︽ᠬᠥᠬᠡᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠣᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021 — 2023 ᠣᠨ︶︾ ᠢ ᠳᠠᠷᠤᠮᠠᠯᠯᠠᠨ ᠶᠠᠪᠤᠭᠤᠯᠬᠤ ᠲᠤᠬᠠᠶ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/11/25
           ᠬᠦᠬᠡᠬᠤᠲᠠ ᠵᠠᠰᠠᠭ ᠠᠯᠪᠠᠨ ᠦᠰᠦᠭ︹ 2021 ︺82 ᠳ᠋ᠤᠭᠠᠷ ᠲᠤᠭᠠᠲᠤ                            2021 ᠣᠨ ᠤ 8 ᠰᠠᠷ᠎ᠠ ᠶᠢᠨ15 ᠤ ᠡᠳᠦᠷᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄      ︽ᠬᠥᠬᠡᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠣᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021 — 2023 ᠣᠨ︶︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃         ᠬᠥᠬᠡᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ  ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠣᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021 — 2023 ᠣᠨ︶      ︽ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠣᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021 — 2023 ᠣᠨ︶ ︾ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︵ᠥᠪᠥᠷ ᠵᠠᠰᠠᠭ ᠠᠯᠪᠠᠨ ᠲᠠᠷᠬᠠᠭᠠᠭᠰᠠᠨ ︹ 2021 ︺ 9 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠵᠤ᠂ ᠮᠠᠨ ᠤ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠥᠲᠥᠭᠡᠨ ᠪᠠᠶᠢᠭᠤᠯᠤᠯᠲᠠ ᠶᠢ ᠦᠨᠡᠨᠬᠦ ᠴᠢᠩᠭᠠᠳᠬᠠᠵᠤ᠂ ᠲᠥᠷᠥᠯ ᠲᠡᠮᠳᠡᠭᠲᠦ ᠶᠢᠨ ᠦᠨ᠎ᠡ ᠥᠷᠲᠡᠭ ᠢ ᠭᠦᠨᠵᠡᠭᠡᠶ ᠠᠭᠤᠳᠠᠯᠵᠤ᠂ ᠪᠣᠬᠢᠷᠲᠤᠯ ᠥᠬᠡᠶ ᠴᠢᠨᠠᠷ ᠰᠠᠶᠢᠲᠠᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠭᠦᠯᠦᠨ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠯ ᠢ ᠳᠠᠶᠢᠴᠢᠯᠠᠬᠤ ᠶᠢᠨ ᠳᠤᠰᠠᠳᠠ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠲᠤᠰ ᠲᠥᠰᠥᠯ ᠢ ᠲᠣᠭᠲᠠᠭᠠᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠬᠢᠭᠰᠡᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠣᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠣᠯ ᠱᠤᠭᠤᠮ ᠪᠣᠯᠭᠠᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠶᠠᠰᠤ ᠴᠢᠨᠠᠷ ᠪᠠ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠵᠦ᠂ ᠣᠲᠣ ᠦᠶ᠎ᠡ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠲᠥᠷᠥᠯ ᠲᠡᠮᠳᠡᠭᠲᠦ ᠶᠢᠨ ᠥᠷᠲᠡᠭ ᠤᠨ ᠰᠢᠰᠲ᠋ᠧᠮᠵᠢ ᠶᠢ ᠪᠠᠶᠢᠭᠤᠯᠤᠨ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠡᠯᠬᠢᠶ᠎ᠡ ᠶᠢ ᠳᠣᠤᠷᠠᠳᠤ ᠤᠷᠤᠰᠬᠠᠯ ᠳᠠᠰᠢ ᠤᠷᠲᠤᠳᠬᠠᠵᠤ᠂ ᠥᠷᠲᠡᠭ ᠤᠨ ᠬᠡᠯᠬᠢᠶ᠎ᠡ ᠶᠢ ᠳᠤᠮᠳᠠ ᠳᠡᠭᠡᠳᠦ ᠲᠠᠰ ᠳᠠᠰᠢ ᠳᠡᠭᠡᠭᠰᠢᠯᠡᠭᠦᠯᠵᠦ᠂ ᠤᠨᠴᠠᠯᠢᠭᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠢᠯᠡᠰ ᠤᠨ ᠪᠦᠰᠡ ᠪᠠ ᠠᠵᠤ ᠦᠢᠯᠡᠰ ᠤᠨ ᠪᠦᠭᠡᠮᠨᠡᠷᠡᠯ ᠤᠨ ᠬᠥᠭᠵᠢᠯᠲᠡ ᠶᠢ ᠳᠠᠶᠢᠴᠢᠯᠠᠨ᠂ ᠮᠠᠨ ᠤ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠣᠨ᠎ᠠ᠃      ᠬᠤᠶᠠᠷ᠂ ᠠᠵᠢᠯ ᠤᠨ ᠬᠠᠷᠠᠯᠲᠠ      ᠭᠠᠵᠠᠷ ᠵᠦᠶ ᠶᠢᠨ ᠲᠡᠮᠳᠡᠭ ᠤᠨ ᠭᠡᠷᠡᠴᠢᠯᠡᠯ ᠲᠠᠢ ᠲᠠᠸᠠᠷ ᠤᠨ ᠲᠡᠮᠳᠡᠭ᠂ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠶ ᠶᠢᠨ ᠲᠡᠮᠳᠡᠭ᠂ ᠭᠠᠵᠠᠷ ᠵᠦᠶ ᠶᠢᠨ ᠲᠡᠮᠳᠡᠭ ᠢ ᠬᠠᠮᠠᠭᠠᠯᠠᠬᠤ ᠪᠦᠲᠦᠭᠡᠭᠳᠡᠬᠦᠨ ᠵᠢᠴᠢ ᠵᠣᠬᠢᠬᠤ ᠨᠥᠯᠥᠭᠡᠯᠡᠬᠦ ᠬᠦᠴᠦᠨ ᠲᠠᠢ ᠬᠠᠮᠲᠤ ᠶᠢᠨ ᠲᠠᠸᠠᠷ ᠤᠨ ᠲᠡᠮᠳᠡᠭ᠂ ᠭᠡᠷᠡᠴᠢᠯᠡᠬᠦ ᠲᠠᠸᠠᠷ ᠤᠨ ᠲᠡᠮᠳᠡᠭ ᠢᠶᠠᠷ ᠭᠤᠤᠯ ᠪᠣᠯᠭᠠᠭᠰᠠᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ ᠪᠤᠶᠢᠵᠢᠭᠤᠯᠤᠨ᠎ᠠ᠃ ᠰᠦ ᠶᠢᠨ ᠠᠵᠤ ᠦᠢᠯᠡᠰ᠂ ᠭᠠᠭ᠋ᠠᠶ ᠦᠬᠡᠷ ᠬᠤᠨᠢᠨ ᠮᠢᠬ᠎ᠠ ᠶᠢᠨ ᠠᠵᠤ ᠦᠢᠯᠡᠰ᠂ ᠢᠳᠡᠰᠢᠨ ᠨᠣᠭᠤᠭ᠎ᠠ ᠶᠢᠨ ᠠᠵᠤ ᠦᠢᠯᠡᠰ᠂ ᠲᠥᠮᠥᠰᠥ ᠶᠢᠨ ᠠᠵᠤ ᠦᠢᠯᠡᠰ᠂ ᠡᠷᠳᠡᠨᠢ ᠰᠢᠰᠢ ᠵᠢᠴᠢ ᠲᠡᠵᠢᠭᠡᠯ ᠡᠪᠡᠰᠦ ᠪᠣᠷᠳᠣᠭᠠᠨ ᠤ ᠠᠵᠤ ᠦᠢᠯᠡᠰ᠂ ᠡᠯᠳᠡᠪ ᠠᠮᠤ ᠶᠢᠨ ᠠᠵᠤ ᠦᠢᠯᠡᠰ ᠵᠡᠷᠭᠡ ᠳᠠᠪᠠᠭᠤᠯᠢᠭ ᠭᠤᠣᠯᠯᠠᠬᠤ ᠠᠵᠤ ᠦᠢᠯᠡᠰ ᠲᠤ ᠲᠦᠰᠢᠭᠯᠡᠨ᠂ ᠬᠤᠲᠠ ᠶᠢᠨ ᠨᠡᠷ᠎ᠡ ᠶᠢᠨ ᠬᠠᠭᠤᠳᠠᠰᠤ ᠶᠢ ᠵᠣᠬᠢᠶᠠᠬᠤ ᠬᠠᠮᠢᠶ᠎ᠠ ᠪᠦᠬᠦᠢ ᠠᠵᠢᠯ ᠤᠨ ᠪᠠᠶᠢᠷᠢᠯᠠᠭᠤᠯᠤᠯᠲᠠ ᠲᠠᠢ ᠤᠶᠠᠯᠳᠤᠭᠤᠯᠤᠨ᠂ ︽ᠴᠡᠯᠡᠭᠡᠷ ᠲᠠᠯ᠎ᠠ ᠶᠢᠨ ᠦᠨᠦᠷ ᠠᠮᠲᠠ︾ ︽ᠲᠠᠪᠤᠨ ᠥᠩᠭᠡᠲᠦ ᠲᠦᠮᠡᠳ︾ ︽ᠦᠴᠤᠸᠠᠨ ᠤ ᠦᠨᠦᠷ ᠠᠮᠲᠠ︾ ︽ᠶᠣᠣ ᠱᠠᠩ ᠲᠢᠶᠠᠨ︾ ︽ᠵᠢᠷᠭᠠᠯᠠᠩᠲᠣ ᠢᠦᠶ ᠴᠢᠤᠸᠠᠨ︾ ︽ᠱᠧᠩ ᠯᠧ ᠤᠨ ᠥᠨᠥᠷ ᠠᠮᠲᠠ︾ ᠶᠢᠨ ᠲᠦᠷᠥᠯ ᠲᠡᠮᠲᠡᠭᠲᠦ ᠶᠢ ᠨᠡᠷ᠎ᠡ ᠭᠠᠷᠭᠠᠵᠤ᠂ ᠰᠠᠶᠢᠬᠠᠨ ᠲᠣᠭᠤᠷᠢᠭ ︵ᠬᠦᠳᠡᠭᠡᠯᠢᠭ ᠰᠠᠶᠢᠬᠠᠨ︶᠂ ᠲᠣᠭᠲᠠᠬᠤ ᠰᠢᠶᠠᠨ ︵ᠲᠣᠭᠲᠠᠬᠤ ᠶᠢᠨ ᠦᠨᠦᠷ ᠠᠮᠲᠠ︶᠂ ᠰᠢᠨ᠎ᠡ ᠬᠤᠲᠠ ᠲᠣᠭᠤᠷᠢᠭ ︵ᠬᠥᠬᠡᠮᠳᠦᠭ ᠠᠭᠤᠯᠠ ᠷᠠᠰᠢᠶᠠᠨ ᠤᠰᠤ ᠠᠮᠲᠠᠲᠤ ᠰᠠᠶᠢᠬᠠᠨ ᠰᠢᠨ᠎ᠡ ᠬᠤᠲᠠ︶᠂ ᠬᠤᠲᠣᠩ ᠠᠷᠠᠳ ᠤᠨ ᠲᠣᠭᠤᠷᠢᠭ ︵ᠦᠵᠡᠰᠭᠦᠯᠡᠩᠲᠦ ᠤᠰᠤᠲᠤ︶ ᠤᠨ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠶᠢ ᠠᠬᠢᠭᠤᠯᠵᠤ᠂ ᠣᠷᠣᠨ ᠨᠤᠲᠤᠭ ᠤᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠭᠤᠤᠯᠯᠠᠬᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠢᠯᠡ ᠲᠣᠳᠣ ᠣᠷᠣᠨ ᠪᠦᠰᠡ ᠶᠢᠨ ᠣᠨᠴᠠᠯᠢᠭ ᠲᠠᠢ ᠰᠢᠶᠠᠨ ᠤ ᠬᠡᠪᠴᠢᠶᠡᠨ ᠤ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ ᠪᠣᠶ ᠪᠣᠯᠭᠠᠵᠤ᠂ ︽ᠨᠢᠭᠡ ᠰᠢᠶᠠᠨ ᠨᠢᠭᠡ ᠲᠥᠷᠥᠯ ᠲᠡᠮᠲᠡᠭᠲᠦ︾ ᠲᠠᠷᠢᠶᠠᠯᠠᠩ ᠮᠠᠯ ᠠᠵᠤ ᠠᠬᠤᠶ ᠶᠢᠨ ᠲᠥᠷᠥᠯ ᠲᠡᠮᠳᠡᠭᠲᠦ ᠶᠢᠨ ᠪᠠᠶᠢᠷᠢᠰᠢᠯ ᠢ ᠪᠣᠶ ᠪᠣᠯᠭᠠᠨ᠎ᠠ᠃      2023 ᠣᠨ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠨᠡᠯᠢᠶᠡᠳ ᠥᠨᠳᠥᠷ ᠠᠯᠳᠠᠷᠰᠢᠯ ᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ 10 ᠠᠴᠠ ᠳᠡᠭᠡᠭᠰᠢ ︵︽ᠴᠡᠯᠡᠭᠡᠷ ᠲᠠᠯ᠎ᠠ ᠶᠢᠨ ᠦᠨᠦᠷ ᠠᠮᠲᠠ︾ ᠳᠡᠭᠡᠷ᠎ᠡ ᠶᠢᠰᠦᠨ ᠬᠤᠰᠢᠭᠤ ᠰᠢᠶᠠᠨ ᠲᠣᠭᠤᠷᠢᠭ ᠤᠨ ᠲᠥᠷᠥᠯ ᠲᠡᠮᠳᠡᠭᠲᠦ ᠶᠢ ᠨᠡᠮᠡᠨ᠎ᠡ︶᠂ ᠤᠯᠤᠰ ᠤᠨ ᠳᠣᠲᠣᠭᠠᠳᠤ ᠭᠠᠳᠠᠭᠠᠳᠤ ᠶᠢᠨ ᠨᠡᠯᠢᠶᠡᠳ ᠥᠨᠳᠥᠷ ᠠᠯᠳᠠᠷᠰᠢᠯ ᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ 2 ᠠᠴᠠ ᠳᠡᠭᠡᠭᠰᠢ︔ ᠭᠠᠵᠠᠷ ᠵᠦᠶ ᠶᠢᠨ ᠳᠡᠮᠳᠡᠭ ᠢᠶᠠᠷ ᠭᠡᠷᠡᠴᠢᠯᠡᠭᠰᠡᠨ ᠲᠠᠸᠠᠷ ᠤᠨ ᠲᠡᠮᠳᠡᠭ ᠢ 2020 ᠣᠨ ᠤ 21 ᠵᠦᠢᠯ ᠤᠨ ᠰᠠᠭᠤᠷᠢᠨ ᠳᠡᠭᠡᠷ᠎ᠡ ᠵᠢᠯ ᠪᠦᠷᠢ ᠠᠬᠢᠨ ᠨᠡᠮᠡᠭᠳᠡᠭᠦᠯᠵᠦ᠂ 2021 ᠣᠨ ᠳᠤ 24 ᠵᠦᠢᠯ ᠬᠦᠷᠭᠡᠵᠦ᠂ 2022 ᠣᠨ ᠳᠤ 27 ᠵᠦᠢᠯ ᠬᠦᠷᠭᠡᠵᠦ᠂ 2023 ᠣᠨ ᠳᠤ 30 ᠵᠦᠢᠯ ᠬᠦᠷᠭᠡᠨ᠎ᠡ︔ ᠭᠠᠵᠠᠷ ᠵᠦᠢ ᠶᠢᠨ ᠲᠡᠮᠳᠡᠭ ᠤᠨ ᠲᠠᠷᠢᠶᠠᠯᠠᠩ ᠤᠨ ᠪᠦᠲᠦᠭᠡᠭᠳᠡᠬᠦᠨ ᠤ ᠳᠠᠩᠰᠠᠯᠠᠯᠲᠠ ᠶᠢ 2020 ᠣᠨ ᠤ 5 ᠵᠦᠢᠯ ᠤᠨ ᠰᠠᠭᠤᠷᠢᠨ ᠳᠡᠭᠡᠷ᠎ᠡ ᠵᠢᠯ ᠪᠦᠷᠢ ᠠᠬᠢᠨ ᠨᠡᠮᠡᠭᠳᠡᠭᠦᠯᠵᠦ᠂ 2021 ᠣᠨ ᠳᠤ 6 ᠵᠦᠢᠯ ᠬᠦᠷᠭᠡᠵᠦ᠂ 2022 ᠣᠨ ᠳᠤ 7 ᠵᠦᠢᠯ ᠳᠤ ᠬᠦᠷᠭᠡᠵᠦ᠂ 2023 ᠣᠨ ᠳᠤ 9 ᠵᠦᠢᠯ ᠳᠤ ᠬᠦᠷᠭᠡᠨ᠎ᠡ︔ ᠪᠣᠬᠢᠷᠲᠤᠯ ᠥᠬᠡᠶ ᠢᠳᠡᠭᠡᠨ ᠤ ᠠᠵᠤ ᠠᠬᠤᠶᠢᠯᠠᠯ ᠬᠢᠭᠡᠳ ᠦᠢᠯᠡᠳᠬᠦᠨ ᠤ ᠲᠤᠭ᠎ᠠ ᠬᠡᠮᠵᠢᠶ᠎ᠡ ᠶᠢ ᠵᠢᠯ ᠪᠦᠷᠢ ᠳᠤᠮᠳᠠᠴᠢ ᠪᠠᠷ 6% ᠪᠠᠷ ᠨᠡᠮᠡᠭᠳᠡᠭᠦᠯᠵᠦ᠂ 2021 ᠣᠨ ᠳᠤ 31 ᠡᠷᠦᠬᠡ ᠪᠠ 101 ᠪᠣᠯᠭᠠᠵᠤ᠂ 2022 ᠣᠨ ᠳᠤ 33 ᠡᠷᠦᠬᠡ ᠪᠠ 107 ᠪᠣᠯᠭᠠᠵᠤ᠂ 2023 ᠣᠨ ᠳᠤ 35 ᠡᠷᠦᠬᠡ ᠪᠠ 113 ᠶᠢ ᠪᠤᠶᠢᠵᠢᠭᠤᠯᠤᠨ ᠪᠣᠶ  ᠪᠣᠯᠭᠠᠨ᠎ᠠ᠃      ᠭᠤᠷᠪᠠ᠂ ᠦᠨᠳᠦᠰᠦᠨ ᠵᠠᠷᠴᠢᠮ      ︵ᠨᠢᠭᠡ︶ ᠵᠠᠰᠠᠭ ᠤᠨ ᠣᠷᠳᠣᠨ ᠬᠥᠲᠥᠯᠦᠨ ᠵᠢᠯᠣᠭᠤᠳᠤᠨ᠎ᠠ᠃ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠦᠨᠡᠨᠬᠦ ᠬᠤᠪᠢᠷᠠᠭᠤᠯᠵᠤ᠂ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠳᠤᠮᠳᠠᠬᠢ ᠳᠦᠷᠢ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠨ᠎ᠠ᠃ ᠭᠠᠵᠠᠷ ᠣᠷᠣᠨ ᠤ ᠳᠠᠪᠠᠭᠤᠯᠢᠭ ᠲᠤ ᠰᠠᠭᠤᠷᠢᠯᠠᠨ᠂ ᠭᠠᠵᠠᠷ ᠣᠷᠣᠨ ᠤ ᠳᠠᠪᠠᠭᠤᠯᠢᠭ ᠠᠵᠤ ᠦᠢᠯᠡᠰ ᠤᠨ ᠲᠥᠯᠥᠪᠵᠢᠭᠦᠯᠭᠡ ᠪᠠ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠲᠥᠯᠥᠪᠵᠢᠭᠦᠯᠭᠡ ᠶᠢ ᠰᠠᠶᠢᠲᠤᠷ ᠬᠢᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠷᠬᠡ ᠲᠡᠭᠰᠢ ᠲᠥᠪ ᠭᠤᠤᠯᠴᠢ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠵᠤ᠂ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠨ᠎ᠠ᠃      ︵ᠬᠤᠶᠠᠷ︶ ᠵᠠᠬ᠎ᠠ ᠳᠡᠯᠭᠡᠭᠦᠷ ᠢᠶᠠᠷ ᠭᠤᠤᠯᠯᠠᠭᠤᠯᠤᠨ᠎ᠠ᠃ ᠪᠠᠶᠢᠭᠤᠯᠤᠯ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠡᠬᠢ ᠪᠠᠶᠠᠯᠢᠭ ᠢ ᠲᠣᠬᠢᠷᠠᠭᠤᠯᠬᠤ ᠶᠠᠪᠤᠴᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠶ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠭᠤᠷᠪᠠᠳᠠᠬᠢ ᠡᠲᠡᠭᠡᠳ ᠤᠨ ᠲᠥᠷᠥᠯ ᠲᠡᠮᠳᠡᠭᠲᠦ ᠶᠢᠨ ᠡᠵᠡᠩᠨᠡᠯᠲᠡ ᠶᠢᠨ ᠲᠤᠰᠬᠠᠶ ᠪᠠᠶᠢᠭᠤᠯᠤᠮᠵᠢ ᠶᠢ ᠣᠷᠣᠭᠤᠯᠤᠨ ᠠᠪᠴᠢᠷᠠᠵᠤ᠂ ᠣᠳᠣᠬᠠᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠤᠪᠢᠷᠠᠯᠲᠠ ᠶᠢᠨ ᠬᠠᠨᠳᠤᠰᠢ ᠶᠢ ᠭᠦᠨᠵᠡᠭᠡᠶ ᠰᠤᠳᠤᠯᠵᠤ᠂ ᠪᠣᠷᠣᠯᠠᠭᠤᠯᠭ᠎ᠠ ᠰᠠᠶᠢᠲᠠᠶ ᠴᠢᠨᠠᠷ ᠰᠠᠶᠢᠲᠠᠶ ᠦᠢᠯᠡᠳᠬᠦᠨ ᠢ ᠦᠢᠯᠡᠳᠪᠦᠷᠢᠯᠡᠵᠦ᠂ ᠬᠡᠷᠡᠭᠯᠡᠭᠴᠢᠳ ᠤᠨ ᠣᠯᠠᠨ ᠶᠠᠩᠵᠤ ᠶᠢᠨ ᠬᠡᠷᠡᠭᠴᠡᠭᠡ ᠶᠢ ᠬᠠᠩᠭᠠᠨ᠎ᠠ᠃      ︵ᠭᠤᠷᠪᠠ︶ ᠠᠵᠤ ᠠᠬᠤᠶᠢᠯᠠᠯ ᠢᠶᠠᠷ ᠭᠤᠤᠯ ᠴᠣᠭᠴᠠ ᠪᠣᠯᠭᠠᠨ᠎ᠠ᠃ ᠨᠥᠬᠦᠴᠡᠯ ᠳᠤ ᠨᠡᠶᠢᠴᠡᠬᠦ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ ᠬᠡᠷᠡᠭᠯᠡᠬᠦ ᠶᠢ ᠵᠣᠷᠢᠭᠵᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠪᠠ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ ᠬᠡᠷᠡᠭᠯᠡᠬᠦ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠵᠠᠬ᠎ᠠ ᠳᠡᠯᠭᠡᠭᠦᠷ ᠲᠠᠬᠢ ᠦᠷᠢᠰᠦᠯᠳᠦᠬᠦ ᠬᠦᠴᠦᠨ ᠢ ᠥᠷᠭᠡᠳᠬᠡᠨ᠎ᠡ᠃      ︵ᠳᠥᠷᠪᠡ︶ ᠬᠠᠮᠵᠢᠯᠴᠠᠨ ᠬᠠᠮᠲᠤᠪᠠᠷ ᠪᠥᠲᠥᠭᠡᠨ ᠪᠠᠶᠢᠭᠤᠯᠤᠨ᠎ᠠ᠃ ᠵᠠᠰᠠᠭ ᠤᠨ ᠣᠷᠳᠣᠨ ᠤ ᠬᠥᠲᠥᠯᠦᠨ ᠵᠢᠯᠣᠭᠤᠳᠬᠤ ᠦᠢᠯᠡᠳᠦᠯ᠂ ᠰᠠᠯᠠᠭ᠎ᠠ ᠮᠥᠴᠢᠷ ᠤᠨ ᠬᠠᠮᠵᠢᠯᠴᠠᠬᠤ ᠦᠢᠯᠡᠳᠦᠯ᠂ ᠠᠵᠤ ᠠᠬᠤᠶᠢᠯᠠᠯ ᠤᠨ ᠭᠤᠤᠯ ᠴᠣᠭᠴᠠ ᠶᠢᠨ ᠦᠢᠯᠡᠳᠦᠯ᠂ ᠨᠡᠶᠢᠭᠡᠮᠯᠢᠭ ᠤᠨ ᠨᠥᠬᠦᠪᠥᠷᠢᠯᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠠᠮᠲᠤᠪᠠᠷ ᠪᠠᠶᠢᠭᠤᠯᠵᠤ ᠢᠯᠡᠭᠦᠤ ᠠᠰᠢᠭ ᠭᠥᠷᠳᠡᠬᠦ ᠰᠢᠨ᠎ᠡ ᠪᠠᠶᠢᠳᠠᠯ ᠢ ᠪᠣᠶ ᠪᠣᠯᠭᠠᠨ᠎ᠠ      ᠳᠥᠷᠪᠡ᠂ ᠭᠤᠤᠯᠳᠠᠯᠭ᠎ᠠ ᠲᠠᠢ ᠡᠭᠦᠷᠭᠡ      ︵ᠨᠢᠭᠡ︶ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠦᠢᠯᠡᠳᠬᠦᠨ ᠤ ᠶᠠᠰᠤ ᠴᠢᠨᠠᠷ ᠤᠨ ᠪᠠᠷᠢᠮᠵᠢᠶ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ᠎ᠡ᠃ ᠭᠠᠷᠤᠯᠲᠠ ᠶᠢᠨ ᠣᠷᠣᠨ ᠢ ᠴᠡᠪᠡᠷᠰᠢᠭᠦᠯᠬᠦ ᠠᠵᠢᠯᠯᠠᠭ᠎ᠠ ᠶᠢ ᠥᠷᠨᠢᠭᠦᠯᠵᠦ᠂ ᠪᠣᠬᠢᠷᠲᠤᠯ ᠦᠭᠡᠢ ᠦᠢᠯᠡᠳᠪᠦᠷᠢᠯᠡᠯ ᠢ ᠬᠡᠷᠡᠭᠵᠢᠭᠦᠯᠦᠨ᠎ᠡ᠃ ︽ᠳᠥᠷᠪᠡ ᠶᠢ ᠡᠵᠡᠮᠳᠡᠬᠦ ︾ ᠮᠡᠷᠭᠡᠵᠢᠯ ᠢ ᠢᠳᠡᠪᠬᠢᠲᠡᠶ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ 300 ᠲᠦᠮᠡᠨ ᠮᠥ ᠠᠴᠠ ᠳᠡᠭᠡᠭᠰᠢ ᠳᠤ ᠬᠦᠷᠦᠭᠦᠯᠵᠦ᠂ ᠬᠢᠮᠢ ᠶᠢᠨ ᠪᠣᠷᠲᠣᠭᠤᠷ᠂ ᠲᠠᠷᠢᠶᠠᠨ ᠡᠮ ᠪᠠ ᠰᠦᠯᠢᠶᠣᠣ ᠪᠦᠷᠬᠦᠭᠦᠯ ᠤᠨ ᠪᠦᠷᠬᠦᠴᠡ ᠶᠢᠨ ᠲᠠᠯᠠᠪᠠᠶ ᠶᠢ ᠵᠢᠯ ᠳᠠᠷᠠᠭᠠᠯᠠᠨ ᠬᠠᠰᠤᠵᠤ᠂ ᠪᠣᠬᠢᠷᠲᠤᠯ ᠥᠬᠡᠶ ᠳᠠᠷᠢᠵᠤ ᠲᠡᠵᠢᠭᠡᠨ ᠦᠷᠡᠵᠢᠭᠦᠯᠬᠦ ᠳᠤ ᠰᠠᠶᠢᠨ ᠰᠠᠶᠢᠬᠠᠨ ᠦᠢᠯᠡᠳᠪᠦᠷᠢᠯᠡᠯ ᠤᠨ ᠣᠷᠴᠢᠨ ᠲᠣᠭᠤᠷᠢᠨ ᠢ ᠡᠭᠦᠳᠦᠨ ᠪᠠᠶᠢᠭᠤᠯᠤᠨ᠎ᠠ᠃ ᠦᠢᠯᠡᠳᠪᠦᠷᠢᠯᠡᠯ ᠤᠨ ᠨᠠᠷᠢᠯᠢᠬᠵᠢᠭᠤᠯᠤᠭᠰᠠᠨ ᠬᠠᠮᠢᠶᠠᠷᠤᠯᠲᠠ ᠬᠢᠭᠡᠳ ᠪᠦᠲᠦᠭᠡᠭᠳᠡᠬᠦᠨ ᠤ ᠶᠠᠰᠤ ᠴᠢᠨᠠᠷ ᠢ ᠪᠥᠬᠦ ᠶᠠᠪᠤᠴᠠ ᠳᠤ ᠡᠵᠡᠮᠳᠡᠬᠦ ᠮᠡᠷᠭᠡᠵᠢᠯ ᠤᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠬᠡᠷᠡᠭᠯᠡᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠢ ᠠᠬᠢᠭᠤᠯᠤᠨ᠎ᠠ᠃ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠡᠯ᠎ᠡ ᠬᠤᠰᠢᠭᠤ ᠰᠢᠶᠠᠨ ᠲᠣᠭᠤᠷᠢᠭ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠳᠤ ᠴᠢᠭᠯᠡᠭᠦᠯᠦᠨ ᠣᠨᠴᠠ ᠲᠣᠭᠲᠠᠭᠰᠠᠨ ᠭᠠᠷᠤᠯᠲᠠ ᠶᠢᠨ ᠣᠷᠣᠨ ᠤ ᠣᠷᠴᠢᠨ ᠲᠣᠭᠤᠷᠢᠨ᠂ ᠪᠦᠲᠦᠭᠡᠭᠳᠡᠬᠦᠨ ᠢ ᠲᠠᠰ ᠬᠤᠪᠢᠶᠠᠬᠤ᠂ ᠪᠣᠯᠪᠠᠰᠤᠷᠠᠭᠤᠯᠬᠤ᠂ ᠪᠣᠭᠤᠳᠠᠯᠯᠠᠬᠤ᠂ ᠬᠠᠳᠠᠭᠠᠯᠠᠬᠤ᠂ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠪᠠᠷᠢᠮᠵᠢᠶ᠎ᠠ ᠶᠢᠨ ᠰᠢᠰᠲ᠋ᠧᠮᠵᠢ ᠶᠢ ᠲᠣᠭᠲᠠᠭᠠᠬᠤ ᠶᠢ ᠳᠡᠮᠵᠢᠨ ᠵᠣᠷᠢᠭᠵᠢᠭᠤᠯᠵᠤ᠂ ᠪᠠᠷᠢᠮᠵᠢᠶ᠎ᠠ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ︽ᠨᠢᠭᠡ ᠪᠦᠲᠦᠭᠡᠭᠳᠡᠬᠦᠨ ᠳᠤ ᠨᠢᠭᠡ ᠪᠠᠷᠢᠮᠵᠢᠶ᠎ᠠ︾᠂ ︽ᠨᠢᠭᠡ ᠪᠦᠲᠦᠭᠡᠭᠳᠡᠬᠦᠨ ᠳᠤ ᠨᠢᠭᠡ ᠵᠦᠢᠯ ᠤᠨ ᠪᠣᠳᠣᠯᠭ᠎ᠠ︾ ᠶᠢᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠠᠷᠭ᠎ᠠ ᠮᠠᠶ᠋ᠢᠭ ᠪᠠ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠣᠶ ᠪᠣᠯᠭᠠᠵᠤ᠂ ᠶᠠᠰᠤ ᠴᠢᠨᠠᠷ ᠢ ᠪᠠᠲᠤᠯᠠᠨ᠂ ᠶᠠᠰᠤ ᠴᠢᠨᠠᠷ ᠢ ᠳᠡᠭᠡᠭᠰᠢᠯᠡᠭᠦᠯᠵᠦ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠪᠠᠷᠢᠮᠵᠢᠶ᠎ᠠ ᠶᠢᠨ ᠰᠠᠭᠤᠷᠢ ᠶᠢ ᠪᠠᠲᠤᠳᠬᠠᠨ᠎ᠠ᠃ ︵ᠲᠦᠷᠦᠭᠦᠯᠡᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      ︵ᠬᠤᠶᠠᠷ︶ ᠪᠥᠬᠦ ᠶᠠᠪᠤᠴᠠ ᠶᠢᠨ ᠶᠠᠰᠤ ᠴᠢᠨᠠᠷ ᠢ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠤᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠮᠥᠷᠳᠡᠬᠦ ᠰᠢᠰᠲ᠋ᠧᠮᠵᠢ ᠪᠠ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭᠲᠦ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠠᠴᠠ ᠬᠤᠭᠤᠯᠠᠨ ᠰᠢᠷᠡᠭᠡᠨ ᠳᠤ ᠬᠦᠷᠲᠡᠯᠡᠬᠢ ᠪᠥᠬᠦ ᠶᠠᠪᠤᠴᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ ᠲᠣᠮᠣ ᠳ᠋ᠠᠶᠢᠲ᠋ᠠ᠂ ᠡᠭᠦᠯᠡᠨ ᠪᠤᠳᠤᠯᠲᠠ ᠵᠡᠷᠭᠡ ᠣᠳᠣᠬᠢᠴᠢᠯᠠᠭᠰᠠᠨ ᠮᠡᠳᠡᠭᠡ ᠵᠠᠩᠭᠢ ᠶᠢᠨ ᠮᠡᠷᠭᠡᠵᠢᠯ ᠢ ᠠᠰᠢᠭᠯᠠᠨ ᠣᠶᠤᠨᠴᠢ ᠬᠢᠨᠠᠯᠲᠠ ᠬᠠᠮᠢᠶᠠᠷᠤᠯᠲᠠ ᠪᠠ ᠦᠢᠯᠡᠴᠢᠯᠡᠭᠡ ᠶᠢ ᠬᠡᠷᠡᠭᠵᠢᠭᠦᠯᠬᠦ ᠶᠢ ᠳᠡᠮᠵᠢᠵᠦ᠂ ︽ᠲᠣᠤᠷᠵᠢᠭᠤᠯᠤᠭᠰᠠᠨ︾ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠥᠨᠳᠡᠯᠡᠨ ᠠᠴᠠ ᠵᠠᠬ᠎ᠠ ᠬᠢᠵᠠᠭᠠᠷ ᠬᠦᠷᠲᠡᠯ᠎ᠡ᠂ ᠭᠤᠯᠳᠤ ᠪᠠᠷ ᠡᠴᠦᠰ ᠲᠤᠨᠢ ᠲᠤᠯᠲᠠᠯ᠎ᠠ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠪᠠᠶᠢᠭᠤᠯᠤᠨ᠎ᠠ᠃ ᠬᠤᠰᠢᠭᠤ ᠰᠢᠶᠠᠨ ᠲᠣᠭᠤᠷᠢᠭ ᠨᠢ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠬᠠᠮᠲᠤᠷᠠᠨ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠰᠣᠩᠭᠤᠭᠳᠠᠭᠰᠠᠨ ᠠᠵᠤ ᠠᠬᠤᠶᠢᠯᠠᠯ ᠤᠨ ᠲᠦᠷᠢᠮ ᠤᠨ ᠪᠠᠶᠢᠭᠤᠯᠤᠯᠲᠠ᠂ ᠣᠷᠣᠭᠤᠯᠤᠯᠲᠠ ᠶᠢᠨ ᠡᠳ᠋ ᠪᠤᠳᠠᠰ ᠤᠨ ᠬᠠᠮᠢᠶᠠᠷᠤᠯᠲᠠ᠂ ᠦᠢᠯᠡᠳᠪᠦᠷᠢᠯᠡᠯ ᠤᠨ ᠶᠠᠪᠤᠴᠠ᠂ ᠲᠡᠮᠳᠡᠭ ᠤᠨ ᠬᠡᠷᠡᠭᠯᠡᠯᠲᠡ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠣᠨ᠎ᠠ᠃ ᠢᠳᠡᠰᠢᠨ ᠳᠤ ᠬᠡᠷᠡᠭᠯᠡᠬᠦ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠢᠷᠢ ᠲᠡᠩᠴᠡᠭᠰᠡᠨ ᠦᠨᠡᠮᠯᠡᠯ ᠤᠨ ᠲᠦᠷᠢᠮ ᠢ ᠶᠡᠬᠡᠪᠡᠷ ᠬᠡᠷᠡᠭᠵᠢᠭᠦᠯᠵᠦ᠂ ᠭᠠᠷᠤᠯᠲᠠ ᠶᠢᠨ ᠣᠷᠣᠨ ᠠᠴᠠ ᠵᠥᠪᠰᠢᠶᠡᠷᠡᠨ ᠭᠠᠷᠭᠠᠬᠤ ᠪᠠ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠶᠢ ᠵᠠᠪᠰᠠᠷ ᠥᠬᠡᠶ ᠵᠣᠯᠭᠠᠭᠤᠯᠤᠨ᠎ᠠ᠃  ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠬᠢᠨᠠᠨ ᠪᠠᠶᠢᠴᠠᠭᠠᠬᠤ ᠪᠠ ᠰᠤᠭᠤᠴᠢᠨ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠦ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠪᠠ ᠠᠵᠤ ᠠᠬᠤᠶᠢᠯᠠᠯ ᠤᠨ ᠨᠡᠷᠡᠰ ᠵᠡᠷᠭᠡ ᠪᠠᠶᠢᠳᠠᠯ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠨᠡᠶᠢᠲᠡᠯᠡᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠨᠡᠶᠢᠲᠡ ᠶᠢᠨ ᠢᠲᠡᠭᠡᠮᠵᠢ ᠶᠢ ᠳᠡᠭᠡᠭᠰᠢᠯᠡᠭᠦᠯᠦᠨ᠎ᠡ᠃ ︵ᠲᠦᠷᠦᠭᠦᠯᠡᠬᠦ ᠨᠢᠭᠡᠴᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      ︵ᠭᠤᠷᠪᠠ︶ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ ᠪᠤᠶᠢᠵᠢᠭᠤᠯᠬᠤ ᠲᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ ᠪᠤᠶᠢᠵᠢᠭᠤᠯᠬᠤ ᠡᠷᠴᠢᠮ ᠢ ᠴᠢᠩᠭᠠᠷᠠᠭᠤᠯᠵᠤ᠂ ᠬᠠᠮᠲᠤ ᠶᠢᠨ ᠲᠠᠸᠠᠷ ᠤᠨ ᠲᠡᠮᠳᠡᠭ᠂ ᠭᠠᠵᠠᠷ ᠵᠦᠶ ᠶᠢᠨ ᠲᠡᠮᠳᠡᠭ᠂ ᠭᠡᠷᠡᠴᠢᠯᠡᠯ ᠲᠠᠢ ᠲᠠᠸᠠᠷ ᠤᠨ ᠲᠡᠮᠳᠡᠭ ᠢ ᠳᠠᠩᠰᠠᠯᠠᠭᠤᠯᠬᠤ ᠶᠢ ᠢᠳᠡᠪᠬᠢᠲᠡᠶ ᠪᠠᠷ ᠵᠢᠯᠣᠭᠤᠳᠤᠨ᠂ ᠭᠠᠵᠠᠷ ᠵᠦᠶ ᠶᠢᠨ ᠲᠡᠮᠳᠡᠭ ᠲᠠᠢ ᠲᠠᠷᠢᠶᠠᠯᠠᠩ ᠤᠨ ᠪᠦᠲᠦᠭᠡᠭᠳᠡᠬᠦᠨ ᠤ ᠵᠡᠷᠭᠡ ᠳᠡᠰ ᠤᠨ ᠬᠠᠮᠠᠭᠠᠯᠠᠯᠲᠠ ᠶᠢ ᠭᠤᠶᠤᠴᠢᠯᠠᠵᠤ᠂ ᠭᠠᠵᠠᠷ ᠵᠦᠶ ᠶᠢᠨ ᠲᠡᠮᠳᠡᠭ ᠤᠨ ᠲᠤᠰᠬᠠᠶ ᠲᠡᠮᠳᠡᠭ ᠢ ᠬᠡᠷᠡᠭᠯᠡᠨ᠂ ᠪᠣᠬᠢᠷᠲᠤᠯ ᠥᠬᠡᠶ ᠣᠷᠭᠠᠨᠢᠭ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠴᠢᠨᠠᠷ ᠰᠠᠶᠢᠲᠠᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠯ ᠥᠷᠨᠢᠭᠦᠯᠬᠦ ᠶᠢ ᠵᠣᠷᠢᠭᠵᠢᠭᠤᠯᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ ᠪᠤᠶᠢᠵᠢᠭᠤᠯᠬᠤ ᠳᠤ ᠲᠠᠰᠤᠷᠠᠯᠲᠠ ᠥᠬᠡᠶ ᠴᠢᠨᠠᠷ ᠰᠠᠶᠢᠲᠠᠶ ᠪᠦᠲᠦᠭᠡᠭᠳᠡᠬᠦᠨ ᠤ ᠲᠤᠯᠭᠠᠭᠤᠷᠢᠯᠠᠯ ᠬᠠᠩᠭᠠᠨ᠎ᠠ᠃ ᠡᠭᠦᠨ ᠤ ᠬᠠᠮᠲᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠬᠠᠮᠢᠶ᠎ᠠ ᠪᠥᠬᠦᠶ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠨ ᠣᠷᠣᠯᠴᠠᠭᠰᠠᠨ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠵᠤ᠂ ᠲᠥᠷᠥᠯ ᠲᠡᠮᠳᠡᠭᠲᠦ ᠶᠢᠨ ᠡᠷᠬᠡ ᠰᠦᠷᠲᠦ ᠴᠢᠨᠠᠷ ᠪᠠ ᠲᠥᠪ ᠭᠤᠤᠯᠴᠢ ᠴᠢᠨᠠᠷ ᠢ ᠬᠠᠮᠠᠭᠠᠯᠠᠨ᠎ᠠ᠃ ︵ᠲᠦᠷᠦᠭᠦᠯᠡᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      ︵ᠳᠥᠷᠪᠡ︶ ᠲᠥᠷᠥᠯ ᠲᠡᠮᠳᠡᠭᠲᠦ ᠶᠢᠨ ᠤᠬᠠᠭᠤᠯᠭ᠎ᠠ ᠲᠠᠨᠢᠯᠴᠠᠭᠤᠯᠭ᠎ᠠ ᠶᠢ ᠴᠢᠩᠭᠠᠳᠬᠠᠨ᠎ᠠ᠃ ᠲᠦᠷᠥᠯ ᠲᠡᠮᠳᠡᠭᠲᠦ ᠶᠢᠨ ᠦᠯᠢᠭᠡᠷ᠂ ᠲᠦᠷᠥᠯ ᠲᠡᠮᠳᠡᠭᠲᠦ ᠶᠢᠨ ᠳᠠᠮᠵᠢᠭᠤᠯᠭ᠎ᠠ᠂ ᠦᠢᠯᠡᠳᠬᠦᠨ ᠤ ᠶᠠᠰᠤ ᠴᠢᠨᠠᠷ ᠵᠡᠷᠭᠡ ᠭᠤᠣᠯ ᠠᠭᠤᠯᠭ᠎ᠠ ᠶᠢᠨ ᠲᠣᠭᠤᠷᠢᠨ ᠳᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ ᠤᠬᠠᠭᠤᠯᠵᠤ ᠡᠵᠡᠩᠨᠡᠨ ᠪᠣᠷᠣᠯᠠᠭᠤᠯᠬᠤ ᠠᠵᠢᠯ ᠢ ᠴᠢᠩᠭᠠᠳᠬᠠᠵᠤ᠂ ᠬᠠᠭᠤᠴᠢᠨ ᠤᠷ᠎ᠠ ᠮᠡᠷᠭᠡᠵᠢᠯ᠂ ᠬᠠᠭᠤᠴᠢᠨ ᠨᠡᠷᠡᠮᠵᠢᠲᠦ᠂ ᠬᠠᠭᠤᠴᠢᠨ ᠵᠦᠢᠯ ᠢ ᠬᠠᠮᠠᠭᠠᠯᠠᠬᠤ ᠪᠠ ᠤᠯᠠᠮᠵᠢᠯᠠᠬᠤ ᠶᠢ ᠴᠢᠩᠭᠠᠷᠠᠭᠤᠯᠤᠨ᠂ ᠲᠥᠷᠥᠯ ᠲᠡᠮᠳᠡᠭᠲᠦ ᠶᠢᠨ ᠰᠣᠶᠣᠯ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠵᠤ᠂ ᠲᠥᠷᠥᠯ ᠲᠡᠮᠳᠡᠭᠲᠦ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ᠲᠥᠷᠥᠯ ᠲᠡᠮᠳᠡᠭᠲᠦ ᠶᠢᠨ ᠦᠨ᠎ᠡ ᠥᠷᠲᠡᠭ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠪᠠ ᠲᠠᠷᠢᠶᠠᠴᠢᠳ ᠲᠤ ᠨᠠᠷᠠᠲᠤ ᠲᠥᠷᠥᠯ ᠲᠡᠮᠳᠡᠭᠲᠦ ᠶᠢᠨ ᠦᠷᠲᠡᠭ ᠤᠨ ᠨᠡᠮᠡᠭᠳᠡᠯ ᠠᠴᠠ ᠪᠣᠯᠤᠭᠰᠠᠨ ᠦᠷ᠎ᠡ ᠠᠰᠢᠭ ᠢ ᠣᠯᠭᠤᠨ᠎ᠠ᠃ ᠵᠠᠰᠠᠭ ᠤᠨ ᠣᠷᠳᠣᠨ ᠤ ᠤᠬᠠᠭᠤᠯᠭ᠎ᠠ ᠶᠢᠨ ᠲᠠᠪᠴᠠᠩ ᠤᠨ ᠳᠠᠪᠠᠭᠤᠯᠢᠭ ᠢ ᠪᠠᠳᠠᠷᠠᠭᠤᠯᠵᠤ᠂ ᠲᠦᠷᠭᠡᠨ ᠤ ᠵᠠᠮ ᠤᠨ ᠠᠭᠤᠯᠵᠠᠷ᠂ ᠨᠢᠰᠬᠡᠯ ᠤᠨ ᠪᠠᠭᠤᠳᠠᠯ᠂ ᠲᠡᠷᠭᠡᠨ ᠥᠷᠲᠡᠭᠡ᠂ ᠬᠤᠲᠠ ᠶᠢᠨ ᠳᠣᠲᠣᠷᠠᠬᠢ ᠨᠡᠶᠢᠲᠡ ᠶᠢᠨ ᠮᠠᠰᠢᠨ ᠲᠡᠷᠭᠡᠨ ᠤ ᠥᠷᠲᠡᠭᠡ ︵ᠫᠠᠶᠢᠰᠠ︶ ᠵᠡᠷᠭᠡ ᠴᠢᠬᠤᠯᠠ ᠪᠠᠶᠢᠷᠢᠨ ᠳᠠᠬᠢ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠫᠠᠶᠢᠰᠠ ᠶᠢ ᠠᠰᠢᠭᠯᠠᠨ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠵᠢᠴᠢ ᠬᠥᠬᠡᠬᠤᠲᠠ ᠶᠢᠨ ᠣᠨᠴᠠᠯᠢᠭ ᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠪᠠ ᠠᠮᠲᠠᠲᠤ ᠢᠳᠡᠭᠡᠨ ᠳᠤ ᠣᠷᠳᠣ ᠬᠤᠭᠤᠴᠠᠭᠠᠨ ᠤ ᠴᠢᠨᠠᠷᠲᠠᠶ ᠪᠠᠷ ᠤᠬᠠᠭᠤᠯᠭ᠎ᠠ ᠬᠢᠨ᠎ᠠ᠃ ᠡᠯ᠎ᠡ ᠱᠠᠲᠤᠨ ᠤ ᠵᠠᠭᠤᠴᠢᠯᠠᠭᠤᠷ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠲᠧᠯᠸᠢᠰ ᠬᠤᠷᠢᠶ᠎ᠠ᠂ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ᠂ ᠰᠣᠨᠢᠨ ᠰᠡᠳᠬᠦᠯ᠂ LED ᠳᠡᠯᠭᠡᠴᠡ᠂ ᠣᠯᠠᠨ ᠨᠡᠶᠢᠲᠡ ᠶᠢᠨ ᠳ᠋ᠤᠭᠠᠷ᠂ ᠸᠢᠴᠠᠲ ᠤᠨ ᠴᠤᠭᠯᠠᠷᠠᠯ ᠵᠡᠷᠭᠡ ᠤᠬᠠᠭᠤᠯᠭ᠎ᠠ ᠶᠢᠨ ᠵᠠᠭᠤᠴᠢᠯᠠᠭᠤᠷ ᠢ ᠭᠦᠢᠴᠡᠳ ᠠᠰᠢᠭᠯᠠᠨ᠂ ᠲᠥᠷᠥᠯ ᠲᠡᠮᠳᠡᠭᠲᠦ ᠪᠠ ᠠᠮᠤᠷ ᠲᠦᠪᠰᠢᠨ ᠴᠢᠨᠠᠷ ᠰᠠᠶᠢᠲᠠᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠷᠭᠦᠯᠵᠢᠯᠡᠨ ᠤᠬᠠᠭᠤᠯᠵᠤ᠂ ᠲᠥᠷᠥᠯ ᠲᠡᠮᠳᠡᠭᠲᠦ ᠶᠢᠨ ᠠᠯᠳᠠᠷᠰᠢᠯ ᠢ ᠳᠡᠭᠡᠭᠰᠢᠯᠡᠭᠦᠯᠦᠨ᠎ᠡ᠃ ᠲᠥᠷᠥᠯ ᠲᠡᠮᠳᠡᠭᠲᠦ ᠶᠢᠨ ᠣᠯᠠᠨ ᠨᠡᠶᠢᠲᠡ ᠶᠢᠨ ᠮᠡᠳᠡᠭᠡ ᠵᠠᠩᠭᠢ ᠨᠡᠶᠢᠲᠡᠯᠡᠬᠦ ᠲᠠᠪᠴᠠᠩ ᠪᠠ ᠣᠯᠠᠨ ᠨᠡᠶᠢᠲᠡ ᠶᠢᠨ ᠳ᠋ᠤᠭᠠᠷ ᠢ ᠪᠠᠶᠢᠭᠤᠯᠵᠤ᠂ ᠬᠡᠷᠡᠭᠯᠡᠭᠴᠢᠳ ᠲᠤ ᠲᠥᠷᠥᠯ ᠲᠡᠮᠳᠡᠭᠲᠦ ᠵᠢᠴᠢ ᠲᠡᠭᠦᠨ ᠤ ᠦᠢᠯᠡᠳᠬᠦᠨ ᠢ ᠪᠠᠶᠢᠴᠠᠭᠠᠨ ᠯᠠᠪᠯᠠᠬᠤ ᠠᠷᠭ᠎ᠠ ᠵᠠᠮ ᠵᠢᠴᠢ ᠬᠠᠮᠢᠶ᠎ᠠ ᠪᠥᠬᠦᠶ ᠮᠡᠳᠡᠭᠡ ᠵᠠᠩᠭᠢ ᠶᠢ ᠬᠠᠩᠭᠠᠨ᠎ᠠ᠃ ᠵᠢᠭᠤᠯᠴᠢᠯᠠᠯ ᠤᠨ ᠡᠬᠢ ᠪᠠᠶᠠᠯᠢᠭ ᠲᠠᠢ ᠤᠶᠠᠯᠳᠤᠭᠤᠯᠤᠨ ᠤᠬᠠᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠂ ᠬᠥᠳᠡᠭᠡ ᠲᠣᠰᠬᠤᠨ ᠤ ᠵᠢᠭᠤᠯᠴᠢᠯᠠᠯ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠡᠯ᠎ᠡ ᠲᠥᠷᠥᠯ ᠤᠨ ᠪᠠᠶᠠᠷ ᠤᠨ ᠡᠳᠦᠷ ᠤᠨ ᠤᠬᠠᠭᠤᠯᠭ᠎ᠠ ᠳᠤ ᠢᠳᠡᠪᠬᠢᠲᠡᠶ ᠵᠣᠬᠢᠶᠠᠨ ᠪᠠᠶᠢᠭᠤᠯᠤᠨ ᠣᠷᠣᠯᠴᠠᠨ᠎ᠠ᠃ ᠲᠦᠷᠥᠯ ᠲᠡᠮᠳᠡᠭᠲᠦ ᠪᠦᠬᠦᠢ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠡᠯ᠎ᠡ ᠲᠥᠷᠥᠯ ᠤᠨ ᠦᠵᠡᠭᠦᠯᠭᠡ ᠶᠢᠨ ᠴᠤᠭᠯᠠᠭᠠᠨ ᠳᠤ ᠢᠳᠡᠪᠬᠢᠲᠡᠶ ᠣᠷᠣᠯᠴᠠᠭᠤᠯᠵᠤ᠂ ᠬᠥᠬᠡᠬᠤᠲᠠ ᠶᠢᠨ ᠲᠦᠷᠥᠯ ᠲᠡᠮᠳᠡᠭᠲᠦ ᠪᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠯᠳᠠᠷᠰᠢᠯ ᠢ ᠳᠡᠭᠡᠭᠰᠢᠯᠡᠭᠦᠯᠦᠨ᠎ᠡ᠃ ︽ᠲᠥᠷᠥᠯ ᠲᠡᠮᠳᠡᠭᠲᠦ ᠶᠢ ᠤᠬᠠᠭᠤᠯᠬᠤ᠂ ᠲᠥᠷᠥᠯ ᠲᠡᠮᠳᠡᠭᠲᠦ ᠶᠢ ᠳᠡᠮᠵᠢᠬᠦ᠂ ᠲᠥᠷᠥᠯ ᠲᠡᠮᠳᠡᠭᠲᠦ ᠶᠢ ᠬᠥᠭᠵᠢᠭᠦᠯᠬᠦ᠂ ᠲᠥᠷᠥᠯ ᠲᠡᠮᠳᠡᠭᠲᠦ ᠶᠢ ᠬᠠᠮᠠᠭᠠᠯᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ︵ᠲᠦᠷᠦᠭᠦᠯᠡᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      ︵ᠲᠠᠪᠤ︶ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠣᠶᠤᠨ ᠤ ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠣᠯᠤᠨ ᠠᠵᠢᠯ ᠲᠥᠷᠥᠯ ᠤᠨ ᠨᠡᠶᠢᠭᠡᠮᠯᠢᠭ ᠠᠴᠠ ᠲᠥᠷᠥᠯ ᠲᠡᠮᠳᠡᠭᠲᠦ ᠶᠢ ᠪᠤᠶᠢᠵᠢᠭᠤᠯᠬᠤ ᠣᠶᠤᠨ ᠤ ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠥᠷᠥᠯ ᠲᠡᠮᠳᠡᠭᠲᠦ ᠶᠢᠨ ᠬᠠᠮᠢᠶᠠᠷᠤᠯᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠤᠷᠮᠠᠰᠢᠭᠤᠯᠬᠤ ᠠᠵᠢᠯ ᠢᠶᠠᠷ ᠭᠠᠷᠳᠠᠴᠠ ᠪᠣᠯᠭᠠᠵᠤ᠂ ᠨᠢᠭᠡ ᠰᠠᠯᠠᠭ᠎ᠠ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ᠂ ᠬᠠᠮᠢᠶᠠᠷᠬᠤ᠂ ᠡᠵᠡᠩᠨᠡᠬᠦ ᠴᠢᠳᠠᠪᠤᠷᠢᠲᠠᠨ ᠤ ᠡᠩᠨᠡᠭᠡ ᠶᠢ ᠪᠤᠶᠢᠵᠢᠭᠤᠯᠤᠨ ᠪᠠᠶᠢᠭᠤᠯᠤᠨ᠎ᠠ᠃ ︽ᠶᠠᠰᠤ ᠴᠢᠨᠠᠷ ᠢ ᠲᠡᠷᠢᠭᠦᠨ ᠳᠤ ᠲᠠᠯᠪᠢᠬᠤ᠂ ᠲᠥᠷᠥᠯ ᠲᠡᠮᠳᠡᠭᠲᠦ ᠶᠢ ᠬᠥᠭᠵᠢᠭᠦᠯᠬᠦ︾ ᠣᠨᠣᠯᠵᠢᠬᠤᠨ ᠢ ᠵᠢᠯᠣᠭᠤᠳᠤᠨ ᠪᠣᠶ ᠪᠣᠯᠭᠠᠵᠤ᠂ ᠲᠥᠷᠥᠯ ᠲᠡᠮᠳᠡᠭᠲᠦ ᠶᠢᠨ ᠦᠵᠡᠯ ᠤᠬᠠᠮᠰᠠᠷ ᠢ ᠴᠢᠩᠭᠠᠷᠠᠭᠤᠯᠤᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠭᠤᠣᠯᠯᠠᠬᠤ ᠦᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ︵ᠲᠦᠷᠦᠭᠦᠯᠡᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠂ ᠬᠤᠲᠠ ᠶᠢᠨ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      ᠲᠠᠪᠤ᠂ ᠬᠡᠷᠡᠭᠵᠢᠭᠦᠯᠬᠦ ᠠᠯᠬᠤᠮ ᠳᠠᠷᠠᠭ᠎ᠠ      ︵ᠨᠢᠭᠡ︶ ᠠᠵᠢᠯ ᠡᠬᠢᠯᠡᠭᠦᠯᠬᠦ ᠱᠠᠲᠤ ᠦᠶ᠎ᠡ ︵2021 ᠣᠨ ᠤ 3 ᠳ᠋ᠤᠭᠠᠷ ᠰᠠᠷ᠎ᠠ — 2021 ᠣᠨ ᠤ 9 ᠳ᠋ᠣᠭᠡᠷ ᠰᠠᠷ᠎ᠠ︶      ᠬᠤᠲᠠ ᠶᠢᠨ ᠵᠠᠰᠠᠭ ᠤᠨ ᠣᠷᠳᠣᠨ ᠵᠣᠬᠢᠬᠤ ᠠᠵᠢᠯ ᠤᠨ ᠪᠠᠶᠢᠭᠤᠯᠤᠮᠵᠢ ᠪᠠᠶᠢᠭᠤᠯᠵᠤ᠂ ︽ᠴᠡᠯᠡᠭᠡᠷ ᠲᠠᠯ᠎ᠠ ᠶᠢᠨ ᠦᠨᠦᠷ ᠠᠮᠲᠠ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠥᠯ ᠲᠡᠮᠳᠡᠭᠲᠦ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠴᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠠᠮᠢᠶ᠎ᠠ ᠪᠥᠬᠦᠶ ᠠᠵᠢᠯ ᠤᠨ ᠪᠠᠶᠢᠭᠤᠯᠤᠮᠵᠢ ᠶᠢ ᠪᠠᠶᠢᠭᠤᠯᠵᠤ᠂ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠠᠵᠢᠯ ᠤᠨ ᠣᠨ ᠤ ᠲᠥᠰᠦᠯ ᠢ ᠨᠠᠷᠢᠨ ᠨᠢᠮᠪᠠᠶ ᠲᠣᠭᠲᠠᠭᠠᠨ᠂ ᠠᠵᠢᠯ ᠤᠨ ᠭᠤᠤᠯᠳᠠᠯᠭ᠎ᠠ ᠪᠠᠨ ᠲᠣᠳᠣᠷᠬᠠᠶᠢᠯᠠᠵᠤ᠂ ᠲᠣᠭᠲᠠᠭᠠᠭᠰᠠᠨ ᠬᠠᠷᠠᠯᠲᠠ ᠶᠢᠨ ᠡᠭᠦᠷᠭᠡ ᠶᠣᠰᠣᠭᠠᠷ᠂ ᠭᠤᠤᠯᠳᠠᠯᠭ᠎ᠠ ᠪᠠᠨ ᠳᠣᠪᠤᠶᠢᠯᠭᠠᠨ᠂ ᠵᠠᠩᠭᠢᠯᠠᠭ᠎ᠠ ᠶᠢ ᠠᠳᠬᠤᠵᠤ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠡᠭᠦᠷᠭᠡ ᠶᠢᠨ ᠨᠠᠷᠢᠨ ᠬᠠᠭᠤᠳᠠᠰᠤ ᠪᠠ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠪᠠᠶᠢᠭᠤᠯᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠥᠷᠨᠢᠭᠦᠯᠬᠦ ᠳᠤ ᠰᠠᠭᠤᠷᠢ ᠴᠢᠨᠠᠷᠲᠠᠶ ᠠᠵᠢᠯ ᠢ ᠰᠠᠶᠢᠲᠤᠷ ᠬᠢᠨ᠎ᠡ᠃ ᠬᠤᠰᠢᠭᠤ ᠰᠢᠶᠠᠨ ᠲᠣᠭᠤᠷᠢᠭ ᠤᠨ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠲᠥᠰᠦᠯ ᠢ 10 ᠳ᠋ᠤᠭᠠᠷ ᠰᠠᠷ᠎ᠠ ᠶᠢᠨ ᠰᠡᠭᠦᠯᠴᠢ ᠪᠠᠷ ᠳᠠᠭᠤᠰᠬᠠᠬᠤ ᠶᠢᠨ ᠬᠠᠮᠲᠤ ᠬᠤᠲᠠ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠭᠡᠷ ᠲᠤ ᠮᠡᠳᠡᠭᠦᠯᠦᠨ᠎ᠡ᠃      ︵ᠬᠤᠶᠠᠷ︶ ᠪᠥᠬᠦ ᠲᠠᠯ᠎ᠠ ᠪᠠᠷ ᠬᠡᠷᠡᠭᠵᠢᠭᠦᠯᠬᠦ ᠱᠠᠲᠤ ᠦᠶ᠎ᠡ ︵2021 ᠣᠨ ᠤ 10 ᠳ᠋ᠤᠭᠠᠷ ᠰᠠᠷ᠎ᠠ — 2023 ᠣᠨ ᠤ 10 ᠳ᠋ᠤᠭᠠᠷ ᠰᠠᠷ᠎ᠠ︶      ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠨᠢᠭᠡᠴᠡ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠳᠤᠲᠠᠭᠤᠳᠠᠯ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠭᠤᠤᠯᠳᠠᠯᠭ᠎ᠠ ᠲᠠᠢ ᠡᠭᠦᠷᠭᠡ ᠶᠢ ᠳᠣᠪᠤᠶᠢᠯᠭᠠᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠠᠵᠢᠯᠯᠠᠭᠠᠨ ᠤ ᠲᠥᠰᠦᠯ ᠢ ᠣᠨ ᠬᠤᠪᠢᠶᠠᠨ ᠬᠡᠷᠡᠭᠵᠢᠭᠦᠯᠵᠦ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠦᠨ᠂ ᠳᠡᠰ ᠱᠠᠲᠤ ᠬᠤᠪᠢᠶᠠᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠭᠤᠷᠪᠠᠨ ᠵᠢᠯ ᠤᠨ ᠴᠢᠷᠮᠠᠶᠢᠯᠭ᠎ᠠ ᠪᠠᠷ ᠳᠠᠮᠵᠢᠭᠤᠯᠤᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠰᠢᠰᠲ᠋ᠧᠮᠵᠢ ᠶᠢ ᠦᠨᠳᠦᠰᠦᠨ ᠳᠤᠨᠢ ᠪᠦᠷᠢᠯᠳᠦᠭᠦᠯᠦᠨ᠎ᠡ᠃      ︵ᠭᠤᠷᠪᠠ︶ ᠳ᠋ᠦᠩᠨᠡᠵᠦ ᠦᠨᠡᠯᠡᠨ ᠵᠢᠱᠢᠬᠦ ᠱᠠᠲᠤ ᠦᠶ᠎ᠡ ︵2023 ᠣᠨ ᠤ 11 ᠳ᠋ᠣᠭᠡᠷ ᠰᠠᠷ᠎ᠠ — 2023 ᠣᠨ ᠤ 12 ᠳ᠋ᠤᠭᠠᠷ ᠰᠠᠷ᠎ᠠ︶      ᠬᠤᠰᠢᠭᠤ ᠰᠢᠶᠠᠨ ᠲᠣᠭᠤᠷᠢᠭ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠥᠬᠦ ᠲᠠᠯ᠎ᠠ ᠪᠠᠷ ᠦᠨᠡᠯᠡᠨ ᠵᠢᠱᠢᠵᠦ ᠰᠢᠯᠭᠠᠨ ᠬᠤᠷᠢᠶᠠᠵᠤ᠂ ᠲᠤᠷᠰᠢᠯᠭ᠎ᠠ ᠪᠠᠨ ᠳ᠋ᠦᠩᠨᠡᠨ᠂ ᠲᠡᠷᠢᠭᠦᠨ ᠤ ᠬᠢ ᠶᠢ ᠰᠠᠶᠢᠰᠢᠶᠠᠨ ᠬᠦᠬᠢᠭᠦᠯᠦᠨ᠎ᠡ᠃ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠵᠣᠬᠢᠴᠠᠭᠤᠯᠬᠤ ᠲᠣᠭᠲᠠᠴᠠ ᠶᠢ ᠵᠢᠷᠤᠮᠵᠢᠭᠤᠯᠤᠨ᠂ ᠲᠡᠷᠢᠭᠦᠨ ᠤ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ ᠂ ᠲᠥᠷᠥᠯ ᠲᠡᠮᠲᠡᠭᠳᠦ ᠶᠢᠨ ᠥᠨ᠎ᠡ ᠦᠷᠲᠡᠭ ᠲᠠᠰᠤᠷᠠᠯᠲᠠ ᠦᠭᠡᠢ ᠨᠡᠮᠡᠭᠳᠡᠭᠦᠯᠦᠨ᠎ᠡ᠃      ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠤᠳᠤᠷᠢᠳᠬᠤ ᠪᠠᠶᠢᠭᠤᠯᠤᠮᠵᠢ ᠶᠢ ᠪᠠᠶᠢᠭᠤᠯᠤᠨ᠎ᠠ᠃ ᠬᠤᠲᠠ᠂ ᠰᠢᠶᠠᠨ ᠬᠤᠶᠠᠷ ᠱᠠᠲᠤᠨ ᠤ ᠵᠠᠰᠠᠭ ᠤᠨ ᠣᠷᠳᠣᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠥᠬᠦᠢ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠤᠬᠠᠭᠤᠯᠭ᠎ᠠ᠂ ᠬᠥᠭᠵᠢᠭᠦᠯᠦᠯᠲᠡ ᠥᠭᠡᠷᠡᠴᠢᠯᠡᠯᠲᠡ᠂ ᠰᠢᠨᠵᠢᠯᠡᠬᠦ ᠤᠬᠠᠭᠠᠨ ᠮᠡᠷᠭᠡᠵᠢᠯ᠂ ᠠᠵᠤ ᠦᠢᠯᠡᠳᠪᠦᠷᠢ ᠪᠠ ᠮᠡᠳᠡᠭᠡ ᠵᠠᠩᠭᠢ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ᠂ ᠵᠠᠮ ᠬᠠᠷᠢᠯᠴᠠᠭ᠎ᠠ᠂ ᠲᠠᠷᠢᠶᠠᠯᠠᠩ ᠮᠠᠯ ᠠᠵᠤ ᠠᠬᠤᠶ᠂ ᠬᠤᠳᠠᠯᠳᠤᠭᠠᠨ ᠤ ᠶᠠᠪᠤᠳᠠᠯ᠂ ᠰᠣᠶᠣᠯ ᠵᠢᠭᠤᠯᠴᠢᠯᠠᠯ ᠷᠠᠳᠢᠤ᠋ ᠲᠧᠯᠸᠢᠰ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠮᠥᠩᠭᠦᠨ ᠭᠦᠢᠯᠭᠡᠭᠡᠨ᠂ ᠠᠵᠤ ᠦᠢᠯᠡᠳᠪᠦᠷᠢ ᠬᠤᠳᠠᠯᠳᠤᠭ᠎ᠠ ᠶᠢᠨ ᠬᠤᠯᠪᠣᠭ᠎ᠠ ᠵᠡᠷᠭᠡ ᠬᠠᠮᠢᠶ᠎ᠠ ᠪᠥᠬᠦᠢ ᠰᠠᠯᠠᠭ᠎ᠠ ᠮᠥᠴᠢᠷ ᠤᠨ ᠤᠳᠤᠷᠢᠳᠤᠯᠭ᠎ᠠ ᠪᠠᠷ ᠭᠡᠰᠢᠭᠦᠨ ᠪᠣᠯᠭᠠᠭᠰᠠᠨ ᠲᠥᠷᠥᠯ ᠲᠡᠮᠲᠡᠭᠲᠦ ᠶᠢᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠢ ᠲᠤᠰ ᠲᠤᠰ ᠪᠠᠶᠢᠭᠤᠯᠤᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠳᠤ ᠪᠠᠶᠢᠷᠢᠯᠠᠭᠤᠯᠵᠤ᠂ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠬᠠᠮᠢᠶᠠᠷᠤᠯᠲᠠ ᠵᠢᠴᠢ ᠡᠵᠡᠩᠨᠡᠨ ᠪᠣᠷᠣᠯᠠᠭᠤᠯᠵᠤ ᠳᠡᠯᠭᠡᠷᠡᠭᠦᠯᠬᠦ ᠪᠠ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠪᠣᠳᠠᠲᠠᠶ ᠬᠠᠷᠢᠭᠤᠴᠠᠵᠤ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠨ᠂ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠵᠤ ᠡᠵᠡᠩᠨᠡᠬᠦ ᠪᠠ ᠬᠠᠮᠢᠶᠠᠷᠬᠤ ᠠᠵᠢᠯ ᠢ ᠰᠠᠶᠢᠲᠤᠷ ᠬᠢᠨ᠎ᠠ᠃      ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠬᠤ ᠶᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠶᠢ ᠠᠬᠢᠭᠤᠯᠬᠤ᠂ ᠠᠵᠤ ᠠᠬᠤᠶ ᠶᠢᠨ ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠬᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠪᠣᠯᠭᠠᠵᠤ᠂ ᠲᠤᠬᠠᠶ ᠶᠢᠨ ᠭᠠᠵᠠᠷ ᠤᠨ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠪᠦᠬᠦ ᠲᠠᠯ᠎ᠠ  ᠲᠠᠢ ᠤᠶᠠᠯᠳᠤᠭᠤᠯᠤᠨ ᠲᠦᠯᠦᠪᠯᠡᠨ ᠪᠠᠶᠢᠷᠢᠯᠠᠭᠤᠯᠤᠨ᠎ᠠ᠃ ᠲᠤᠬᠠᠢ ᠶᠢᠨ ᠭᠠᠵᠠᠷ ᠤᠷᠤᠨ ᠤ ᠪᠣᠲᠠᠲᠠᠢ ᠲᠠᠢ ᠤᠶᠠᠯᠳᠤᠭᠤᠯᠤᠨ᠂ ᠭᠠᠵᠠᠷ ᠣᠷᠣᠨ ᠤ ᠳᠠᠪᠠᠭᠤᠯᠢᠭ ᠢᠶᠠᠨ ᠪᠠᠳᠠᠷᠠᠭᠤᠯᠵᠤ᠂ ᠠᠵᠤ ᠦᠢᠯᠡᠰ ᠤᠨ ᠣᠨᠴᠠᠯᠢᠭ ᠢ ᠳᠣᠪᠤᠶᠢᠯᠭᠠᠨ᠂  ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠪᠠ ᠬᠡᠷᠡᠭᠵᠢᠭᠦᠯᠬᠦ ᠲᠥᠰᠦᠯ ᠢ ᠲᠤᠭᠲᠠᠭᠠᠨ᠎ᠠ᠃ ᠡᠭᠦᠷᠭᠡ ᠴᠢᠳᠠᠪᠣᠷᠢ ᠪᠠᠨ ᠦᠨᠳᠦᠰᠦᠯᠡᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠡᠯ᠎ᠡ ᠭᠤᠭᠴᠤᠭ᠎ᠠ ᠳᠤ ᠰᠢᠮᠳᠠᠭᠤᠯᠤᠨ ᠪᠠᠶᠢᠴᠠᠭᠠᠨ ᠵᠢᠯᠣᠭᠤᠳᠴᠣ᠂ ᠬᠠᠮᠢᠶ᠎ᠠ ᠪᠥᠬᠦᠶ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠰᠢᠯᠭᠠᠨ ᠬᠢᠨᠠᠬᠤ ᠯᠤᠭ᠎ᠠ ᠬᠠᠷᠢᠯᠴᠠᠨ ᠵᠣᠯᠭᠠᠭᠤᠯᠤᠨ᠎ᠠ᠃ ᠣᠨ ᠬᠤᠪᠢᠶᠠᠨ᠂ ᠲᠥᠯᠥᠪᠯᠡᠭᠡ ᠶᠣᠰᠣᠭᠠᠷ ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠲᠡᠭᠲᠦ ᠶᠢ ᠠᠯᠬᠤᠮ ᠳᠠᠷᠠᠭ᠎ᠠ ᠲᠠᠢ ᠪᠠᠷ ᠪᠤᠶᠢᠵᠢᠭᠤᠯᠤᠨ ᠬᠥᠭᠵᠢᠭᠦᠯᠦᠨ᠎ᠡ᠃      ︵ᠬᠤᠶᠠᠷ︶ ᠬᠡᠷᠡᠭᠯᠡᠬᠦ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ᠎ᠠ᠃ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠵᠥᠪᠰᠢᠶᠡᠷᠡᠨ ᠣᠷᠣᠭᠤᠯᠬᠤ᠂ ᠪᠤᠴᠠᠭᠠᠨ ᠭᠠᠷᠭᠠᠬᠤ ᠳᠦᠷᠢᠮ ᠢ ᠪᠠᠶᠢᠭᠤᠯᠤᠨ᠎ᠠ᠃ ᠪᠥᠬᠦ ᠬᠤᠲᠠ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ ᠢᠯᠭᠠᠷᠠᠭᠤᠯᠤᠨ ᠨᠡᠶᠢᠳᠬᠡᠵᠦ᠂ ᠲᠥᠪᠯᠡᠷᠡᠭᠦᠯᠦᠨ ᠤᠬᠠᠭᠤᠯᠵᠤ ᠡᠵᠡᠩᠨᠡᠨ ᠪᠣᠷᠣᠯᠠᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠬᠡᠷᠡᠭᠯᠡᠯᠲᠡ ᠪᠠ ᠬᠠᠮᠠᠭᠠᠯᠠᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠲᠡᠮᠳᠡᠭ ᠪᠣᠯ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠪᠠᠷ ᠵᠥᠪᠰᠢᠶᠡᠷᠡᠭᠦᠯᠦᠨ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠪᠠᠶᠢᠵᠤ᠂ ᠶᠠᠰᠤ ᠴᠢᠨᠠᠷ ᠤᠨ ᠲᠡᠮᠳᠡᠭ ᠲᠤ ᠬᠠᠷᠢᠶᠠᠯᠠᠭᠳᠠᠨ᠂ ᠶᠠᠮᠠᠷᠪᠠ ᠨᠢᠭᠡᠴᠡ ᠪᠠ ᠬᠤᠪᠢ ᠬᠥᠮᠦᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠡᠷᠡᠭᠯᠡᠬᠦ ᠵᠥᠪᠰᠢᠶᠡᠷᠡᠯ ᠢ ᠣᠯᠤᠭᠰᠠᠨ ᠥᠬᠡᠶ ᠪᠠᠶᠢᠳᠠᠯ ᠳᠣᠤᠷ᠎ᠠ ᠳᠤᠷ᠎ᠠ ᠪᠠᠷ ᠢᠶᠠᠨ ᠬᠡᠷᠡᠭᠯᠡᠵᠦ ᠪᠣᠯᠬᠤ ᠥᠬᠡᠶ᠂ ᠬᠡᠷᠡᠭᠯᠡᠬᠦ ᠬᠡᠪᠴᠢᠶ᠎ᠡ ᠶᠢ ᠥᠷᠭᠡᠳᠬᠡᠵᠦ ᠪᠣᠯᠬᠤ ᠥᠬᠡᠶ᠂ ᠲᠡᠮᠳᠡᠭ ᠢ ᠲᠦᠷᠢᠶᠡᠰᠦᠯᠡᠭᠦᠯᠬᠦ᠂ ᠵᠢᠭᠡᠯᠡᠭᠦᠯᠬᠦ ᠪᠤᠶᠤ ᠪᠤᠰᠤᠳ ᠬᠡᠯᠪᠡᠷᠢ ᠪᠠᠷ ᠬᠠᠤᠯᠢ ᠪᠤᠰᠤ ᠪᠠᠷ ᠰᠢᠯᠵᠢᠭᠦᠯᠦᠨ ᠥᠭᠴᠦ ᠪᠣᠯᠬᠤ ᠥᠬᠡᠶ᠃ ᠲᠡᠮᠳᠡᠭ ᠢ ᠬᠠᠭᠤᠷᠮᠠᠭᠯᠠᠨ ᠵᠣᠬᠢᠶᠠᠬᠤ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠵᠥᠪᠰᠢᠶᠡᠷᠡᠨ ᠣᠷᠣᠭᠤᠯᠵᠤ ᠪᠠᠲᠤᠯᠠᠨ ᠲᠤᠭᠲᠠᠭᠠᠬᠤ ᠠᠵᠢᠯ ᠢ ᠵᠢᠯ ᠪᠦᠷᠢ ᠨᠢᠭᠡ ᠤᠳᠠᠭ᠎ᠠ ᠶᠠᠪᠤᠭᠳᠠᠭᠤᠯᠵᠤ᠂ ᠠᠵᠤ ᠠᠬᠤᠶᠢᠯᠠᠯ ᠵᠢᠴᠢ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠨᠢ ᠰᠠᠶᠢᠨ ᠳᠤᠷ᠎ᠠ ᠠᠴᠠ ᠪᠠᠨ ᠭᠤᠶᠤᠴᠢᠯᠠᠨ ᠮᠡᠳᠡᠭᠦᠯᠵᠦ᠂ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠨᠡᠶᠢᠭᠡᠮ ᠤᠨ ᠪᠦᠯᠬᠦᠮ᠂ ᠠᠵᠢᠯ ᠲᠥᠷᠥᠯ ᠤᠨ ᠨᠡᠶᠢᠭᠡᠮᠯᠢᠭ᠂ ᠰᠢᠨᠵᠢᠯᠡᠬᠦ ᠤᠬᠠᠭᠠᠨ ᠤ ᠰᠤᠳᠤᠯᠤᠯ ᠤᠨ ᠶᠡᠭᠡ ᠳᠡᠭᠡᠳᠦ ᠰᠤᠷᠭᠠᠭᠤᠯᠢ ᠂ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠵᠡᠷᠭᠡ ᠬᠠᠮᠲᠤ ᠪᠠᠷ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠪᠦᠷᠢᠯᠳᠦᠭᠦᠯᠦᠨ ᠬᠢᠨᠠᠨ ᠲᠣᠭᠲᠠᠭᠠᠵᠤ ᠂ ᠬᠢᠨᠠᠨ ᠲᠣᠭᠲᠠᠭᠠᠬᠤ ᠪᠠᠷ ᠳᠡᠮᠵᠢᠨ ᠬᠠᠮᠢᠶᠠᠷᠤᠯᠲᠠ ᠶᠢᠨ ᠪᠠᠶᠢᠭᠤᠯᠤᠮᠵᠢ ᠪᠠᠷ ᠵᠥᠪᠰᠢᠶᠡᠷᠡᠭᠦᠯᠵᠦ ᠳᠠᠩᠰᠠᠯᠠᠭᠤᠯᠤᠭᠰᠠᠨ ᠤ ᠳᠠᠷᠠᠭ᠎ᠠ᠂ ᠰᠠᠶ᠋ᠢ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠲᠡᠮᠳᠡᠭ ᠢ ᠬᠡᠷᠡᠭᠯᠡᠵᠦ ᠪᠣᠯᠤᠨ᠎ᠠ᠃      ︵ᠭᠤᠷᠪᠠ︶ ᠪᠦᠲᠦᠮᠵᠢᠲᠡᠶ ᠡᠵᠡᠩᠨᠡᠯᠲᠡ ᠶᠢᠨ ᠲᠣᠭᠲᠠᠴᠠ ᠶᠢ ᠪᠠᠶᠢᠭᠤᠯᠤᠨ᠎ᠠ᠃ ︽ᠵᠠᠰᠠᠭ ᠵᠠᠬᠢᠷᠭᠠᠨ ᠤ ᠬᠠᠮᠢᠶᠠᠷᠤᠯᠲᠠ + ᠲᠤᠰᠬᠠᠶᠢᠵᠢᠭᠰᠠᠨ ᠺᠣᠮᠫᠠᠨᠢ + ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ︾ ᠢ ᠬᠠᠷᠢᠯᠴᠠᠨ ᠤᠶᠠᠯᠳᠤᠭᠤᠯᠤᠭᠰᠠᠨ ᠡᠵᠡᠩᠨᠡᠯᠲᠡ ᠶᠢᠨ ᠠᠷᠭ᠎ᠠ ᠮᠠᠶ᠋ᠢᠭ ᠢ ᠠᠪᠴᠤ᠂ ᠠᠵᠢᠯ ᠲᠥᠷᠥᠯ ᠤᠨ ᠰᠠᠯᠠᠭ᠎ᠠ ᠮᠥᠴᠢᠷ ᠠᠴᠠ ᠵᠠᠰᠠᠭ ᠵᠠᠬᠢᠷᠭᠠᠨ ᠤ ᠬᠠᠮᠢᠶᠠᠷᠤᠯᠲᠠ ᠪᠠᠨ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠪᠣᠳᠠᠲᠠᠶ ᠲᠥᠷᠥᠯ ᠲᠡᠮᠳᠡᠭᠲᠦ ᠶᠢ ᠤᠬᠠᠭᠤᠯᠬᠤ᠂ ᠡᠵᠡᠩᠨᠡᠨ ᠪᠣᠷᠣᠯᠠᠭᠤᠯᠬᠤ᠂ ᠳᠡᠯᠭᠡᠷᠡᠭᠦᠯᠬᠦ᠂ ᠬᠠᠮᠠᠭᠠᠯᠠᠬᠤ ᠠᠵᠢᠯ ᠢ ᠲᠤᠰᠬᠠᠶ ᠠᠵᠢᠯ ᠤᠨ ᠺᠣᠮᠫᠠᠨᠢ ᠳᠤ ᠨᠠᠶᠢᠳᠠᠵᠤ ᠡᠭᠦᠷᠭᠡᠯᠡᠭᠦᠯᠦᠨ᠎ᠡ᠃ ᠵᠥᠪᠰᠢᠶᠡᠷᠡᠨ ᠣᠷᠣᠭᠤᠯᠵᠤ ᠪᠤᠴᠠᠭᠠᠨ ᠭᠠᠷᠭᠠᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠥᠷᠥᠯ ᠲᠡᠮᠳᠡᠭᠲᠦ ᠶᠢᠨ ᠲᠡᠮᠳᠡᠭ ᠪᠠ ᠲᠠᠸᠠᠷ ᠤᠨ ᠲᠡᠮᠳᠡᠭᠲᠦ ᠶᠢᠨ ᠲᠡᠮᠳᠡᠭ ᠤᠨ ᠬᠡᠷᠡᠭᠯᠡᠯᠲᠡ ᠶᠢ ᠴᠢᠩᠭ᠎ᠠ ᠬᠠᠮᠢᠶᠠᠷᠴᠤ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠶᠢᠳᠠᠯ᠂ ᠦᠢᠯᠡᠳᠬᠦᠨ ᠤ ᠶᠠᠰᠤ ᠴᠢᠨᠠᠷ᠂ ᠠᠵᠤ ᠠᠬᠤᠶᠢᠯᠠᠯ ᠤᠨ ᠬᠡᠪᠴᠢᠶ᠎ᠡ᠂ ᠠᠵᠤ ᠠᠬᠤᠶᠢᠯᠠᠯ ᠤᠨ ᠲᠥᠷᠥᠯ ᠲᠡᠮᠳᠡᠭᠲᠦ ᠶᠢᠨ ᠭᠡᠷᠡᠴᠢᠯᠡᠭᠡ ᠵᠡᠷᠭᠡ ᠭᠦᠢᠴᠡᠳᠬᠡᠯ ᠲᠤᠭ᠎ᠠ ᠪᠠᠷ ᠦᠨᠳᠦᠰᠦᠨ ᠪᠠᠷᠢᠮᠵᠢᠶ᠎ᠠ ᠪᠣᠯᠭᠠᠨ᠂ ᠬᠥᠳᠡᠯᠦᠩᠭᠦᠶ ᠬᠠᠮᠢᠶᠠᠷᠤᠯᠲᠠ ᠶᠢ ᠬᠢᠵᠦ᠂ ᠬᠠᠮᠢᠶ᠎ᠠ ᠪᠥᠬᠦᠶ ᠨᠥᠬᠦᠴᠡᠯ ᠳᠤ ᠥᠯᠥ ᠨᠡᠶᠢᠴᠡᠬᠦ ᠦᠢᠯᠡᠳᠬᠦᠨ ᠢ ᠴᠠᠭ ᠲᠤᠬᠠᠶ ᠳᠤᠨᠢ ᠰᠢᠭᠰᠢᠵᠦ ᠪᠤᠴᠠᠭᠠᠨ ᠭᠠᠷᠭᠠᠨ᠎ᠠ᠃      ︵ᠳᠥᠷᠪᠡ︶ ᠲᠥᠷᠥ ᠶᠢᠨ ᠪᠣᠳᠣᠯᠭ᠎ᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠬᠢᠭᠡᠳ ᠠᠷᠠᠯᠵᠢᠶ᠎ᠠ ᠬᠤᠳᠠᠯᠳᠤᠭ᠎ᠠ᠂ ᠰᠢᠨᠵᠢᠯᠡᠬᠦ ᠤᠬᠠᠭᠠᠨ ᠮᠡᠷᠭᠡᠵᠢᠯ᠂ ᠮᠥᠩᠭᠦᠨ ᠭᠦᠢᠯᠭᠡᠭᠡ ᠵᠡᠷᠭᠡ ᠲᠥᠷᠥ ᠶᠢᠨ ᠪᠣᠳᠣᠯᠭ᠎ᠠ ᠶᠢᠨ ᠭᠦᠨᠵᠡᠭᠡᠶ ᠠᠭᠤᠰᠤᠯᠴᠠᠬᠤ ᠶᠢ ᠠᠬᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠪᠦᠬᠦᠯᠢ ᠴᠣᠭᠴᠠ ᠪᠠᠷ ᠠᠬᠢᠭᠤᠯᠬᠤ ᠲᠦᠷᠥ ᠶᠢᠨ ᠪᠣᠳᠣᠯᠭ᠎ᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠪᠠᠩᠬᠢ᠂ ᠲᠡᠮᠳᠡᠭᠲᠦ᠂ ᠳᠠᠭᠠᠳᠬᠠᠯ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠳᠡᠮᠵᠢᠭᠦᠯᠵᠦ᠂ ᠪᠠᠯᠠ ᠣᠷᠣᠭᠤᠯᠵᠤ ᠪᠠᠯᠠ ᠳᠣᠭᠢᠷᠠᠭᠤᠯᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠪᠠᠯᠠ ᠮᠥᠩᠭᠦ ᠶᠢᠨ ᠢᠷᠡᠯᠲᠡ ᠶᠢᠨ ᠠᠷᠭ᠎ᠠ ᠵᠠᠮ ᠢ ᠥᠷᠭᠡᠳᠬᠡᠨ᠎ᠡ᠃      ︵ᠲᠠᠪᠤ︶ ᠣᠷᠣᠭᠤᠯᠤᠯᠲᠠ ᠶᠢᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠶᠡᠭᠡ ᠲᠤᠰᠬᠠᠶ ᠵᠦᠢᠯ + ᠡᠭᠦᠷᠭᠡ ᠶᠢᠨ ᠨᠠᠷᠢᠨ ᠬᠠᠭᠤᠲᠠᠰᠤ︾ ᠶᠢᠨ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠬᠡᠷᠡᠭᠵᠢᠭᠦᠯᠦᠨ᠎ᠡ᠃ ᠡᠯ᠎ᠡ ᠬᠤᠰᠢᠭᠤ ᠰᠢᠶᠠᠨ ᠲᠣᠭᠤᠷᠢᠭ ᠤᠨ ᠣᠷᠣᠨ ᠨᠤᠲᠤᠭ ᠤᠨ ᠠᠵᠢᠯ ᠢᠶᠠᠨ ᠥᠷᠨᠢᠭᠦᠯᠬᠦ ᠬᠡᠷᠡᠭᠴᠡᠭᠡ᠂ ᠬᠠᠮᠢᠶ᠎ᠠ ᠪᠥᠬᠦᠶ ᠬᠦᠴᠦᠨ ᠵᠦᠢᠯ ᠤᠨ ᠡᠵᠡᠯᠡᠬᠦ ᠬᠡᠮᠵᠢᠶ᠎ᠡ ᠵᠢᠴᠢ ᠳᠡᠭᠡᠷ᠎ᠡ ᠨᠢᠭᠡ ᠵᠢᠯ ᠤᠨ ᠬᠠᠷᠠᠯᠲᠠ ᠪᠠᠨ ᠪᠡᠶᠡᠯᠡᠭᠦᠯᠦᠭᠰᠡᠨ ᠪᠠᠶᠢᠳᠠᠯ ᠵᠡᠷᠭᠡ ᠶᠢ ᠦᠨᠳᠦᠰᠦᠯᠡᠨ᠂ ᠡᠭᠦᠷᠭᠡ ᠶᠢᠨ ᠨᠠᠷᠢᠨ ᠬᠠᠭᠤᠳᠠᠰᠤ ᠶᠢ ᠨᠠᠶᠢᠷᠠᠭᠤᠯᠤᠨ᠂ ᠲᠦᠰᠥᠪ ᠤᠨ ᠶᠣᠰᠣᠭᠠᠷ ᠲᠠᠰ ᠳᠠᠷᠠᠭᠠᠯᠠᠯ ᠢ ᠨᠠᠶᠢᠷᠠᠭᠤᠯᠤᠨ ᠲᠤᠭᠲᠠᠭᠠᠵᠤ᠂ ᠪᠠᠯᠠ ᠮᠥᠩᠭᠦ ᠶᠢᠨ ᠲᠥᠰᠦᠪ ᠢ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ᠎ᠡ᠃ ᠬᠢᠵᠠᠭᠠᠷᠯᠠᠬᠤ ᠴᠢᠨᠠᠷᠲᠠᠶ ᠡᠭᠦᠷᠭᠡ ᠳᠤ ᠬᠡᠷᠡᠭᠯᠡᠬᠦ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠬᠦ ᠶᠢ ᠥᠯᠥ ᠵᠥᠪᠰᠢᠶᠡᠷᠡᠬᠦ ᠠᠴᠠ ᠭᠠᠳᠠᠨ᠎ᠠ᠂ ᠡᠯ᠎ᠡ ᠬᠤᠰᠢᠭᠤ ᠰᠢᠶᠠᠨ ᠲᠣᠭᠤᠷᠢᠭ ᠲᠠᠷᠢᠶᠠᠯᠠᠩ ᠤᠨ ᠦᠢᠯᠡᠳᠪᠦᠷᠢᠯᠡᠯ ᠤᠨ ᠬᠥᠭᠵᠢᠯᠲᠡ ᠶᠢᠨ ᠵᠠᠷᠤᠯᠭ᠎ᠠ ᠶᠢᠨ ᠬᠡᠪᠴᠢᠶᠡᠨ ᠳᠣᠲᠣᠷᠠᠬᠢ ᠪᠤᠰᠤᠳ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠬᠡᠷᠡᠭᠯᠡᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃      ︵ᠵᠢᠷᠭᠤᠭ᠎ᠠ︶ ᠣᠯᠠᠨ ᠨᠡᠶᠢᠲᠡ ᠶᠢᠨ ᠦᠢᠯᠡᠴᠢᠯᠡᠭᠡ ᠶᠢ ᠲᠡᠭᠦᠯᠳᠡᠷᠵᠢᠭᠦᠯᠦᠨ᠎ᠡ᠃ ᠡᠯ᠎ᠡ ᠬᠤᠰᠢᠭᠤ ᠰᠢᠶᠠᠨ ᠲᠣᠭᠤᠷᠢᠭ᠂ ᠬᠠᠮᠢᠶ᠎ᠠ ᠪᠥᠬᠦᠶ ᠰᠠᠯᠠᠭ᠎ᠠ ᠮᠥᠴᠢᠷ ᠬᠤᠳᠠᠯᠳᠤᠭ᠎ᠠ ᠡᠷᠭᠢᠯᠡᠬᠦ ᠰᠠᠶᠢᠨ ᠰᠠᠶᠢᠬᠠᠨ ᠣᠷᠴᠢᠨ ᠨᠦᠬᠦᠴᠡᠯ ᠢ ᠢᠳᠡᠪᠬᠢᠲᠡᠶ ᠪᠠᠷ ᠪᠣᠶ ᠪᠣᠯᠭᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠦᠢᠯᠡᠴᠢᠯᠡᠭᠡᠨ ᠤ ᠦᠵᠡᠯ ᠤᠬᠠᠮᠰᠠᠷ ᠢ ᠴᠢᠩᠭᠠᠳᠬᠠᠨ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ᠣᠷᠣᠨ ᠤ ᠳᠣᠲᠣᠨ᠎ᠠ ᠭᠠᠳᠠᠨᠠᠬᠢ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠲᠥᠷᠥᠯ ᠲᠡᠮᠳᠡᠭᠲᠦ ᠶᠢ ᠲᠥᠰᠦᠪᠯᠡᠬᠦ ᠪᠠᠶᠢᠭᠤᠯᠤᠮᠵᠢ ᠪᠠ ᠡᠯ᠎ᠡ ᠲᠥᠷᠥᠯ ᠤᠨ ᠠᠵᠢᠯ ᠲᠥᠷᠥᠯ ᠤᠨ ᠨᠡᠶᠢᠭᠡᠮᠯᠢᠭ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ ᠪᠤᠶᠢᠵᠢᠭᠤᠯᠬᠤ᠂ ᠬᠠᠮᠢᠶᠠᠷᠬᠤ ᠪᠠ ᠬᠠᠮᠠᠭᠠᠯᠠᠬᠤ ᠳᠤ ᠴᠢᠭᠯᠡᠭᠦᠯᠦᠭᠰᠡᠨ ᠰᠠᠭᠤᠷᠢ ᠰᠤᠳᠤᠯᠭᠠᠨ ᠥᠷᠨᠢᠭᠦᠯᠬᠦ ᠶᠢ ᠳᠡᠮᠵᠢᠵᠦ᠂ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠪᠠ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠠᠵᠢᠯ ᠲᠥᠷᠥᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠂ ᠲᠥᠷᠥᠯ ᠲᠡᠮᠳᠡᠭᠲᠦ ᠶᠢ ᠳᠡᠯᠭᠡᠷᠡᠭᠦᠯᠦᠨ ᠡᠵᠡᠩᠨᠡᠬᠦ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠬᠢᠬᠦ᠂ ᠮᠡᠳᠡᠭᠡ ᠵᠠᠩᠭᠢ ᠯᠠᠪᠯᠠᠬᠤ ᠨᠡᠶᠢᠲᠡᠯᠡᠬᠦ᠂ ᠡᠷᠬᠡ ᠪᠠᠨ ᠬᠠᠮᠠᠭᠠᠯᠠᠬᠤ ᠵᠠᠭᠠᠯᠳᠤᠯᠭ᠎ᠠ ᠶᠢ ᠵᠣᠬᠢᠴᠠᠭᠤᠯᠬᠤ ᠵᠡᠷᠭᠡ ᠬᠤᠯᠪᠣᠭᠳᠠᠯ ᠪᠥᠬᠦᠶ ᠦᠢᠯᠡᠴᠢᠯᠡᠭᠡ ᠶᠢ ᠬᠠᠩᠭᠠᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠳᠤ ᠴᠢᠬᠤᠯᠠ ᠪᠥᠬᠦᠶ ᠰᠢᠢᠳᠪᠦᠷᠢᠲᠦ ᠪᠣᠳᠣᠯᠭ᠎ᠠ ᠶᠢᠨ ᠲᠤᠯᠭᠠᠭᠤᠷᠢᠯᠠᠯ ᠬᠠᠩᠭᠠᠨ᠎ᠠ᠃      ︵ᠳᠣᠯᠤᠭ᠎ᠠ︶ ᠪᠠᠶᠢᠴᠠᠭᠠᠵᠤ ᠰᠢᠯᠭᠠᠨ ᠦᠨᠡᠯᠡᠬᠦ ᠠᠵᠢᠯ ᠢ ᠥᠷᠨᠢᠭᠦᠯᠦᠨ᠎ᠡ᠃ ᠬᠤᠲᠠ ᠶᠢᠨ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠬᠤᠰᠢᠭᠤ ᠰᠢᠶᠠᠨ ᠲᠣᠭᠤᠷᠢᠭ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠤᠭᠰᠠᠨ ᠪᠠᠶᠢᠳᠠᠯ ︵ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ᠂ ᠤᠬᠠᠭᠤᠯᠤᠨ ᠳᠡᠯᠭᠡᠷᠡᠭᠦᠯᠬᠦ᠂ ᠵᠠᠷᠤᠳᠠᠯ ᠤᠨ ᠣᠷᠣᠭᠤᠯᠤᠯᠲᠠ᠂ ᠡᠭᠦᠷᠭᠡ ᠶᠢ ᠪᠡᠶᠡᠯᠡᠭᠦᠯᠬᠦ᠂ ᠦᠷ᠎ᠡ ᠪᠦᠲᠦᠮᠵᠢ ᠶᠢ ᠦᠨᠡᠯᠡᠬᠦ ᠵᠡᠷᠭᠡ︶ ᠳᠤ ᠲᠤᠰᠬᠠᠶ ᠲᠦᠷᠦᠯ ᠵᠦᠢᠯ ᠤᠨ ᠰᠢᠯᠭᠠᠨ ᠬᠢᠨᠠᠵᠤ ᠦᠨᠡᠯᠡᠬᠦ ᠠᠵᠢᠯ ᠢ ᠥᠷᠨᠢᠭᠦᠯᠦᠨ᠎ᠡ᠃ ᠡᠭᠦᠳᠦᠨ ᠪᠠᠶᠢᠭᠤᠯᠬᠤ ᠠᠵᠢᠯ ᠢᠶᠠᠷ ᠲᠣᠪᠤᠶᠢᠮ᠎ᠠ ᠬᠤᠰᠢᠭᠤ ᠰᠢᠶᠠᠨ ᠲᠣᠭᠤᠷᠢᠭ ᠢ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠪᠡᠯᠡᠳᠬᠡᠮᠵᠢ ᠲᠥᠬᠦᠭᠡᠷᠦᠮᠵᠢ ᠶᠢ ᠵᠡᠷᠭᠡ ᠲᠠᠰ ᠳᠡᠪᠰᠢᠭᠦᠯᠬᠦ᠂ ᠦᠢᠯᠡᠳᠬᠦᠨ ᠢ ᠰᠤᠳᠤᠯᠤᠨ ᠨᠡᠭᠡᠭᠡᠬᠦ᠂ ᠲᠥᠷᠥᠯ ᠲᠡᠮᠳᠡᠭᠲᠦ ᠶᠢ ᠡᠭᠦᠳᠬᠦ᠂ ᠬᠦᠲᠦᠴᠢ ᠠᠵᠤ ᠠᠬᠤᠶᠢᠯᠠᠯ ᠢᠶᠠᠷ ᠮᠡᠳᠡᠭᠦᠯᠬᠦ ᠵᠡᠷᠭᠡ ᠭᠤᠭᠴᠤᠭ᠎ᠠ ᠳᠤ ᠤᠷᠢᠳᠠᠪᠠᠷ ᠳᠣᠭᠢᠷᠠᠭᠤᠯᠤᠨ᠎ᠠ︔ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠴᠢᠬᠤᠯᠠᠴᠢᠯᠠᠬᠤ ᠥᠬᠡᠶ ᠪᠠ ︽ᠬᠤᠶᠠᠷ ᠪᠦᠲᠦᠭᠡᠭᠳᠡᠬᠦᠨ ᠨᠢᠭᠡ ᠪᠠᠷᠢᠮᠵᠢᠶ᠎ᠠ︾ ᠶᠢᠨ ᠭᠡᠷᠡᠴᠢᠯᠡᠯ ᠥᠬᠡᠶ ᠠᠵᠤ ᠠᠬᠤᠶᠢᠯᠠᠯ ᠳᠤ ᠲᠠᠷᠢᠶᠠᠯᠠᠩ ᠤᠨ ᠲᠥᠷᠥᠯ ᠵᠦᠢᠯ ᠤᠨ ᠪᠠᠯᠠ ᠮᠥᠩᠭᠦ ᠶᠢ ᠬᠠᠰᠤᠬᠤ ᠪᠤᠶᠤ ᠳᠣᠭᠢᠷᠠᠭᠤᠯᠵᠤ ᠥᠭᠬᠦ ᠥᠬᠡᠶ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号