ᠦᠴᠤᠸᠠᠨ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/12/14
     11 ᠰᠠᠷ᠎ᠠ ᠶᠢᠨ 19 ᠤ ᠡᠳᠦᠷ᠂ ᠦᠴᠤᠸᠠᠨ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠵᠤ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠬᠤᠷᠠᠯ ᠢ ᠡᠷᠬᠢᠯᠡᠪᠡ᠃      ᠬᠤᠷᠠᠯ ᠠᠴᠠ ︽ᠬᠥᠳᠡᠭᠡ ᠲᠣᠰᠬᠤᠨ ᠤ ᠤᠯᠠᠨ ᠨᠡᠶᠢᠲᠡ ᠶᠢᠨ ᠣᠷᠣᠰᠢᠨ ᠰᠠᠭᠤᠬᠤ ᠣᠷᠴᠢᠨ ᠲᠣᠭᠤᠷᠢᠨ᠂ ᠤᠯᠠᠨ ᠨᠡᠶᠢᠲᠡ ᠶᠢᠨ ᠬᠠᠮᠢᠶᠠᠷᠤᠯᠲᠠ᠂ ᠤᠯᠠᠨ ᠨᠡᠶᠢᠲᠡ ᠶᠢᠨ ᠦᠢᠯᠡᠴᠢᠯᠡᠭᠡ ᠶᠢ ᠴᠢᠩᠭᠠᠳᠬᠠᠬᠤ ᠵᠡᠷᠭᠡ ᠬᠥᠳᠡᠭᠡ ᠲᠣᠰᠬᠤᠨ ᠤ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠲᠥᠰᠦᠯ︾ ᠤᠨ ᠲᠣᠳᠣᠷᠬᠠᠶᠢᠯᠠᠯᠲᠠ ᠶᠢ ᠰᠣᠨᠣᠰᠴᠤ᠂ ︽2021 ᠣᠨ ᠤ ᠦᠴᠤᠸᠠᠨ ᠰᠢᠶᠠᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ︿ᠪᠣᠭᠤᠮᠲᠠ ᠰᠢᠪᠲᠤᠯᠬᠤ ᠰᠠᠷ᠎ᠠ﹀ ᠶᠢᠨ ᠬᠡᠷᠡᠭᠵᠢᠭᠦᠯᠬᠦ ᠲᠥᠰᠦᠯ︾ ᠤᠨ ᠲᠣᠳᠣᠷᠬᠠᠶᠢᠯᠠᠯᠲᠠ ᠶᠢ ᠰᠣᠨᠣᠰᠴᠤ᠂ ᠤᠢᠢᠷ᠎ᠠ ᠶᠢᠨ ᠬᠤᠭᠤᠴᠠᠭᠠᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃      ᠶᠠᠩ ᠰᠢᠩ ᠱᠧᠩ ᠵᠢᠭᠠᠵᠤ ᠭᠠᠷᠭᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠳᠣᠬᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠲᠤᠯᠭᠠᠮ᠎ᠠ ᠴᠢᠨᠠᠷ ᠪᠣᠯᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠠᠵᠢᠯ ᠤᠨ ᠠᠭᠤᠯᠭ᠎ᠠ ᠶᠢ ᠪᠦᠬᠦ ᠲᠠᠯ᠎ᠠ ᠪᠠᠷ ᠡᠮᠬᠢᠯᠡᠵᠦ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠡᠰᠡᠬᠦ ᠶᠢ ᠴᠢᠩᠭ᠎ᠠ ᠠᠩᠬᠠᠷᠴᠤ᠂ ᠡᠭᠦᠨ ᠤ ᠤᠯᠠᠮ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠡᠯ᠎ᠡ ᠵᠦᠢᠯ ᠤᠨ ᠠᠵᠢᠯ ᠤᠨ ᠡᠮᠬᠢ ᠳᠢᠭᠯᠢᠮ ᠲᠠᠢ ᠲᠣᠭᠲᠠᠭᠤᠨ ᠢᠶᠠᠷ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号