12 ᠳ᠋ᠤᠭᠠᠷ ᠰᠠᠷ᠎ᠠ ᠶᠢᠨ 12 ᠤᠨ ᠡᠳᠦᠷ ᠤᠨ 24 ᠴᠠᠭ ᠪᠣᠯᠳᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2021/12/13
    2021 ᠣᠨ ᠤ 12 ᠳ᠋ᠤᠭᠠᠷ ᠰᠠᠷ᠎ᠠ ᠶᠢᠨ 12 ᠤᠨ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠳᠤ ᠰᠡᠵᠢᠭᠯᠡᠯᠲᠡᠶ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠥᠬᠡᠶ᠂ ᠣᠷᠤᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 5 ︵ᠴᠥᠮ ᠬᠥᠯᠥᠨ ᠪᠤᠶᠢᠷ ᠤᠨ ᠮᠠᠨᠵᠤᠤᠷ ᠬᠤᠲᠠ ᠳᠤ︶ ᠨᠡᠮᠡᠭᠳᠡᠪᠡ᠃ ᠰᠢᠨ᠎ᠡ ᠨᠡᠮᠡᠭᠳᠡᠭᠰᠡᠨ ᠣᠷᠣᠨ ᠨᠤᠲᠤᠭ ᠤᠨ ᠡᠪᠡᠳᠴᠢᠨ ᠤ ᠵᠢᠱᠢᠶ᠎ᠡ ᠠᠴᠠ 19 ︵ᠴᠥᠮ ᠬᠥᠯᠥᠨ ᠪᠤᠶᠢᠷ ᠤᠨ ᠮᠠᠨᠵᠤᠤᠷ ᠬᠤᠲᠠ ᠳᠤ︶ ᠨᠢ ᠡᠳᠡᠭᠡᠷᠡᠵᠦ ᠡᠮᠨᠡᠯᠭᠡ ᠠᠴᠠ ᠭᠠᠷᠪᠠ᠃ ᠰᠢᠨ᠎ᠡ ᠪᠠᠷ ᠨᠡᠮᠡᠭᠳᠡᠭᠰᠡᠨ ᠲᠤᠳᠤᠯᠠᠭᠰᠠᠨ ᠡᠪᠡᠳᠴᠢᠨ ᠤ ᠵᠢᠱᠢᠶ᠎ᠡ ᠶᠢᠨ ᠪᠣᠳᠠᠲᠠᠶ ᠪᠠᠶᠢᠳᠠᠯ ᠨᠢ ᠳᠣᠤᠷᠠᠬᠢ ᠮᠡᠲᠦ᠄      ᠡᠪᠡᠳᠴᠢᠨ ᠤ ᠵᠢᠱᠢᠶ᠎ᠡ 539 ᠠᠴᠠ 543᠄ ᠴᠥᠮ ᠮᠠᠨᠵᠤᠤᠷ ᠬᠤᠲᠠ ᠶᠢᠨ ᠲᠥᠪᠯᠡᠷᠡᠭᠦᠯᠦᠨ ᠲᠤᠰᠠᠭᠠᠷᠯᠠᠬᠤ ᠬᠤᠭᠤᠴᠠᠭᠠᠨ ᠳᠠᠬᠢ ᠪᠥᠭᠡᠮ ᠬᠦᠴᠢᠯ ᠤᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠠᠮᠳᠤ ᠶᠢᠨ ᠣᠨᠤᠰᠢᠯᠠᠯᠲᠠ ᠪᠠᠷ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠪᠠᠷ ᠣᠨᠤᠰᠢᠯᠠᠪᠠ᠃      ᠣᠳᠣᠬᠠᠨ ᠳᠤ᠂ ᠳᠡᠭᠡᠷ᠎ᠡ ᠳᠤᠷᠠᠳᠤᠭᠰᠠᠨ ᠬᠥᠮᠦᠰ ᠢ ᠨᠢᠭᠡᠨᠲᠡ ᠲᠤᠭᠲᠠᠭᠰᠠᠨ ᠡᠮᠨᠡᠯᠭᠡ ᠶᠢᠨ ᠬᠤᠷᠢᠶᠠᠨ ᠳᠤ ᠰᠢᠯᠵᠢᠭᠦᠯᠦᠨ ᠬᠦᠷᠭᠡᠵᠦ ᠲᠤᠰᠠᠭᠠᠷᠯᠠᠨ ᠡᠮᠴᠢᠯᠡᠵᠦ᠂ ᠬᠤᠯᠪᠣᠭᠳᠠᠯ ᠪᠦᠬᠦᠢ ᠲᠠᠬᠤᠯ ᠡᠪᠡᠳᠴᠢᠨ ᠤ ᠪᠠᠶᠢᠴᠠᠭᠠᠯᠲᠠ᠂ ᠵᠢᠭᠰᠠᠭᠠᠨ ᠪᠠᠶᠢᠴᠠᠭᠠᠬᠤ ᠵᠡᠷᠭᠡ ᠠᠵᠢᠯ ᠢ ᠶᠠᠭ ᠬᠢᠵᠦ ᠪᠠᠶᠢᠨ᠎ᠠ᠃      2021 ᠣᠨ ᠤ 12 ᠳ᠋ᠤᠭᠠᠷ ᠰᠠᠷ᠎ᠠ ᠶᠢᠨ 12 ᠤᠨ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠤᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 520 ︵ᠬᠥᠯᠥᠨ ᠪᠣᠶᠢᠷ ᠤᠨ ᠮᠠᠨᠵᠤᠤᠷ ᠬᠤᠲᠠ ᠳᠤ 509᠂ ᠰᠢᠨ᠎ᠡ ᠪᠠᠷᠭᠤ ᠪᠠᠷᠠᠭᠤᠨ ᠬᠤᠰᠢᠭᠤᠨ ᠳᠤ 9᠂ ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠲᠤ ᠮᠠᠨᠵᠤᠤᠷ ᠬᠤᠲᠠ ᠲᠠᠢ ᠬᠤᠯᠪᠣᠭᠳᠠᠭᠰᠠᠨ ᠲᠣᠳᠤᠯᠠᠭᠰᠠᠨ ᠡᠪᠡᠳᠴᠢᠨ ᠤ ᠵᠢᠱᠢᠶ᠎ᠡ 2︶ ᠪᠠᠶᠢᠵᠤ᠂ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃ ︵ᠢᠷᠡᠯᠲᠡ ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠰᠦᠯᠵᠢᠶ᠎ᠡ︶
 
ᠢᠷᠡᠯᠲᠡ᠄ ᠥᠪᠥᠷ ᠮᠣᠩᠭᠤᠯ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号