11 ᠰᠠᠷ᠎ᠠ ᠶᠢᠨ 26 ᠤ ᠡᠳᠦᠷ᠂ ᠨᠢᠭᠡ ᠡᠳᠦᠷ ᠤᠨ ᠬᠤᠭᠤᠴᠠᠭ᠎ᠠ ᠲᠠᠢ ᠪᠦᠬᠦ ᠰᠢᠶᠠᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠢ ᠶᠢᠨ ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠡᠯ ᠹᠧᠨ ᠽᠢ | ᠰᠢᠶᠠᠩ ᠳᠤ ᠶᠠᠪᠤᠭᠳᠠᠪᠠ᠃ ᠰᠢᠶᠠᠨ ᠤ ᠲᠦᠷᠪᠡᠨ ᠶᠡᠭᠡ ᠤᠳᠤᠷᠢᠳᠬᠤ ᠪᠠᠭ ᠭᠡᠷ ᠲᠡᠭᠡᠨ ᠤᠳᠤᠷᠢᠳᠴᠤ᠂ ᠡᠯ᠎ᠡ | ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠣᠯᠤᠨ ᠰᠢᠶᠠᠩ ᠪᠠᠯᠭᠠᠰᠤᠨ ᠤ ᠳᠠᠷᠤᠭ᠎ᠠ᠂ ᠰᠢᠶᠠᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠲᠤᠬᠠᠢ ᠶᠢᠨ ᠲᠠᠯᠠᠪᠤᠷ ᠲᠤ ᠲᠣᠭᠤᠷᠢᠨ | ᠦᠵᠡᠬᠦ ᠳᠤ ᠣᠷᠣᠯᠴᠠᠪᠠ᠃ | ᠦᠵᠡᠭᠦᠯᠦᠯᠭᠡ ᠶᠢᠨ ᠳᠤᠭᠤᠶᠢᠯᠠᠩ ᠤᠨ ᠬᠢᠨ ᠤᠷᠢᠳ ᠬᠤᠵᠢᠳ ᠡᠯ ᠹᠧᠨ ᠽᠢ ᠰᠢᠶᠠᠩ ᠤᠨ ᠨᠠᠨ ᠰᠤ᠋ ᠵᠢᠢ | ᠲᠣᠰᠬᠤᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠲᠦᠷᠦᠯ ᠵᠦᠢᠯ — ᠥᠨᠳᠡᠭᠡᠨ ᠲᠠᠬᠢᠶ᠎ᠠ ᠲᠡᠵᠢᠭᠡᠨ | ᠦᠷᠡᠵᠢᠭᠦᠯᠬᠦ ᠦᠢᠯᠡᠳᠪᠦᠷᠢ᠂ ᠬᠤᠸᠠ ᠰᠢ ᠲᠣᠰᠬᠤᠨ ᠤ ᠬᠥᠬᠡᠬᠤᠲᠠ ᠶᠢᠨ ᠴᠢᠩ ᠯᠦᠩ ᠮᠠᠰᠢᠨ ᠲᠡᠷᠭᠡᠨ ᠤ | ᠬᠡᠷᠡᠭᠰᠡᠯ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ᠂ ᠨᠠᠨ ᠸᠠᠨ ᠲᠣᠰᠬᠤᠨ ᠤ ᠡᠯ ᠹᠧᠨ ᠽᠢ | ᠰᠢᠶᠠᠩ ᠤᠨ ᠪᠦᠯᠬᠦᠮ ᠪᠠᠶᠢᠭᠤᠯᠵᠤ ᠬᠥᠭᠵᠢᠭᠦᠯᠦᠨ ᠪᠤᠵᠠᠭᠠᠶᠢᠷᠠᠭᠤᠯᠤᠭᠰᠠᠨ ᠲᠣᠰᠬᠤᠨ ᠤ ᠬᠠᠮᠲᠤ ᠶᠢᠨ ᠠᠵᠤ | ᠠᠬᠤᠢ ᠶᠢᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠠᠯᠠᠪᠠᠢ᠂ ᠶᠣᠣ ᠵᠢᠶᠠ ᠲᠣᠰᠬᠤᠨ ᠤ ᠠᠯᠠᠰᠢᠨ ᠦᠬᠡᠷ | ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠺᠦᠢ ᠰᠤ᠋ ᠲᠣᠰᠬᠤᠨ ᠤ ᠠᠯᠠᠰᠢᠨ ᠬᠤᠨᠢ ᠲᠡᠵᠢᠭᠡᠨ ᠦᠷᠡᠵᠢᠭᠦᠯᠬᠦ | ᠲᠠᠯᠠᠪᠠᠢ ᠶᠢ ᠲᠣᠭᠤᠷᠢᠨ ᠦᠵᠡᠪᠡ᠃ ᠨᠠᠷᠢᠨ ᠭᠤᠣᠯ ᠲᠣᠰᠬᠤᠨ ᠤ ᠭᠠᠵᠠᠷ ᠰᠢᠷᠣᠢ ᠶᠢᠨ ᠨᠡᠮᠡᠭᠳᠡᠯ ᠬᠠᠰᠤᠭᠳᠠᠯ ᠢ | ᠬᠤᠯᠪᠣᠭᠳᠠᠭᠤᠯᠤᠭᠰᠠᠨ ᠤ ᠳᠠᠷᠠᠭᠠᠬᠢ ᠠᠵᠢᠯ ᠤᠨ ᠠᠬᠢᠴᠠ ᠪᠣᠯᠤᠨ ᠱᠤᠸᠠᠩ ᠢᠦᠢ ᠴᠧᠩ ᠲᠣᠰᠬᠤᠨ ᠤ ᠨᠠᠮ ᠤᠨ | ᠪᠠᠶᠢᠭᠤᠯᠤᠯᠲᠠ ᠶᠢᠨ ᠬᠦᠳᠦᠯᠦᠨ ᠳᠠᠭᠠᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢ ᠲᠣᠭᠤᠷᠢᠨ ᠦᠵᠡᠵᠦ | ᠣᠶᠢᠯᠠᠭᠠᠪᠠ᠃ | ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠧᠦ ᠵᠧᠨ ᠭᠤᠸᠠᠩ ᠪᠦᠬᠦ ᠰᠢᠶᠠᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠢ ᠶᠢᠨ ᠲᠠᠯᠠᠪᠠᠢ ᠶᠢᠨ ᠲᠣᠭᠤᠷᠢᠨ ᠦᠵᠡᠵᠦ ᠦᠨᠡᠯᠡᠬᠦ ᠬᠤᠷᠠᠯ ᠢ | ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠡᠯ ᠹᠧᠨ ᠽᠢ ᠰᠢᠶᠠᠩ ᠤᠨ ᠰᠢᠶᠠᠨ ᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠠᠪᠤᠳᠠᠯ ᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠵᠢᠴᠢ ᠤᠯᠤᠰ ᠤᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠤ ᠳᠠᠷᠠᠭᠠᠬᠢ ᠦᠨᠡᠯᠡᠨ ᠵᠢᠱᠢᠵᠦ ᠳᠤᠬᠢᠷᠠᠭᠤᠯᠤᠭᠰᠠᠨ ᠱᠠᠯᠠᠪᠳᠠᠭᠤᠯᠤᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠪᠠ︔ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠠᠭᠤᠯᠠ ᠨᠢᠭᠤᠴᠠ ᠪᠠᠷ ᠰᠤᠷᠪᠤᠯᠵᠢᠯᠠᠭᠰᠠᠨ | ᠪᠠᠶᠢᠳᠠᠯ᠂ ᠨᠢᠭᠤᠴᠠ ᠪᠠᠷ ᠰᠤᠷᠪᠤᠯᠵᠢᠯᠠᠭᠰᠠᠨ ᠬᠢᠨᠠᠨ ᠰᠢᠯᠭᠠᠯᠲᠠ ᠳᠤ ᠬᠤᠪᠢ ᠥᠭᠭᠦᠭᠰᠡᠨ ᠪᠠ ᠲᠤᠬᠠᠶ ᠶᠢᠨ | ᠲᠠᠯᠠᠪᠤᠷ ᠲᠤ ᠲᠣᠭᠤᠷᠢᠨ ᠦᠵᠡᠵᠦ ᠬᠤᠪᠢ ᠥᠭᠭᠦᠭᠰᠡᠨ ᠪᠠᠶᠢᠳᠠᠯ ᠢ ᠮᠡᠳᠡᠭᠳᠡᠪᠡ᠃ | ᠵᠧᠦ ᠵᠧᠨ ᠭᠤᠸᠠᠩ᠂ ᠪᠦᠬᠦ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠢ ᠶᠢᠨ | ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠢᠶᠠᠷ ᠳᠠᠮᠵᠢᠨ ᠰᠤᠷᠤᠯᠴᠠᠯᠭ᠎ᠠ ᠪᠠᠨ ᠠᠬᠢᠭᠤᠯᠵᠤ᠂ ᠰᠠᠶᠢᠨ ᠲᠠᠯ᠎ᠠ ᠶᠢ ᠨᠢ | ᠠᠪᠴᠤ ᠰᠠᠭᠠᠷᠠᠤ ᠲᠠᠯ᠎ᠠ ᠪᠠᠨ ᠨᠥᠬᠦᠪᠥᠷᠢᠯᠡᠵᠦ᠂ ᠰᠠᠶᠢᠨ ᠲᠤᠷᠰᠢᠯᠭ᠎ᠠ ᠠᠷᠭ᠎ᠠ ᠬᠢᠳᠡᠯ ᠢᠶᠠᠷ ᠲᠤᠯᠢ ᠪᠣᠯᠭᠠᠵᠤ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ | ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠤ ᠳᠠᠷᠠᠭᠠᠬᠢ ᠦᠨᠡᠯᠡᠨ ᠵᠢᠱᠢᠵᠦ | ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠨᠠᠶᠢᠳᠠᠪᠤᠷᠢᠵᠢᠭᠤᠯᠵᠤ᠂ ᠴᠠᠭ ᠢ | ᠠᠮᠵᠢᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠰᠠᠶᠢᠲᠤᠷ ᠡᠵᠡᠮᠰᠢᠵᠦ᠂ ᠠᠵᠢᠯ ᠤᠨ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ ᠴᠢᠩᠭᠠᠳᠬᠠᠬᠤ ᠬᠡᠷᠡᠭᠲᠡᠢ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠰᠠᠷ᠎ᠠ ᠶᠢᠨ ᠡᠯ᠎ᠡ ᠵᠦᠢᠯ ᠤᠨ ᠠᠵᠢᠯ ᠢ | ᠯᠠᠪᠳᠠᠭᠤᠨ ᠪᠠᠲᠤᠲᠠᠢ ᠥᠷᠨᠢᠭᠦᠯᠵᠦ᠂ ᠬᠦᠴᠦᠨ ᠢᠶᠠᠨ ᠲᠥᠪᠯᠡᠷᠡᠭᠦᠯᠦᠨ ᠰᠢᠨ᠎ᠡ ᠠᠵᠢᠯᠯᠠᠭᠠᠨ ᠤ ᠳᠠᠶᠢᠯᠠᠯᠳᠤᠭᠠᠨ ᠢ | ᠰᠠᠶᠢᠲᠤᠷ ᠬᠢᠵᠦ᠂ ᠣᠨᠴᠠᠭᠠᠶᠢᠯᠠᠨ ᠥᠷᠭᠡᠨ ᠤᠯᠠᠨ ᠲᠠᠷᠢᠶᠠᠴᠢᠨ ᠲᠦᠮᠡᠨ ᠢ ᠲᠠᠶᠢᠴᠢᠯᠠᠨ ᠥᠷᠭᠡᠨ ᠢᠶᠠᠷ | ᠣᠷᠣᠯᠴᠠᠭᠤᠯᠵᠤ᠂ ᠬᠦᠴᠦᠨ ᠢᠶᠠᠨ ᠲᠥᠪᠯᠡᠷᠡᠭᠦᠯᠦᠨ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠤ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠦᠲᠦᠮᠵᠢᠲᠡᠢ ᠵᠣᠯᠭᠠᠭᠤᠯᠬᠤ ᠠᠵᠢᠯ ᠤᠨ ᠡᠭᠦᠷᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ | ᠠᠬᠢᠭᠤᠯᠬᠤ ᠬᠡᠷᠡᠭᠲᠡᠢ ᠭᠡᠪᠡ᠃ | |