︵ᠰᠤᠷᠪᠤᠯᠵᠢᠯᠠᠭᠴᠢ ᠸᠠᠩ ᠵᠦᠩ ᠵᠸᠦ︶ ᠣᠳᠣᠬᠠᠨ ᠳᠠᠭᠠᠨ ᠰᠠᠶᠢᠬᠠᠨ ᠲᠣᠭᠤᠷᠢᠭ ᠴᠢᠨᠠᠭᠰᠢᠯᠠᠪᠠᠯ ᠪᠦᠬᠦ | ᠬᠤᠳᠠ ᠶᠢᠨ ᠬᠡᠪᠴᠢᠶ᠎ᠡ ᠪᠠᠷ ᠬᠠᠮᠤᠭ ᠤᠨ ᠲᠣᠮᠣ ᠨᠡᠶᠢᠭᠡᠮ ᠲᠣᠭᠤᠷᠢᠭ ᠤᠨ ᠭᠡᠷ ᠪᠦᠯᠢ ᠶᠢᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠶᠡᠷᠦᠩᠬᠡᠢ ᠴᠣᠭᠴᠠ — ᠰᠠᠶᠢᠬᠠᠨ ᠲᠣᠭᠤᠷᠢᠭ ᠤᠨ ᠠᠷᠠᠳ ᠤᠨ ᠵᠠᠮ ᠵᠡᠭᠡᠯᠢ | ᠭᠤᠳᠤᠮᠵᠢ ᠶᠢᠨ ᠱᠢ ᠴᠢ ᠨᠡᠶᠢᠭᠡᠮ ᠲᠣᠭᠤᠷᠢᠭ ᠤᠨ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠶᠡᠷᠦᠩᠬᠡᠢ ᠴᠣᠭᠴᠠ ᠤᠢᠢᠷ᠎ᠠ ᠶᠢᠨ ᠡᠳᠦᠷ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠬᠠᠷᠢᠶ᠎ᠠ | ᠣᠷᠣᠨ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠡᠷᠡᠭᠦᠯ ᠲᠡᠩᠬᠡᠯᠡᠭᠦᠨ ᠨᠠᠰᠤᠲᠠᠨ ᠪᠣᠯᠤᠨ ᠴᠢᠳᠠᠪᠤᠷᠢ ᠪᠠᠨ | ᠪᠦᠷᠢᠨ ᠠᠯᠳᠠᠭᠰᠠᠨ ᠪᠤᠶᠤ ᠴᠢᠳᠠᠪᠤᠷᠢ ᠪᠠᠨ ᠬᠠᠭᠠᠰ ᠠᠯᠳᠠᠭᠰᠠᠨ ᠨᠠᠰᠤᠲᠠᠶᠢᠴᠤᠳ ᠲᠤ ᠤᠯᠠᠨ ᠵᠦᠢᠯ ᠤᠨ | ᠦᠢᠯᠡᠴᠢᠯᠡᠭᠡ ᠬᠠᠩᠭᠠᠬᠤ ᠪᠣᠯᠤᠨ᠎ᠠ᠃ | ᠰᠢᠨ᠎ᠡ ᠪᠠᠷ ᠪᠠᠶᠢᠭᠤᠯᠤᠭᠰᠠᠨ ᠱᠢ ᠴᠢ ᠨᠡᠶᠢᠭᠡᠮ ᠲᠣᠭᠤᠷᠢᠭ ᠤᠨ ᠭᠡᠷ ᠪᠦᠯᠢ ᠶᠢᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠶᠡᠷᠦᠩᠬᠡᠢ ᠴᠣᠭᠴᠠ ᠨᠢ 2996.2 ᠲᠡᠭᠰᠢ ᠳᠥᠷᠪᠡᠯᠵᠢᠨ ᠮᠧᠲᠷ ᠲᠠᠯᠠᠪᠠᠢ | ᠡᠵᠡᠯᠡᠵᠦ᠂ ᠭᠠᠵᠠᠷ ᠳᠡᠭᠡᠷ᠎ᠡ 3 ᠳᠠᠪᠬᠤᠷ ᠪᠠ ᠭᠠᠵᠠᠷ ᠳᠣᠣᠷ᠎ᠠ 1 ᠳᠠᠪᠬᠤᠷ ᠢᠶᠠᠷ ᠪᠦᠷᠢᠯᠳᠦᠵᠡᠢ᠃ | ᠶᠡᠷᠦᠩᠬᠡᠶᠢᠯᠡᠭᠰᠡᠨ ᠴᠣᠭᠴᠠ ᠶᠢ ᠭᠤᠷᠪᠠᠳᠠᠬᠢ ᠲᠠᠯ᠎ᠠ ᠶᠢᠨ ᠪᠠᠶᠢᠭᠤᠯᠤᠮᠵᠢ ᠠᠴᠠ ᠬᠠᠷᠢᠭᠤᠴᠠᠨ ᠡᠵᠡᠩᠨᠡᠵᠦ᠂ ︽ᠨᠢᠭᠡ | ᠲᠠᠪᠴᠠᠩ᠂ ᠬᠤᠶᠠᠷ ᠲᠥᠪ︾ ᠤᠨ ᠲᠥᠯᠥᠪᠵᠢᠭᠦᠯᠭᠡ ᠶᠣᠰᠣᠭᠠᠷ᠂ ᠬᠥᠬᠡᠬᠤᠲᠠ ᠶᠢᠨ ᠨᠠᠰᠤᠵᠢᠯ ᠤᠨ | ᠠᠰᠠᠷᠠᠮᠵᠢ ᠶᠢᠨ ᠠᠵᠤ ᠦᠢᠯᠡᠰ ᠤᠨ ᠬᠡᠯᠬᠢᠶ᠎ᠡ ᠶᠢᠨ ᠨᠡᠪᠴᠢᠭᠦᠯᠬᠦ ᠲᠠᠪᠴᠠᠩ᠂ ᠡᠷᠡᠭᠦᠯ ᠲᠡᠩᠬᠡᠯᠡᠭᠦᠨ | ᠨᠠᠰᠤᠲᠠᠶᠢᠴᠤᠳ ᠤᠨ ᠵᠤᠭᠠᠯᠠᠵᠤ ᠠᠮᠠᠷᠠᠵᠤ ᠰᠤᠪᠢᠯᠠᠬᠤ ᠲᠥᠪ᠂ ᠨᠠᠰᠤᠲᠠᠶᠢᠴᠤᠳ ᠤᠨ ᠡᠮᠴᠢᠯᠡᠭᠡ ᠰᠤᠪᠢᠯᠠᠯᠲᠠ ᠶᠢ | ᠤᠶᠠᠯᠳᠤᠭᠤᠯᠤᠭᠰᠠᠨ ᠬᠠᠷᠠᠭᠠᠯᠵᠠᠨ ᠠᠰᠠᠷᠠᠬᠤ ᠲᠥᠪ ᠢ ᠪᠠᠭᠲᠠᠭᠠᠵᠤ᠂ ᠨᠠᠰᠤᠲᠠᠶᠢᠴᠤᠳ ᠤᠨ ᠬᠤᠭᠤᠯᠠᠨ ᠭᠡᠷ᠂ | ᠣᠯᠠᠨ ᠴᠢᠳᠠᠮᠵᠢᠳᠣ ᠬᠥᠳᠡᠯᠭᠡᠭᠡᠨ ᠤ ᠲᠢᠩᠬᠢᠮ᠂ ᠡᠳᠦᠷ ᠤᠨ ᠠᠰᠠᠷᠠᠨ ᠬᠠᠷᠠᠭᠠᠯᠵᠠᠬᠤ ᠭᠡᠷ ᠵᠡᠷᠭᠡ ᠴᠢᠳᠠᠮᠵᠢᠳᠣ | ᠣᠷᠣᠨ ᠲᠣᠭᠤᠷᠢᠭ ᠢ ᠲᠣᠬᠢᠷᠠᠭᠤᠯᠵᠤ᠂ ᠨᠠᠰᠤᠲᠠᠶᠢᠴᠤᠳ ᠤᠨ ᠣᠯᠠᠨ ᠶᠠᠩᠵᠤ ᠶᠢᠨ ᠠᠮᠢᠳᠤᠷᠠᠯ ᠤᠨ ᠬᠡᠷᠡᠭᠴᠡᠭᠡ | ᠱᠠᠭᠠᠷᠳᠠᠯᠭ᠎ᠠ ᠶᠢ ᠬᠠᠩᠭᠠᠵᠤ ᠳᠡᠶᠢᠯᠦᠨ᠎ᠡ᠃ | |