ᠦᠴᠤᠸᠠᠨ ᠰᠢᠶᠠᠨ ᠤ ᠬᠢᠨ ᠪᠦᠬᠦ ᠬᠤᠲᠠ ᠶᠢᠨ ᠺᠠᠳ᠋ᠷᠴᠤᠳ ᠤᠨ ᠶᠡᠭᠡ ᠬᠤᠷᠠᠯ ᠢ ᠬᠦᠯᠢᠶᠡᠨ ᠠᠪᠴᠤ ᠰᠣᠨᠣᠰᠬᠤ ᠪᠠ ᠦᠵᠡᠬᠦ ᠠᠵᠢᠯ ᠢ ᠵᠣᠬᠢᠶᠠᠨ ᠪᠠᠶᠢᠭᠤᠯᠪᠠ
ᠨᠡᠶᠢᠲᠡᠯᠡᠭᠰᠡᠨ ᠴᠠᠭ᠄
2021/12/14
     12 ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠪᠦᠬᠦ ᠬᠤᠲᠠ ᠶᠢᠨ ᠺᠠᠳ᠋ᠷᠴᠤᠳ ᠤᠨ ᠶᠡᠭᠡ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ ᠹᠧᠩ ᠤᠨ ᠬᠥᠬᠡᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠬᠤᠳᠠ ᠪᠠᠷ ᠢᠶᠠᠨ ᠶᠡᠷᠦᠩᠬᠡᠢ ᠱᠦᠵᠢ ᠶᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠵᠦ᠂ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ ᠵᠢᠭᠠᠭᠰᠠᠨ ᠴᠢᠭᠯᠡᠯ ᠢᠶᠠᠷ ᠭᠤᠶᠢᠪᠢᠰᠢ ᠦᠭᠡᠢ ᠤᠷᠤᠭᠰᠢᠯᠠᠵᠤ᠂ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤᠮᠳᠠ ᠣᠷᠣᠨ ᠤ ᠲᠥᠪ ᠤᠨ ᠡᠭᠦᠷᠭᠡᠯᠡᠯ ᠢ ᠦᠨᠡᠨᠬᠦ ᠢᠯᠡᠷᠡᠭᠦᠯᠵᠦ᠂ ᠣᠷᠣᠨ ᠤ ᠲᠥᠪ ᠤᠨ ᠬᠦᠴᠦᠨ ᠴᠢᠳᠠᠯ ᠢᠶᠠᠨ ᠡᠷᠭᠦᠵᠦ᠂ ᠣᠷᠣᠨ ᠤ ᠲᠥᠪ ᠤᠨ ᠴᠤᠭ ᠵᠢᠪᠬᠤᠭ᠎ᠠ ᠪᠠᠨ ᠪᠠᠳᠠᠷᠠᠭᠤᠯᠬᠤ ᠶᠢ ᠳᠠᠶᠢᠴᠢᠯᠠᠬᠤ ᠬᠡᠷᠡᠭᠲᠡᠢ ᠭᠡᠪᠡ᠃      ᠪᠦᠦ ᠭᠠᠩ  ᠶᠠᠷᠢᠶᠠᠨ ᠳᠠᠭᠠᠨ ᠱᠠᠭᠠᠷᠳᠠᠭᠰᠠᠨ ᠨᠢ᠂ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠵᠠᠮ ᠳᠠᠬᠢ ᠥᠪᠥᠷ ᠮᠣᠩᠭᠤᠯ ᠤᠨ ᠴᠢᠬᠤᠯᠠ ᠶᠡᠭᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠶᠢ ᠭᠦᠨᠵᠡᠭᠡᠢ ᠣᠶᠢᠯᠠᠭᠠᠵᠤ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭᠠᠨ ᠤ ᠪᠠᠶᠠᠯᠢᠭ ᠠᠭᠤᠯᠤᠭᠳᠠᠬᠤᠨ ᠪᠠ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠪᠠᠲᠤ᠂ ᠲᠤᠤᠱᠲᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠢᠯᠡᠳᠬᠡᠯ ᠳᠤ ᠳᠤᠷᠠᠳᠤᠭᠰᠠᠨ ︽ᠲᠠᠪᠤᠨ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ︾ ᠶᠢ ᠭᠦᠨᠵᠡᠭᠡᠢ ᠣᠶᠢᠯᠠᠭᠠᠵᠤ᠂ ᠴᠠᠭ ᠢᠮᠠᠭᠲᠠ ᠪᠠᠷᠢᠮᠵᠢᠶ᠎ᠠ ᠲᠠᠢ ᠬᠠᠷᠭᠤᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠷᠢᠨ ᠨᠢᠮᠪᠠᠶ ᠲᠣᠬᠢᠷᠠᠭᠤᠯᠤᠨ ᠪᠠᠶᠢᠷᠢᠯᠠᠭᠤᠯᠵᠤ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠬᠦ ᠲᠠᠢ ᠤᠶᠠᠯᠳᠤᠭᠤᠯᠵᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠠᠷᠢᠨ ᠨᠢᠮᠪᠠᠢ ᠤᠬᠠᠭᠠᠯᠠᠨ ᠲᠥᠰᠦᠪᠯᠡᠵᠦ᠂ ᠪᠦᠬᠦ ᠬᠤᠳᠠ ᠳᠤ ᠤᠬᠠᠭᠤᠯᠤᠨ ᠲᠤᠤᠱᠯᠠᠭᠤᠯᠬᠤ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠵᠤ᠂ ᠪᠦᠬᠦ ᠬᠤᠳᠠ ᠶᠢᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠤ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠵᠦ᠂ ᠤᠶᠤᠨ ᠤᠬᠠᠭᠠᠨ ᠪᠠ ᠬᠦᠴᠦᠨ ᠴᠢᠳᠠᠯ ᠢᠶᠠᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠳᠡᠭᠡᠷ᠎ᠡ ᠨᠢᠭᠲᠠᠷᠠᠭᠤᠯᠬᠤ ᠶᠢ ᠬᠦᠳᠦᠯᠥᠨ ᠳᠠᠭᠠᠭᠤᠯᠬᠤ ᠬᠡᠷᠡᠭᠲᠡᠢ ᠭᠡᠪᠡ᠃      ᠪᠦᠦ ᠭᠠᠩ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠷᠣᠨ ᠤ ᠲᠥᠪ ᠤᠨ ᠪᠠᠶᠢᠷᠢ ᠲᠣᠭᠲᠠᠭᠠᠯᠲᠠ ᠶᠢᠨ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠵᠤ᠂ ᠣᠷᠣᠨ ᠤ ᠲᠥᠪ ᠤᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠣᠷᠣᠨ ᠤ ᠲᠥᠪ ᠤᠨ ᠬᠠᠷᠢᠭᠤᠴᠠᠯᠭ᠎ᠠ ᠶᠢ ᠡᠭᠦᠷᠭᠡᠯᠡᠨ᠂ ᠣᠷᠣᠨ ᠤ ᠲᠥᠪ ᠤᠨ ᠡᠭᠦᠷᠭᠡᠯᠡᠯ ᠢ ᠢᠯᠡᠷᠡᠭᠦᠯᠵᠦ᠂ ᠪᠠᠷᠢᠮᠵᠢᠶ᠎ᠠ ᠪᠠᠷᠢᠮᠵᠢᠶ᠎ᠠ ᠶᠢ ᠥᠨᠳᠥᠷ ᠡᠷᠭᠦᠵᠦ᠂ ᠰᠠᠨᠠᠭᠠᠴᠢᠯᠠᠭ᠎ᠠ ᠠᠴᠠ ᠪᠠᠨ ᠳᠠᠷᠤᠯᠲᠠ ᠪᠠ ᠬᠦᠴᠦ ᠨᠡᠮᠡᠵᠦ᠂ ᠠᠵᠤ ᠠᠬᠤᠶ ᠴᠡᠴᠡᠭᠯᠡᠨ ᠬᠥᠭᠵᠢᠭᠰᠡᠨ᠂ ᠴᠢᠳᠠᠮᠵᠢ ᠪᠦᠷᠢᠨ ᠲᠡᠭᠦᠯᠳᠡᠷ᠂ ᠣᠷᠴᠢᠨ ᠲᠣᠭᠤᠷᠢᠨ ᠭᠤᠶᠢᠳᠠ ᠰᠠᠶᠢᠬᠠᠨ᠂ ᠪᠣᠯᠪᠠᠰᠤᠨ ᠡᠶ᠎ᠡ ᠵᠣᠬᠢᠴᠠᠯ ᠲᠠᠢ᠂ ᠳᠠᠶᠢᠴᠢᠯᠠᠬᠤ ᠬᠦᠴᠦᠨ ᠢᠶᠠᠷ ᠴᠢᠩᠭ᠎ᠠ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠲᠠ ᠶᠢ ᠪᠥᠲᠥᠭᠡᠨ ᠪᠠᠶᠢᠭᠤᠯᠬᠤ ᠶᠢᠨ ᠲᠣᠭᠤᠷᠢᠨ ᠳᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠤᠨ᠎ᠠ᠃ ᠣᠷᠣᠨ ᠤ ᠲᠥᠪ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ᠤᠯᠤᠰ ᠲᠥᠷᠥ ᠶᠢᠨ ᠲᠠᠯ᠎ᠠ ᠪᠠᠷ ᠠᠷᠭ᠎ᠠ ᠤᠬᠠᠭᠠᠨ ᠰᠦᠪᠡᠭᠴᠢᠯᠡᠵᠦ᠂ ᠶᠡᠭᠡ ᠲᠠᠯ᠎ᠠ ᠪᠠᠷ ᠠᠵᠢᠯᠯᠠᠭ᠎ᠠ ᠠᠪᠬᠤ ᠶᠢ ᠪᠠᠷᠢᠮᠲᠠᠯᠠᠵᠤ᠂ ᠮᠠᠨ ᠤ ᠬᠤᠲᠠ ᠶᠢᠨ ᠳᠠᠪᠠᠭᠤᠯᠢᠭ ᠲᠠᠭᠠᠨ ᠰᠠᠭᠤᠷᠢᠯᠠᠵᠤ᠂ ᠰᠠᠶᠢᠨᠲᠠᠶ ᠲᠠᠯ᠎ᠠ ᠪᠠᠨ ᠪᠠᠳᠠᠷᠠᠭᠤᠯᠤᠨ ᠰᠠᠭᠠᠷᠠᠤ ᠲᠠᠯ᠎ᠠ ᠪᠠᠨ ᠲᠡᠪᠴᠢᠵᠦ᠂ ᠰᠢᠯᠢᠳᠡᠭ ᠢ ᠪᠤᠶᠢᠵᠢᠭᠤᠯᠤᠨ ᠦᠷ᠎ᠡ ᠠᠰᠢᠭ ᠢ ᠨᠡᠮᠡᠭᠳᠡᠭᠦᠯᠵᠦ᠂ ᠣᠷᠣᠨ ᠤ ᠲᠥᠪ ᠤᠨ ᠭᠤᠣᠯ ᠴᠢᠳᠠᠮᠵᠢ ᠪᠠ ᠠᠵᠤ ᠦᠢᠯᠡᠰ ᠤᠨ ᠴᠢᠳᠠᠪᠤᠷᠢ ᠶᠢᠨ ᠳᠡᠰ ᠢ ᠬᠦᠴᠦᠯᠡᠨ ᠳᠡᠭᠡᠭᠰᠢᠯᠡᠭᠦᠯᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠬᠤ ᠪᠠᠷ ᠴᠢᠷᠮᠠᠶᠢᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ ᠲᠠᠯ᠎ᠠ ᠪᠠᠷ ᠰᠢᠨ᠎ᠡ ᠠᠯᠬᠤᠮ ᠢ ᠠᠯᠬᠤᠵᠤ᠂ ᠬᠤᠳᠠ ᠶᠢᠨ ᠪᠦᠳᠦᠭᠡᠨ ᠪᠠᠶᠢᠭᠤᠯᠤᠯᠲᠠ ᠪᠠ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠳᠡᠭᠲᠡᠷ ᠲᠤ ᠭᠠᠷᠴᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢ ᠴᠢᠩᠭᠠᠳᠬᠠᠬᠤ ᠲᠠᠯ᠎ᠠ ᠪᠠᠷ ᠰᠢᠨ᠎ᠡ ᠡᠭᠦᠷᠭᠡᠯᠡᠯ ᠢ ᠢᠯᠡᠷᠡᠭᠦᠯᠵᠦ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠶᠢ ᠤᠷᠢᠳᠠᠪᠠᠷ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠤᠯᠠᠨ ᠲᠦᠮᠡᠨ ᠤ ᠰᠡᠳᠬᠢᠯ ᠲᠠᠯᠪᠢᠵᠤ ᠪᠠᠶᠢᠭ᠎ᠠ ᠪᠣᠳᠠᠲᠠᠶ ᠠᠰᠠᠭᠤᠳᠠᠯ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦᠯᠡᠨ ᠰᠠᠶᠢᠲᠤᠷ ᠰᠢᠶ᠋ᠳᠪᠦᠷᠢᠯᠡᠬᠦ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠷᠢᠭᠯᠠᠨ ᠴᠣᠬᠢᠬᠤ ᠲᠠᠶᠢᠨ ᠢ ᠰᠠᠶᠢᠲᠤᠷ ᠬᠢᠬᠦ ᠶᠢ ᠣᠳᠣᠬᠠᠨ ᠤ ᠶᠡᠭᠡ ᠶᠠᠪᠤᠳᠠᠯ ᠴᠢᠬᠤᠯᠠ ᠶᠠᠪᠤᠳᠠᠯ ᠪᠣᠯᠭᠠᠨ ᠠᠳᠬᠤᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠪᠣᠯᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠶᠢ ᠴᠥᠬᠦᠷᠡᠰᠢ ᠦᠭᠡᠢ ᠥᠷᠨᠢᠭᠦᠯᠵᠦ᠂ ᠠᠵᠢᠯ ᠬᠢᠵᠦ ᠦᠢᠯᠡᠰ ᠪᠤᠰᠬᠠᠬᠤ ᠤᠳᠤᠷᠢᠳᠤᠮᠵᠢ ᠶᠢ ᠲᠤᠭ ᠲᠡᠮᠳᠡᠭ ᠲᠣᠳᠣᠷᠬᠠᠢ ᠪᠠᠷ ᠪᠤᠢ ᠪᠣᠯᠭᠠᠵᠤ᠂ ᠣᠷᠣᠨ ᠤ ᠲᠥᠪ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠪᠡ᠃      ᠬᠤᠷᠠᠯ ᠨᠢ ᠸᠢᠳᠢᠣ᠋ ᠶᠢᠨ ᠬᠡᠯᠪᠡᠷᠢ ᠪᠠᠷ ᠶᠠᠪᠤᠭᠳᠠᠵᠤ᠂ ᠡᡁᠧ ᠬᠠᠢ ᠳ᠋ᠦᠩ᠂ ᠴᠠᠩ ᠫᠸᠢ ᠵᠦᠩ᠂ ᠼᠤᠤ ᠰᠧ ᠶᠠᠩ ᠵᠡᠷᠭᠡ ᠬᠤᠳᠠ ᠶᠢᠨ ᠤᠳᠤᠷᠢᠳᠤᠯᠭ᠎ᠠ ᠭᠤᠣᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠵᠤ᠂ ᠮᠠᠨ ᠤ ᠰᠢᠶᠠᠨ ᠤ ᠲᠦᠷᠪᠡᠨ ᠶᠡᠭᠡ ᠤᠳᠤᠷᠢᠳᠬᠤ ᠪᠠᠭ ᠤᠨ ᠬᠢᠨ ᠭᠡᠷ ᠲᠡᠭᠡᠨ ᠪᠠᠶᠢᠭ᠎ᠠ ᠤᠳᠤᠷᠢᠳᠤᠯᠭ᠎ᠠ ᠵᠢᠴᠢ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠦᠴᠤᠸᠠᠨ ᠰᠢᠶᠠᠨ ᠤ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号