11 ᠳ᠋ᠤᠭᠡᠷ ᠰᠠᠷ᠎ᠠ ᠶᠢᠨ 28 ᠤ ᠡᠳᠦᠷ ᠤᠨ 24 ᠴᠠᠭ ᠪᠣᠯᠳᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2021/11/28
     11 ᠳ᠋ᠤᠭᠡᠷ ᠰᠠᠷ᠎ᠠ ᠶᠢᠨ 28 ᠤ ᠡᠳᠦᠷ ᠤᠨ 16 ᠴᠠᠭ ᠠᠴᠠ — 24 ᠴᠠᠭ ᠪᠣᠯᠳᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ  ᠳᠤ ᠰᠡᠵᠢᠭᠯᠡᠯᠲᠡᠶ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠥᠬᠡᠶ᠂ ᠣᠷᠤᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 1 ︵ᠬᠥᠯᠥᠨ ᠪᠤᠶᠢᠷ ᠤᠨ ᠮᠠᠨᠵᠤᠤᠷ ᠬᠤᠲᠠ ᠳᠤ︶ ᠰᠢᠨ᠎ᠡ ᠪᠠᠷ ᠨᠡᠮᠡᠭᠳᠡᠪᠡ᠃ ᠰᠢᠨ᠎ᠡ ᠪᠠᠷ ᠨᠡᠮᠡᠭᠳᠡᠭᠰᠡᠨ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠶᠢᠨ ᠪᠣᠳᠠᠲᠠᠶ ᠪᠠᠶᠢᠳᠠᠯ ᠨᠢ ᠳᠣᠤᠷᠠᠬᠢ ᠮᠡᠲᠦ᠄      ᠲᠣᠳᠤᠯᠠᠭᠰᠠᠨ ᠡᠪᠡᠳᠴᠢᠨ ᠤ ᠵᠢᠱᠢᠶ᠎ᠡ᠄ ᠮᠠᠨᠵᠤᠤᠷ ᠬᠤᠲᠠ ᠶᠢᠨ ᠬᠢᠨ ᠪᠥᠬᠦ ᠬᠦᠮᠦᠰ ᠲᠤ ᠪᠥᠭᠡᠮ ᠬᠦᠴᠢᠯ ᠤᠨ ᠪᠠᠶᠢᠴᠠᠭᠠᠯᠳᠠ ᠬᠢᠬᠦ ᠳᠤ ᠠᠷᠭ᠎ᠠ ᠴᠢᠨᠠᠷ ᠢᠯᠡᠷᠡᠵᠦ᠂ 11 ᠳ᠋ᠤᠭᠡᠷ ᠰᠠᠷ᠎ᠠ ᠶᠢᠨ 28 ᠤ ᠡᠳᠦᠷ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠠᠮᠳᠤ ᠶᠢᠨ ᠣᠨᠤᠰᠢᠯᠠᠯᠲᠠ ᠪᠠᠷ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠪᠠᠷ ᠣᠨᠣᠰᠢᠯᠠᠵᠠᠶ᠃ ᠣᠳᠣᠬᠠᠨ ᠳᠤ ᠨᠢᠭᠡᠨᠲᠡ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠰᠢᠯᠵᠢᠭᠦᠯᠦᠨ ᠬᠦᠷᠭᠡᠵᠦ ᠲᠤᠰᠠᠭᠠᠷᠯᠠᠨ ᠡᠮᠨᠡᠵᠦ᠂ ᠬᠤᠯᠪᠤᠭᠳᠠᠯ ᠪᠥᠬᠦᠶ ᠲᠠᠬᠤᠯ ᠡᠪᠡᠳᠴᠢᠨ ᠤ ᠪᠠᠶᠢᠴᠠᠭᠠᠯᠲᠠ᠂ ᠵᠢᠭᠰᠠᠭᠠᠨ ᠪᠠᠶᠢᠴᠠᠭᠠᠬᠤ ᠵᠡᠷᠭᠡ ᠠᠵᠢᠯ ᠮᠦᠨ ᠬᠦ ᠶᠠᠪᠤᠭᠳᠠᠵᠤ ᠪᠠᠶᠢᠨ᠎ᠠ᠃      11 ᠳ᠋ᠤᠭᠡᠷ ᠰᠠᠷ᠎ᠠ ᠶᠢᠨ 28 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 20 ︵ᠴᠥᠮ ᠬᠥᠯᠥᠨ ᠪᠤᠶᠢᠷ ᠤᠨ ᠮᠠᠨᠵᠤᠤᠷ ᠬᠤᠲᠠ ᠳᠤ ᠪᠣᠶ︶ ᠪᠠᠶᠢᠵᠤ᠂ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠳᠠᠭᠴᠢ 2 ︵ᠴᠥᠮ ᠬᠥᠯᠥᠨ ᠪᠤᠶᠢᠷ ᠤᠨ ᠮᠠᠨᠵᠤᠤᠷ ᠬᠤᠲᠠ ᠳᠤ ᠪᠣᠶ︶ ᠪᠠᠶᠢᠵᠤ᠂ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠨᠡᠵᠦ᠂ ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠷᠡᠭᠦᠯ ᠬᠠᠮᠠᠭᠠᠯᠠᠯ ᠡᠷᠡᠭᠦᠯ ᠮᠡᠨᠳᠦ  ᠶᠢᠨ ᠵᠥᠪᠯᠡᠯ ᠤᠨ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号