ᠮᠠᠨ ᠤ ᠬᠤᠲᠠ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠶᠢ ᠦᠷᠭᠦᠯᠵᠢᠯᠡᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2021/11/30
     ︵ᠰᠤᠷᠪᠤᠯᠵᠢᠯᠠᠭᠴᠢ ᠯᠢᠦ ᠯᠢ ᠰᠢᠶᠠ︶ ᠡᠯ᠎ᠡ ᠬᠤᠰᠢᠭᠤ ᠰᠢᠶᠠᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠤᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠦᠲᠦᠮᠵᠢᠲᠡᠶ ᠲᠦᠯᠬᠢᠨ ᠠᠬᠢᠭᠤᠯᠬᠤ ᠶᠢᠨ ᠲᠥᠯᠥᠭᠡ᠂ ᠡᠨᠡ ᠵᠢᠯ ᠠᠴᠠ ᠨᠠᠰᠢ᠂ ᠮᠠᠨ ᠤ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠵᠢᠴᠢ ᠡᠯ᠎ᠡ ᠰᠠᠯᠠᠭ᠎ᠠ ᠮᠥᠴᠢᠷ ᠤᠨ ᠬᠢᠨ ᠢᠳᠡᠪᠬᠢᠲᠡᠶ ᠬᠥᠳᠡᠯᠦᠯᠴᠡᠵᠦ᠂ ᠲᠣᠰᠬᠤᠨ ᠤ ᠳᠦᠷᠰᠦ ᠪᠠᠶᠢᠳᠠᠯ ᠢ ᠴᠡᠭᠴᠡᠯᠡᠨ ᠰᠠᠶᠢᠵᠢᠷᠠᠭᠤᠯᠬᠤ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠴᠡᠪᠡᠷᠯᠡᠵᠦ ᠵᠠᠰᠠᠬᠤ ᠠᠵᠢᠯ ᠢ ᠳᠥᠯᠭᠢᠨ ᠠᠬᠢᠭᠤᠯᠬᠤ ᠵᠡᠷᠭᠡ ᠠᠵᠢᠯ ᠤᠨ ᠡᠭᠦᠷᠭᠡ ᠶᠢᠨ ᠲᠣᠭᠤᠷᠢᠨ ᠳᠤ᠂ ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠪᠡᠷᠬᠡ ᠰᠡᠳᠦᠪ ᠢ ᠲᠥᠪᠯᠡᠷᠡᠭᠦᠯᠦᠨ ᠰᠢᠢᠳᠪᠦᠷᠢᠯᠡᠵᠦ᠂ ᠮᠠᠨ ᠤ ᠬᠤᠲᠠ ᠶᠢᠨ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠲᠠᠰᠤᠷᠠᠯᠲᠠ ᠥᠬᠡᠶ ᠰᠠᠶᠢᠵᠢᠷᠠᠭᠤᠯᠪᠠ᠃ ᠣᠶᠢᠷ᠎ᠠ ᠳᠤ᠂ ᠬᠤᠲᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠰᠢᠮᠳᠠᠭᠤᠯᠤᠨ ᠪᠠᠶᠢᠴᠠᠭᠠᠵᠤ ᠪᠠᠶᠢᠴᠠᠭᠠᠨ ᠰᠤᠳᠤᠯᠬᠤ ᠳᠤᠭᠤᠶᠢᠯᠠᠩ ᠪᠠᠶᠢᠭᠤᠯᠵᠤ᠂ ᠲᠦᠮᠡᠳ ᠵᠡᠭᠦᠨ ᠬᠤᠰᠢᠭᠤ᠂ ᠦᠴᠤᠸᠠᠨ ᠰᠢᠶᠠᠨ᠂ ᠬᠤᠷᠢᠨᠭᠡᠷ ᠰᠢᠶᠠᠨ᠂ ᠲᠣᠭᠲᠠᠬᠤ ᠰᠢᠶᠠᠨ᠂ ᠴᠢᠩ ᠱᠦᠶ ᠾᠧ ᠰᠢᠶᠠᠨ ᠳᠤ ᠭᠦᠨᠵᠡᠭᠡᠶᠢᠷᠡᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠡᠯ᠎ᠡ ᠵᠦᠢᠯ ᠤᠨ ᠠᠵᠢᠯ ᠪᠠ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠢ ᠰᠢᠮᠳᠠᠭᠤᠯᠤᠨ ᠪᠠᠶᠢᠴᠠᠭᠠᠵᠤ ᠪᠠᠶᠢᠴᠠᠭᠠᠨ ᠰᠤᠳᠤᠯᠪᠠ᠃      ᠰᠢᠮᠳᠠᠭᠤᠯᠤᠨ ᠪᠠᠶᠢᠴᠠᠭᠠᠵᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠡᠯ᠎ᠡ ᠬᠤᠰᠢᠭᠤ ᠰᠢᠶᠠᠨ ᠤ ᠭᠤᠣᠯ ᠳᠡᠳ᠋ ᠵᠠᠮ᠂ ᠠᠮᠢᠳᠤᠷᠠᠯ ᠤᠨ ᠬᠤᠭ ᠨᠣᠪᠰᠢ ᠶᠢ ᠬᠤᠣᠷ ᠦᠭᠡᠶᠢᠳᠡᠭᠦᠯᠦᠨ ᠪᠤᠯᠠᠵᠤ ᠰᠢᠢᠳᠪᠦᠷᠢᠯᠡᠬᠦ ᠦᠢᠯᠡᠳᠪᠦᠷᠢ᠂ ᠵᠡᠭᠡᠯᠢ ᠭᠤᠳᠤᠮᠵᠢ ᠶᠢᠨ ᠠᠷᠤ ᠵᠠᠮ ᠳᠤ ᠭᠦᠨᠵᠡᠭᠡᠶᠢᠷᠡᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠵᠠᠮ ᠴᠡᠪᠡᠷᠯᠡᠭᠰᠡᠨ᠂ ᠬᠤᠭ ᠨᠣᠪᠰᠢ ᠶᠢ ᠴᠡᠪᠡᠷᠯᠡᠭᠰᠡᠨ᠂ ᠪᠣᠬᠢᠷ ᠤᠰᠤ ᠶᠢ ᠵᠠᠰᠠᠭᠰᠠᠨ᠂ ᠪᠠᠭ᠎ᠠ ᠵᠡᠭᠡᠯᠢ ᠭᠤᠳᠤᠮᠵᠢ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠠᠶᠢᠳᠠᠯ᠂ ᠬᠤᠭ ᠤᠨ ᠰᠠᠪᠠ ᠬᠠᠶᠢᠷᠴᠠᠭ ᠢ ᠴᠡᠪᠡᠷᠯᠡᠵᠦ ᠵᠦᠯᠭᠦᠭᠰᠡᠨ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ ᠶᠢᠨ ᠤᠯᠠᠨ ᠨᠡᠶᠢᠲᠡ ᠶᠢᠨ ᠠᠷᠢᠭᠤᠨ ᠴᠡᠪᠡᠷ ᠤᠨ ᠲᠠᠰᠤᠯᠭ᠎ᠠ᠂ ᠬᠤᠭ ᠨᠣᠪᠰᠢ ᠶᠢ ᠲᠦᠷᠦᠯ ᠬᠤᠪᠢᠶᠠᠭᠰᠠᠨ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠶᠢᠨ ᠬᠠᠮᠲᠤ ᠂ ᠬᠡᠰᠡᠭ ᠰᠢᠶᠠᠩ ᠪᠠᠯᠭᠠᠰᠤ᠂ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠭᠰᠡᠨ᠂  ᠨᠡᠶᠢᠲᠡ ᠶᠢᠨ ᠵᠣᠷᠯᠣᠩ ᠤᠨ ᠪᠦᠲᠦᠭᠡᠨ ᠪᠠᠶᠢᠭᠤᠯᠤᠯᠲᠠ᠂ ᠵᠠᠮ ᠢ ᠱᠦᠭᠦᠷᠳᠡᠵᠦ ᠴᠡᠪᠡᠷᠯᠡᠭᠰᠡᠨ ᠠᠵᠢᠯ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠵᠢᠯᠣᠭᠤᠳᠴᠠᠢ᠃ ᠪᠠᠶᠢᠴᠠᠭᠠᠯᠲᠠ ᠳᠤᠮᠳᠠ᠂ ᠠᠮᠢᠳᠤᠷᠠᠯ ᠤᠨ ᠬᠤᠭ ᠨᠣᠪᠰᠢ ᠶᠢ ᠬᠤᠤᠷ ᠦᠭᠡᠶᠢᠳᠡᠭᠦᠯᠦᠨ ᠪᠤᠯᠠᠵᠤ ᠰᠢᠢᠳᠪᠦᠷᠢᠯᠡᠬᠦ ᠦᠢᠯᠡᠳᠪᠦᠷᠢ ᠶᠢᠨ ᠡᠵᠡᠩᠨᠡᠯᠲᠡ ᠶᠢᠨ ᠪᠠᠶᠢᠳᠠᠯ ᠵᠢᠴᠢ ᠲᠡᠭᠦᠨ ᠤ ᠡᠮᠦᠨᠡᠬᠢ ᠬᠤᠭᠤᠴᠠᠭᠠᠨ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠣᠷᠪᠣᠰ ᠳᠠᠷᠠᠭᠠᠯᠠᠨ ᠪᠠᠷᠢᠮᠵᠢᠶ᠎ᠠ ᠳᠤ ᠬᠠᠷᠢᠴᠠᠭᠤᠯᠤᠨ ᠪᠠᠶᠢᠴᠠᠭᠠᠭᠰᠠᠨ ᠪᠥᠭᠡᠳ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠠᠵᠢᠯ ᠤᠨ ᠲᠡᠷᠭᠡ ᠵᠢᠴᠢ ᠡᠪᠦᠯ ᠤᠨ ᠤᠯᠠᠷᠢᠯ ᠤᠨ ᠴᠠᠰᠤ ᠠᠷᠢᠯᠭᠠᠬᠤ ᠮᠥᠰᠥ ᠠᠷᠢᠯᠭᠠᠬᠤ ᠮᠠᠰᠢᠨ ᠪᠠᠭᠠᠵᠢ ᠶᠢ ᠠᠷᠠᠴᠢᠯᠠᠨ ᠬᠠᠮᠠᠭᠠᠯᠠᠵᠤ ᠪᠠᠶᠢᠭ᠎ᠠ ᠪᠠᠶᠢᠳᠠᠯ᠂ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠠᠵᠢᠯᠴᠢᠨ ᠤ ᠴᠠᠯᠢᠩ ᠬᠥᠯᠥᠰᠦ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃ ᠡᠭᠦᠨ ᠠᠴᠠ ᠭᠠᠳᠠᠨ᠎ᠠ᠂ ᠣᠳᠣᠬᠢ ᠱᠠᠲᠤᠨ ᠤ ᠵᠠᠮ ᠴᠡᠪᠡᠷᠯᠡᠬᠦ ᠠᠵᠢᠯ ᠤᠨ ᠮᠠᠰᠢᠨᠴᠢᠯᠠᠭᠰᠠᠨ ᠨᠣᠷᠮ᠎ᠠ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠭᠰᠡᠨ ᠪᠠᠶᠢᠳᠠᠯ᠂ ᠳᠣᠷᠣᠭᠰᠢ ᠪᠠᠭᠤᠯᠭᠠᠭᠰᠠᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠤᠰᠬᠠᠶ ᠪᠠᠯᠠ ᠮᠥᠩᠭᠦ ᠶᠢ ᠬᠡᠷᠡᠭᠯᠡᠭᠰᠡᠨ ᠪᠠᠶᠢᠳᠠᠯ᠂ ᠡᠯ᠎ᠡ ᠲᠥᠷᠥᠯ ᠤᠨ ᠲᠠᠩᠰᠠ ᠡᠪᠬᠡᠮᠡᠯ ᠤᠨ ᠮᠠᠲ᠋ᠧᠷᠢᠶᠠᠯ ᠢ ᠲᠡᠭᠦᠯᠳᠡᠷᠵᠢᠭᠦᠯᠦᠭᠰᠡᠨ ᠪᠠᠶᠢᠳᠠᠯ ᠵᠢᠴᠢ ᠬᠠᠮᠢᠶ᠎ᠠ ᠪᠥᠬᠦᠶ ᠵᠦᠢᠯᠡᠰ ᠤᠨ ᠲᠤᠬᠠᠶ᠂ ᠰᠢᠮᠳᠠᠭᠤᠯᠤᠨ ᠪᠠᠶᠢᠴᠠᠭᠠᠵᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠤᠬᠠᠶ ᠶᠢᠨ ᠭᠠᠵᠠᠷ ᠲᠤᠨᠢ ᠬᠢᠨᠠᠨ ᠬᠠᠷᠭᠤᠭᠤᠯᠵᠤ᠂ ᠵᠢᠯᠣᠭᠤᠳᠬᠤ ᠴᠢᠨᠠᠷᠲᠠᠶ ᠰᠠᠨᠠᠭᠤᠯᠭ᠎ᠠ ᠳᠤᠷᠠᠳᠪᠠ᠃      ᠬᠤᠶᠢᠰᠢᠳᠠ᠂ ᠮᠠᠨ ᠤ ᠬᠤᠲᠠ ᠪᠠᠰᠠ ᠦᠷᠭᠦᠯᠵᠢᠯᠡᠨ ᠰᠢᠮᠳᠠᠭᠤᠯᠤᠨ ᠪᠠᠶᠢᠴᠠᠭᠠᠵᠤ᠂ ᠪᠠᠶᠢᠴᠠᠭᠠᠯᠲᠠ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠨᠢᠭᠡ ᠠᠴᠠ ᠨᠥᠬᠦᠭᠡ ᠶᠢ ᠵᠦᠢᠴᠢᠯᠡᠨ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠢᠷᠮᠠᠶᠢᠨ ᠰᠠᠶᠢᠵᠢᠷᠠᠭᠤᠯᠵᠤ᠂ ᠣᠯᠠᠨ ᠲᠦᠮᠡᠨ ᠤ ᠵᠣᠯ ᠵᠢᠷᠭᠠᠯᠲᠤ  ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠪᠣᠯᠣᠨ᠎ᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号