠠᠪᠴᠤ ᠰᠢᠢᠳᠪᠦᠷᠢᠯᠡᠬᠦ ᠴᠣᠩᠬᠤ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠶᠢᠨ ᠲᠥᠪ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠩᠬᠤ᠂ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠭᠢᠮ ᠳᠠᠬᠢ ᠦᠢᠯᠡᠴᠢᠯᠡᠭᠡᠨ ᠤ ᠴᠣᠩᠬᠤ᠃  ᠦᠢᠯᠡᠴᠢᠯᠡᠬᠦ ᠴᠠᠭ ᠨᠢ ᠭᠠᠷᠠᠭ ᠤᠨ ᠵᠢᠷᠭᠤᠭᠠᠨ᠂ ᠭᠠᠷᠠᠭ ᠤᠨ ᠡᠳᠦᠷ ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠴᠠ ᠭᠠᠳᠠᠨ᠎ᠠ︶ ᠤᠨ ᠦᠳᠡ ᠶᠢᠨ ᠡᠮᠦᠨᠡᠬᠢ 9᠄ 30 — 12᠄ 00᠂ ᠦᠳᠡ ᠶᠢᠨ ᠬᠤᠶᠢᠨᠠᠬᠢ 14 ᠄ 00 — 16᠄ 00 ᠪᠣᠯᠤᠨ᠎ᠠ᠃
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号