ᠬᠢᠯᠢ ᠶᠢᠨ ᠭᠠᠳᠠᠨᠠᠬᠢ ᠪᠠ ᠤᠯᠤᠰ ᠤᠨ ᠳᠣᠲᠣᠭᠠᠳᠤ ᠶᠢᠨ ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠤ ᠵᠢᠭᠤᠯᠴᠢᠯᠠᠯ ᠤᠨ ᠲᠡᠣᠬᠡ ᠲᠠᠢ ︵ᠪᠤᠴᠠᠬᠤ︶ ᠦᠴᠤᠸᠠᠨ ᠰᠢᠶᠠᠨ ᠤ ᠬᠥᠮᠦᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2021/11/5
                             ︵2021 ᠣᠨ ᠤ 23 ᠳ᠋ᠤᠭᠠᠷ ᠲᠣᠭᠠᠲᠤ︶      ᠪᠥᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠢᠵᠢᠭ ᠤᠨ ᠥᠷᠭᠡᠵᠢᠨ ᠳᠡᠯᠭᠡᠷᠡᠬᠦ ᠶᠢ ᠴᠢᠩᠭ᠎ᠠ ᠰᠡᠷᠭᠡᠶᠢᠯᠡᠨ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠣᠲᠣ ᠬᠢᠯᠢ ᠶᠢᠨ ᠭᠠᠳᠠᠨᠠᠬᠢ ᠪᠠ ᠤᠯᠤᠰ ᠤᠨ ᠳᠣᠲᠣᠭᠠᠳᠤ ᠶᠢᠨ ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ ᠣᠷᠤᠨ ᠢᠶᠠᠷ ᠵᠢᠭᠤᠯᠴᠢᠯᠠᠭᠰᠠᠨ ᠲᠡᠣᠬᠡ ᠲᠠᠢ ︵ᠪᠤᠴᠠᠵᠤ ᠢᠷᠡᠭᠰᠡᠨ︶ ᠮᠠᠨ ᠤ ᠰᠢᠶᠠᠨ ᠳᠤ ᠢᠷᠡᠭᠰᠡᠨ ᠬᠥᠮᠦᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠠᠵᠢᠯ ᠢ ᠴᠢᠩᠭᠠᠳᠬᠠᠬᠤ ᠲᠤᠬᠠᠶ ᠳᠣᠤᠷᠠᠬᠢ ᠮᠡᠲᠦ ᠵᠠᠷᠯᠠᠶ᠎ᠠ᠄      ᠨᠢᠭᠡ᠂ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠠᠵᠢᠯ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠰᠢᠶᠠᠩ ᠪᠠᠯᠭᠠᠰᠤ᠂ ᠡᠯ᠎ᠡ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠢᠨ ᠬᠢᠯᠢ ᠶᠢᠨ ᠭᠠᠳᠠᠨᠠᠬᠢ ᠪᠠ ᠤᠯᠤᠰ ᠤᠨ ᠳᠣᠲᠣᠭᠠᠳᠤ ᠶᠢᠨ ᠳᠤᠮᠳᠠ ᠠᠶᠤᠯ ᠲᠦᠭᠰᠢᠭᠦᠷᠢ ᠶᠡᠬᠡᠲᠡᠢ ᠭᠠᠵᠠᠷ ᠣᠷᠣᠨ ᠢᠶᠠᠷ ᠵᠢᠭᠤᠯᠴᠢᠯᠠᠭᠰᠠᠨ ᠲᠡᠣᠬᠡ ᠲᠠᠢ  ︵ᠪᠤᠴᠠᠵᠤ ᠢᠷᠡᠭᠰᠡᠨ︶ ᠮᠠᠨ ᠤ ᠰᠢᠶᠠᠨ ᠳᠤ ᠢᠷᠡᠭᠰᠡᠨ ᠬᠥᠮᠦᠰ ᠢ  ᠵᠢᠭᠰᠠᠭᠠᠨ ᠪᠠᠶᠢᠴᠠᠭᠠᠬᠤ ᠪᠠ ᠬᠠᠮᠢᠶᠠᠷᠤᠨ ᠡᠵᠡᠮᠳᠡᠬᠦ ᠠᠵᠢᠯ ᠢ ᠦᠨᠡᠨᠬᠦ ᠴᠢᠩᠭᠠᠳᠬᠠᠵᠤ᠂ ᠬᠠᠮᠢᠶ᠎ᠠ ᠪᠦᠬᠦᠢ ᠮᠡᠳᠡᠭᠡ ᠵᠠᠩᠭᠢ ᠶᠢ ᠡᠵᠡᠮᠰᠢᠭᠰᠡᠨ ᠤ ᠳᠠᠷᠠᠭ᠎ᠠ᠂ ᠲᠡᠷᠡ ᠳᠠᠷᠤᠢ ᠳᠤᠨᠢ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠪᠤᠶᠤ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠲᠤ ᠮᠡᠳᠡᠭᠦᠯᠬᠦ ᠶᠢᠨ ᠬᠠᠮᠲᠤ ᠲᠤᠰᠠᠭᠠᠷᠯᠠᠨ ᠬᠠᠮᠢᠶᠠᠷᠤᠨ ᠡᠵᠡᠮᠳᠡᠬᠦ᠂ ᠪᠥᠭᠡᠮ ᠬᠦᠴᠢᠯ ᠢ ᠰᠢᠯᠭᠠᠨ ᠪᠠᠶᠢᠴᠠᠭᠠᠬᠤ ᠪᠠ ᠠᠨᠠᠭᠠᠬᠤ ᠤᠬᠠᠭᠠᠨ ᠤ ᠠᠵᠢᠭᠯᠠᠯᠲᠠ ᠶᠢᠨ ᠠᠷᠭ᠎ᠠ ᠬᠡᠮᠵᠢᠶ᠎ᠡ ᠶᠢ ᠳᠠᠷᠦ᠋ᠢᠬᠠᠨ ᠨᠠᠶᠢᠳᠠᠪᠤᠷᠢᠵᠢᠭᠤᠯᠬᠤ ᠬᠡᠷᠡᠭᠲᠡᠢ᠃      ᠬᠤᠶᠠᠷ᠂ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠦᠨ᠎ᠡ᠃ ᠬᠢᠯᠢ ᠶᠢᠨ ᠭᠠᠳᠠᠨᠠᠬᠢ ᠪᠠ ᠤᠯᠤᠰ ᠤᠨ ᠳᠣᠲᠣᠭᠠᠳᠤ ᠶᠢᠨ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠮᠠᠨ ᠤ ᠰᠢᠶᠠᠨ ᠳᠤ ᠢᠷᠡᠬᠦ ︵ᠪᠤᠴᠠᠬᠤ︶ ᠬᠥᠮᠦᠰ ᠡᠷᠬᠡᠪᠰᠢ ᠲᠡᠷᠡ ᠳᠠᠷᠤᠶ ᠳᠤᠨᠢ ᠰᠠᠨᠠᠭᠠᠴᠢᠯᠠᠭ᠎ᠠ ᠠᠴᠠ ᠪᠠᠨ ᠨᠡᠶᠢᠭᠡᠮ ᠲᠣᠭᠤᠷᠢᠭ᠂ ᠲᠣᠰᠬᠤᠨ ᠤ ᠨᠠᠮ ᠤᠨ ᠬᠤᠷᠢᠶ᠎ᠠ᠂ ᠬᠠᠷᠢᠶ᠎ᠠ ᠭᠠᠵᠠᠷ ᠤᠨ ᠲᠣᠮᠢᠯᠠᠭᠰᠠᠨ ᠰᠠᠯᠪᠤᠷᠢ ᠳᠤ ᠬᠤᠪᠢ ᠬᠥᠮᠦᠨ ᠤ ᠦᠨᠳᠦᠰᠦᠨ ᠪᠠᠶᠢᠳᠠᠯ᠂ ᠪᠦᠷᠢᠨ ᠪᠦᠲᠦᠨ ᠵᠢᠭᠤᠯᠴᠢᠯᠠᠵᠤ ᠰᠠᠭᠤᠬᠤ ᠠᠶᠠᠨ ᠵᠠᠮ ᠵᠡᠷᠭᠡ ᠨᠠᠷᠢᠨ ᠲᠣᠳᠣᠷᠬᠠᠶ ᠮᠡᠳᠡᠭᠡ ᠵᠠᠩᠭᠢ ᠪᠠᠨ ᠦᠨᠡᠨ ᠮᠥᠨ ᠢᠶᠠᠷ ᠨᠢ ᠮᠡᠳᠡᠭᠦᠯᠵᠦ᠂ ᠬᠠᠷᠠᠬᠠᠨ ᠮᠡᠳᠡᠭᠦᠯᠦᠨ ᠳᠠᠩᠰᠠᠯᠠᠭᠤᠯᠤᠭᠠᠳᠤᠶ ᠪᠠᠶᠢᠪᠠᠯ ᠲᠡᠷᠡ ᠳᠠᠷᠤᠶ ᠳᠤᠨᠢ ᠰᠠᠨᠠᠭᠠᠴᠢᠯᠠᠭ᠎ᠠ ᠠᠴᠠ ᠪᠠᠨ ᠪᠦᠷᠢᠳᠬᠡᠨ ᠳᠠᠩᠰᠠᠯᠠᠭᠤᠯᠬᠤ ᠶᠢᠨ ᠬᠠᠮᠲᠤ ᠡᠷᠡᠭᠦᠯ ᠮᠡᠨᠳᠦ ᠶᠢᠨ ᠬᠠᠮᠢᠶᠠᠷᠤᠯᠲᠠ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠤᠬᠠᠮᠰᠠᠷ ᠠᠴᠠ ᠪᠠᠨ ᠬᠠᠮᠵᠢᠯᠴᠠᠬᠤ ᠬᠡᠷᠡᠭᠲᠡᠶ᠃ ᠤᠳᠠᠭᠠᠰᠢᠷᠠᠭᠤᠯᠤᠨ ᠮᠡᠳᠡᠭᠦᠯᠵᠦ᠂ ᠳᠠᠷᠤᠭᠠᠳ ᠮᠡᠳᠡᠭᠦᠯᠬᠦ ᠦᠭᠡᠢ᠂ ᠮᠡᠳᠡᠭᠦᠯᠬᠦ ᠦᠭᠡᠢ ᠪᠠᠶᠢᠵᠤ ᠪᠣᠯᠬᠤ ᠦᠭᠡᠢ᠃ ᠤᠳᠠᠭᠠᠰᠢᠷᠠᠭᠤᠯᠤᠨ ᠮᠡᠳᠡᠭᠦᠯᠦᠭᠰᠡᠨ᠂ ᠮᠡᠳᠡᠭᠦᠯᠬᠦ ᠥᠬᠡᠶ ᠨᠢᠭᠤᠭᠰᠠᠨ᠂ ᠮᠡᠳᠡᠭᠦᠯᠬᠦ ᠥᠬᠡᠶ ᠪᠠᠶᠢᠪᠠᠯ᠂ ᠬᠠᠮᠢᠶ᠎ᠠ ᠪᠥᠬᠦᠶ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠨᠢ ᠬᠠᠤᠯᠢ ᠶᠣᠰᠣᠭᠠᠷ ᠴᠢᠩᠭ᠎ᠠ ᠨᠡᠬᠡᠮᠵᠢᠯᠡᠬᠦ ᠬᠡᠷᠡᠭᠲᠡᠶ᠃      ᠭᠤᠷᠪᠠ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ ᠳᠠᠶᠢᠴᠢᠯᠠᠨ ᠢᠳᠡᠪᠬᠢᠲᠡᠶ ᠪᠠᠷ ᠢᠯᠡᠴᠢᠯᠡᠨ ᠮᠡᠳᠡᠭᠦᠯᠬᠦ ᠬᠡᠷᠡᠭᠲᠡᠶ᠃ ᠡᠯ᠎ᠡ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠤᠷᠭᠠᠭᠤᠯᠢ᠂ ᠲᠣᠰᠬᠤᠨ ᠤ ᠨᠠᠮ ᠤᠨ ᠬᠤᠷᠢᠶ᠎ᠠ᠂ ᠨᠡᠶᠢᠭᠡᠮ ᠲᠣᠭᠤᠷᠢᠭ ᠵᠢᠴᠢ ᠵᠣᠴᠢᠳ ᠤᠨ ᠪᠠᠭᠤᠳᠠᠯ᠂ ᠭᠡᠷ ᠪᠠᠶᠢᠰᠢᠩ ᠲᠦᠷᠢᠶᠡᠰᠦᠯᠡᠬᠦ ᠨᠢᠭᠡᠴᠡ ᠪᠤᠶᠤ ᠬᠤᠪᠢ ᠬᠥᠮᠦᠨ᠂ ᠬᠢᠯᠢ ᠶᠢᠨ ᠭᠠᠳᠠᠨᠠᠬᠢ᠂ ᠤᠯᠤᠰ ᠤᠨ ᠳᠣᠲᠣᠭᠠᠳᠤ ᠶᠢᠨ ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠪᠤᠶᠤ ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠤ ᠵᠢᠭᠤᠯᠴᠢᠯᠠᠨ ᠲᠡᠤᠬᠡ ᠲᠠᠢ ᠮᠠᠨ ᠤ ᠰᠢᠶᠠᠨ ᠤ ᠬᠥᠮᠦᠰ ᠤᠨ ᠬᠤᠯᠪᠣᠭᠳᠠᠯ ᠪᠥᠬᠦᠶ ᠮᠡᠳᠡᠭᠡ ᠵᠠᠩᠭᠢ ᠶᠢ ᠣᠶᠢᠯᠠᠭᠠᠭᠰᠠᠨ ᠤ ᠳᠠᠷᠠᠭ᠎ᠠ᠂ ᠡᠷᠬᠡᠪᠰᠢ ᠬᠠᠮᠤᠭ ᠤᠨ ᠲᠡᠷᠢᠭᠦᠨ ᠳᠤ ᠬᠠᠷᠢᠶ᠎ᠠ ᠭᠠᠵᠠᠷ ᠤᠨ ᠲᠣᠮᠢᠯᠠᠭᠰᠠᠨ ᠰᠠᠯᠪᠤᠷᠢ᠂ ᠨᠡᠶᠢᠭᠡᠮ ᠲᠣᠭᠤᠷᠢᠭ᠂ ᠲᠣᠰᠬᠤᠨ ᠤ ᠨᠠᠮ ᠤᠨ ᠬᠤᠷᠢᠶ᠎ᠠ ᠳᠤ ᠮᠡᠳᠡᠭᠦᠯᠬᠦ ᠬᠡᠷᠡᠭᠲᠡᠶ᠂ ᠡᠰᠡᠬᠦᠯ᠎ᠡ ᠪᠠᠶᠢᠭ᠎ᠠ ᠭᠠᠵᠠᠷ ᠤᠨ ᠵᠢᠯᠣᠭᠤᠳᠬᠤ ᠭᠠᠵᠠᠷ ᠪᠤᠶᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠂ ᠥᠷᠭᠡᠨ ᠣᠯᠠᠨ ᠰᠠᠭᠤᠭᠠᠯᠢ ᠠᠷᠠᠳ ᠤᠨ ᠢᠳᠡᠪᠬᠢᠲᠡᠶ ᠪᠠᠷ ᠢᠯᠡᠴᠢᠯᠡᠨ ᠮᠡᠳᠡᠭᠦᠯᠬᠦ ᠶᠢ ᠬᠦᠰᠡᠵᠦ ᠪᠠᠶᠢᠨ᠎ᠠ᠃      ᠳᠥᠷᠪᠡ᠂ ᠣᠯᠠᠨ ᠨᠡᠶᠢᠲᠡ ᠶᠢᠨ ᠲᠠᠯᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠥᠷᠭᠡᠨ ᠣᠯᠠᠨ ᠰᠠᠭᠤᠭᠠᠯᠢ ᠠᠷᠠᠳ ᠣᠯᠠᠨ ᠨᠡᠶᠢᠲᠡ ᠶᠢᠨ ᠲᠠᠯᠠᠪᠤᠷ ᠲᠤ ᠣᠷᠣᠬᠤ ᠳᠠᠭᠠᠨ ᠠᠵᠢᠯᠲᠠᠨ ᠤ ᠵᠢᠯᠣᠭᠤᠳᠣᠯᠭ᠎ᠠ ᠶᠢ ᠳᠠᠭᠠᠵᠤ᠂ ᠠᠮᠠᠪᠴᠢ ᠶᠢ ᠰᠢᠨᠵᠢᠯᠡᠬᠦ ᠤᠬᠠᠭᠠᠨᠴᠢ ᠪᠠᠷ ᠵᠡᠭᠦᠵᠦ᠂ ᠳᠤᠯᠠᠭᠠᠨ ᠤ ᠬᠡᠮᠵᠢᠶ᠎ᠡ ᠶᠢ ᠬᠡᠮᠵᠢᠬᠦ᠂ ᠨᠣᠮᠧᠷ ᠢ ᠰᠢᠯᠭᠠᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠨᠠᠶᠢᠳᠠᠪᠤᠷᠢᠵᠢᠭᠤᠯᠵᠤ᠂ 1 ᠮᠧᠲᠷ ᠠᠴᠠ ᠳᠡᠭᠡᠭᠰᠢᠬᠢ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ ᠶᠢ ᠠᠩᠬᠠᠷᠬᠤ ᠬᠡᠷᠡᠭᠲᠡᠶ᠃ ᠲᠥᠷᠥᠯ ᠰᠠᠳᠤᠨ ᠨᠠᠶᠢᠵᠠ ᠨᠥᠬᠦᠳ ᠲᠠᠢ ᠪᠠᠨ ᠠᠭᠤᠯᠵᠠᠬᠤ ᠥᠬᠡᠶ ᠪᠠᠶᠢᠬᠤ ᠶᠢ ᠰᠠᠨᠠᠭᠠᠴᠢᠯᠠᠵᠤ᠂ ᠵᠠᠪᠠᠯ ᠬᠥᠮᠦᠨ ᠣᠯᠠᠨ ᠴᠤᠭᠯᠠᠷᠠᠬᠤ ᠲᠠᠯᠠᠪᠤᠷ ᠲᠤ ᠣᠴᠢᠬᠤ ᠥᠬᠡᠶ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠤᠨ ᠳᠤᠮᠳᠠᠬᠢ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠳᠤ ᠣᠴᠢᠵᠤ ᠵᠢᠭᠤᠯᠴᠢᠯᠠᠬᠤ ᠥᠬᠡᠶ ᠪᠠᠶᠢᠬᠤ ᠶᠢ ᠰᠠᠨᠠᠭᠠᠴᠢᠯᠠᠨ᠎ᠠ᠃ ᠦᠨᠡᠬᠡᠷ ᠣᠴᠢᠬᠤ ᠴᠢᠬᠤᠯᠠ ᠲᠠᠢ ᠪᠣᠯ ᠪᠠᠶᠢᠭ᠎ᠠ ᠭᠠᠵᠠᠷ ᠤᠨ ᠢᠶᠠᠨ ᠨᠡᠶᠢᠭᠡᠮ ᠲᠣᠭᠤᠷᠢᠭ ︵ᠲᠣᠰᠬᠤᠨ︶᠂ ᠨᠢᠭᠡᠴᠡ ᠳᠤ ᠮᠡᠳᠡᠭᠦᠯᠵᠦ ᠵᠥᠪᠰᠢᠶᠡᠷᠡᠭᠦᠯᠬᠦ ᠶᠢᠨ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ ᠤ ᠳᠠᠷᠠᠭ᠎ᠠ ᠰᠠᠶ᠋ᠢ ᠤᠷᠤᠭᠰᠢᠯᠠᠵᠤ ᠪᠣᠯᠤᠨ᠎ᠠ᠃      ᠡᠭᠦᠨ ᠤ ᠲᠤᠯᠠ ᠣᠨᠴᠠᠭᠠᠶᠢᠯᠠᠨ ᠵᠠᠷᠯᠠᠪᠠ      ᠦᠴᠤᠸᠠᠨ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ      0471-8812046      ᠦᠴᠤᠸᠠᠨ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ      0471-8822235      ᠬᠦᠬᠡ ᠡᠷᠭᠢ ᠪᠠᠯᠭᠠᠰᠤᠨ ᠤ ᠵᠢᠯᠣᠭᠤᠳᠬᠤ ᠭᠠᠵᠠᠷ      0471-8812219 15391129946      ᠬᠤᠭᠤᠯᠠᠢ ᠠᠭᠤᠯᠠ ᠰᠢᠶᠠᠩ ᠤᠨ ᠵᠢᠯᠣᠭᠤᠳᠬᠤ ᠭᠠᠵᠠᠷ      0471-8875136 1394712009 3       ᠳᠡᠭᠡᠷ᠎ᠡ ᠳᠤᠬᠤᠢ ᠰᠢᠶᠠᠩ ᠤᠨ ᠵᠢᠯᠣᠭᠤᠳᠬᠤ ᠭᠠᠵᠠᠷ      0471-8873003 13947105354      ᠡᠯ ᠹᠧᠨ ᠽᠢ ᠰᠢᠶᠠᠩ ᠤᠨ ᠵᠢᠯᠣᠭᠤᠳᠬᠤ ᠭᠠᠵᠠᠷ      0471-8864039 13789615035      ᠳ᠋ᠧ ᠱᠧᠩ ᠭᠧᠤ ᠰᠢᠶᠠᠩ ᠤᠨ ᠵᠢᠯᠣᠭᠤᠳᠬᠤ ᠭᠠᠵᠠᠷ      0471-8862007 15391129946     ᠬᠠᠷ᠎ᠠ ᠬᠤᠰᠢᠭᠤ ᠰᠢᠶᠠᠩ ᠤᠨ ᠵᠢᠯᠣᠭᠤᠳᠬᠤ ᠭᠠᠵᠠᠷ     0471-8868521 17804710023      ᠤᠯᠠᠭᠠᠨᠪᠤᠯᠠᠭ ᠤᠨ ᠵᠢᠯᠣᠭᠤᠳᠬᠤ ᠭᠠᠵᠠᠷ     0471-8866048 15049184546     ᠬᠠᠷᠠᠭᠤᠯ ᠪᠠᠯᠭᠠᠰᠤᠨ ᠤ ᠵᠢᠯᠣᠭᠤᠳᠬᠤ ᠭᠠᠵᠠᠷ     0471-8890049 15034775115     ᠳᠠᠯᠠᠨ ᠬᠠᠷ᠎ᠠ ᠠᠭᠤᠯᠠ ᠰᠢᠶᠠᠩ ᠤᠨ ᠵᠢᠯᠣᠭᠤᠳᠬᠤ ᠭᠠᠵᠠᠷ     0471-8800566 13947139958                       ᠦᠴᠤᠸᠠᠨ ᠰᠢᠶᠠᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ                                   2021 ᠣᠨ ᠤ 10 ᠰᠠᠷ᠎ᠠ ᠶᠢᠨ 30 ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号