11 ᠰᠠᠷ᠎ᠠ ᠶᠢᠨ 17 ᠤ ᠡᠳᠦᠷ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ | ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ᠂ ᠲᠤᠰᠬᠠᠶ ᠠᠵᠢᠯᠯᠠᠭ᠎ᠠ ᠳᠤ ᠬᠢᠨᠠᠯᠲᠠ ᠲᠠᠯᠪᠢᠵᠤ ᠦᠨᠡᠯᠡᠨ | ᠪᠠᠶᠢᠴᠠᠭᠠᠬᠤ ᠳᠤᠭᠤᠶᠢᠯᠠᠩ ᠤᠨ ᠯᠢ ᠴᠢᠶᠣᠤ ᠰᠢᠶᠠ ᠪᠥᠬᠦ ᠬᠤᠲᠠ ᠶᠢᠨ ︽ᠭᠤᠷᠪᠠᠨ ᠶᠡᠭᠡ ᠨᠢᠭᠡ ᠴᠢᠩᠭ᠎ᠠ︾ ᠶᠢᠨ | ᠲᠤᠰᠬᠠᠶ ᠠᠵᠢᠯᠯᠠᠭ᠎ᠠ ᠳᠤ ᠬᠢᠨᠠᠯᠲᠠ ᠲᠠᠯᠪᠢᠵᠤ ᠦᠨᠡᠯᠡᠨ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠮᠠᠨ ᠤ | ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ | ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ | ᠴᠠᠭᠠᠵᠠ ᠶᠢᠨ ᠬᠤᠷᠢᠶᠠᠨ ᠤ ᠱᠦᠵᠢ ᠵᠧᠤ ᠵᠧᠨ ᠭᠤᠸᠠᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ | ᠡᠷᠬᠢᠯᠡᠭᠴᠢ ᠶᠠᠨ ᠰᠢᠶᠠᠨ ᠡᠦ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ | ᠲᠣᠪᠴᠢᠶᠠᠨ ᠤ ᠳᠠᠷᠤᠭ᠎ᠠ ᠸᠧᠨᠯᠢᠨ ᠹᠠᠨ ᠶᠠᠷᠢᠯᠴᠠᠬᠤ ᠬᠤᠷᠠᠯ ᠳᠤ ᠣᠷᠣᠯᠴᠠᠪᠠ᠃ | | ᠬᠤᠷᠠᠯ ᠳᠡᠭᠡᠷ᠎ᠡ᠂ ᠵᠧᠦ ᠵᠧᠨ ᠭᠤᠸᠠᠩ ᠦᠴᠤᠸᠠᠨ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠵᠢᠴᠢ | ᠪᠤᠰᠤᠳ ᠲᠠᠯ᠎ᠠ ᠶᠢᠨ ᠠᠵᠢᠯ ᠤᠨ ᠲᠤᠬᠠᠶ ᠨᠠᠷᠢᠨ ᠲᠣᠳᠣᠷᠬᠠᠶ ᠬᠠᠷᠢᠭᠤ ᠮᠡᠳᠡᠭᠦᠯᠦᠯᠲᠡ ᠬᠢᠪᠡ᠃ | ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠯᠢ ᠴᠢᠶᠣᠤ ᠰᠢᠶᠠ᠂ ᠵᠠᠬᠢᠳᠠᠯ ᠰᠤᠷᠪᠤᠯᠵᠢᠯᠠᠭ᠎ᠠ ᠶᠢᠨ | ᠠᠵᠢᠯ ᠪᠣᠯ ᠨᠠᠮ ᠪᠣᠯᠤᠨ ᠵᠠᠰᠠᠭ ᠤᠨ ᠣᠷᠳᠣᠨ ᠤ ᠤᠯᠠᠨ ᠲᠦᠮᠡᠨ ᠲᠠᠢ ᠬᠠᠷᠢᠯᠴᠠᠬᠤ ᠭᠤᠣᠯ ᠠᠷᠭ᠎ᠠ ᠵᠠᠮ ᠮᠥᠨ᠂ | ᠪᠠᠰᠠ ᠴᠤ ᠨᠠᠮ ᠪᠣᠯᠤᠨ ᠵᠠᠰᠠᠭ ᠤᠨ ᠣᠷᠳᠣᠨ ᠠᠴᠠ ᠤᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠵᠦ | ᠥᠭᠬᠦ ᠨᠢᠭᠡ ᠵᠦᠢᠯ ᠤᠨ ᠴᠢᠬᠤᠯᠠ ᠠᠷᠭ᠎ᠠ ᠬᠡᠯᠪᠡᠷᠢ ᠮᠥᠨ᠃ ᠦᠵᠡᠯ ᠰᠠᠨᠠᠭ᠎ᠠ ᠪᠠᠨ ᠳᠡᠭᠡᠳᠦ ᠬᠡᠮᠵᠢᠶ᠎ᠡ ᠪᠠᠷ | ᠨᠢᠭᠡᠳᠬᠡᠵᠦ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠤᠰ ᠤᠳᠠᠭ᠎ᠠ ᠶᠢᠨ ᠲᠤᠰᠬᠠᠢ | ᠠᠵᠢᠯᠯᠠᠭ᠎ᠠ ᠶᠢᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠴᠢᠬᠤᠯᠠ | ᠡᠭᠦᠷᠭᠡ ᠳᠠᠬᠢ ᠴᠢᠬᠤᠯᠠ ᠪᠠᠶᠢᠷᠢ ᠰᠠᠭᠤᠷᠢ ᠶᠢ ᠰᠡᠷᠭᠡᠭ ᠢᠶᠠᠷ ᠲᠠᠨᠢᠬᠤ ᠬᠡᠷᠡᠭᠲᠡᠢ᠃ ︽ᠳᠥᠷᠪᠡᠨ ᠤᠬᠠᠮᠰᠠᠷ︾ ᠢ | ᠲᠠᠰᠤᠷᠠᠯᠲᠠ ᠥᠬᠡᠶ ᠴᠢᠩᠭᠠᠳᠬᠠᠵᠤ᠂ ︽ᠳᠥᠷᠪᠡᠨ ᠢᠲᠡᠭᠡᠯ︾ ᠢ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠵᠦ᠂ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠲᠠᠢ | ᠤᠶᠠᠯᠳᠤᠭᠤᠯᠤᠨ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠨᠠᠶᠢᠳᠠᠪᠤᠷᠢᠵᠢᠭᠤᠯᠤᠯᠲᠠ ᠶᠢ ᠬᠦᠴᠦᠲᠡᠶ | ᠠᠳᠬᠤᠬᠤ ᠵᠣᠷᠢᠭ ᠰᠠᠨᠠᠭ᠎ᠠ ᠪᠠᠷ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠤᠯᠳᠠᠯᠭ᠎ᠠ ᠶᠢ ᠳᠣᠪᠤᠶᠢᠯᠭᠠᠨ᠂ | ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠨ᠂ | ᠪᠣᠭᠤᠮᠲᠠ ᠰᠢᠪᠲᠤᠯᠤᠨ ᠨᠠᠮᠳᠠᠭᠤᠯᠬᠤ ᠶᠢ ᠭᠦᠨᠵᠡᠭᠡᠶᠢᠷᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ | ᠬᠠᠮᠠᠭᠠᠯᠠᠬᠤ ᠠᠵᠢᠯ ᠢ ᠪᠥᠬᠦ ᠬᠦᠴᠦᠨ ᠢᠶᠠᠷ ᠢᠶᠠᠨ ᠪᠣᠳᠠᠲᠠᠶ ᠪᠥᠭᠡᠳ ᠨᠠᠷᠢᠯᠢᠭ ᠬᠢᠵᠦ᠂ ᠨᠡᠶᠢᠭᠡᠮ ᠤᠨ ᠶᠡᠭᠡ | ᠲᠠᠯ᠎ᠠ ᠶᠢᠨ ᠲᠣᠭᠲᠠᠭᠤᠨ ᠢ ᠬᠠᠮᠠᠭᠠᠯᠠᠬᠤ ᠬᠡᠷᠡᠭᠲᠡᠶ ᠭᠡᠪᠡ᠃ | |