12 ᠰᠠᠷ᠎ᠠ ᠶᠢᠨ 3 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ ᠱᠧᠩ ᠰᠢᠶᠠᠨ ᠤ | ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2021 ᠣᠨ ᠤ 15 ᠳ᠋ᠤᠭᠠᠷ | ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠳᠡᠭᠡᠷ᠎ᠡ᠂ ᠬᠡᠰᠡᠭ ᠭᠤᠣᠯ ᠳᠤᠭᠤᠶᠢᠯᠠᠩ ᠤᠨ ᠪᠦᠷᠢᠯᠳᠦᠬᠦᠨ ᠨᠡᠷ ︽ᠰᠢ ᠶᠢᠨ ᠫᠢᠩ ᠤᠨ ᠠᠶᠤᠯ | ᠲᠦᠭᠰᠢᠭᠦᠷᠢ ᠥᠷᠢᠰᠥᠯᠳᠦᠭᠡᠨ ᠢ ᠰᠡᠷᠭᠡᠶᠢᠯᠡᠬᠦ᠂ ᠭᠡᠨᠡᠳᠲᠡ ᠶᠢᠨ ᠬᠡᠷᠡᠭ ᠢ ᠠᠷᠭᠠᠴᠠᠬᠤ ᠲᠤᠬᠠᠶ ᠥᠭᠦᠯᠡᠯᠲᠡ ᠶᠢᠨ | ᠲᠣᠪᠴᠢᠯᠠᠯ︾ ᠤᠨ ᠲᠣᠭᠤᠷᠢᠨ ᠳᠤ᠂ ᠰᠢ ᠶᠢᠨ ᠫᠢᠩ ᠶᠡᠷᠦᠩᠬᠡᠶ ᠱᠦᠵᠢ ᠶᠢᠨ ᠦᠵᠡᠯ ᠤᠬᠠᠮᠰᠠᠷ ᠤᠨ ᠬᠡᠯᠪᠡᠷᠢ ᠶᠢᠨ | ᠲᠤᠬᠠᠶ ᠴᠢᠬᠤᠯᠠ ᠥᠭᠦᠯᠡᠯᠲᠡ ᠪᠠ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠠᠷᠭ᠎ᠠ︾ ᠨᠢ ᠦᠵᠡᠯ | ᠤᠬᠠᠮᠰᠠᠷ ᠤᠨ ᠬᠡᠯᠪᠡᠷᠢ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠪᠠᠨ ᠳᠡᠭᠡᠭᠰᠢᠯᠡᠭᠦᠯᠬᠦ ᠶᠢᠨ | ᠬᠠᠮᠲᠤ ᠲᠤᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ | ᠰᠣᠯᠢᠯᠴᠠᠬᠤ ᠶᠢ ᠭᠦᠨᠵᠡᠭᠡᠶ ᠥᠷᠨᠢᠭᠦᠯᠪᠡ᠃ | ᠶᠠᠩ ᠰᠢᠩ ᠱᠧᠩ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠶᠢ ᠭᠦᠨᠵᠡᠭᠡᠢ | ᠰᠤᠷᠤᠯᠴᠠᠨ ᠣᠶᠢᠯᠠᠭᠠᠵᠤ᠂ ᠲᠠᠪᠤᠨ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠨ ᠰᠠᠶᠢᠲᠤᠷ | ᠭᠦᠢᠴᠡᠳᠬᠡᠬᠦ ᠬᠡᠷᠡᠭᠲᠡᠢ︔ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠲᠡᠮᠡᠴᠡᠬᠦ ᠴᠢᠳᠠᠪᠤᠷᠢ ᠪᠠᠨ | ᠳᠡᠭᠡᠭᠰᠢᠯᠡᠭᠦᠯᠵᠦ᠂ ᠠᠶᠤᠯ ᠲᠦᠭᠰᠢᠭᠦᠷᠢ ᠥᠷᠢᠰᠥᠯᠳᠦᠭᠡᠨ ᠳᠤ ᠵᠣᠷᠢᠭᠲᠠᠢ ᠪᠠᠷ ᠬᠠᠨᠳᠤᠬᠤ ᠬᠡᠷᠡᠭᠲᠡᠢ︔ ᠨᠠᠮ ᠤᠨ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ | ᠲᠣᠭᠲᠠᠴᠠ ᠶᠢ ᠲᠡᠭᠦᠯᠳᠡᠷᠵᠢᠭᠦᠯᠦᠨ ᠪᠦᠷᠢᠨᠰᠢᠬᠦᠯᠬᠦ ᠬᠡᠷᠡᠭᠲᠡᠢ︔ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠤᠳᠤᠷᠢᠳᠬᠤ ᠡᠷᠬᠡ ᠶᠢ ᠪᠠᠲᠤ ᠡᠵᠡᠮᠳᠡᠬᠦ ᠬᠡᠷᠡᠭᠲᠡᠢ ᠭᠡᠪᠡ᠃ | ᠶᠠᠩ ᠰᠢᠩ ᠱᠧᠩ ᠱᠠᠭᠠᠷᠳᠠᠭᠰᠠᠨ ᠨᠢ᠂ ︽ᠰᠢ ᠶᠢᠨ ᠫᠢᠩ ᠤᠨ ᠠᠶᠤᠯ ᠲᠦᠭᠰᠢᠭᠦᠷᠢ ᠥᠷᠢᠰᠥᠯᠳᠦᠭᠡᠨ ᠢ | ᠰᠡᠷᠭᠡᠶᠢᠯᠡᠬᠦ᠂ ᠭᠡᠨᠡᠳᠲᠡ ᠶᠢᠨ ᠬᠡᠷᠡᠭ ᠢ ᠠᠷᠭᠠᠴᠠᠬᠤ ᠲᠤᠬᠠᠢ ᠥᠭᠦᠯᠡᠯᠲᠡ ᠶᠢᠨ ᠲᠣᠪᠴᠢᠯᠠᠯ︾ ᠪᠣᠯᠤᠨ ᠶᠡᠷᠦᠩᠬᠡᠢ | ᠱᠦᠵᠢ ᠶᠢᠨ ᠦᠵᠡᠯ ᠤᠬᠠᠮᠰᠠᠷ ᠤᠨ ᠬᠡᠯᠪᠡᠷᠢ ᠪᠣᠯᠤᠨ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠲᠤᠬᠠᠢ | ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠨᠠᠷᠢᠨ ᠬᠢᠨᠠᠮᠠᠭᠠᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ | ᠡᠷᠡᠰ ᠪᠡᠶᠡᠯᠡᠭᠦᠯᠵᠦ᠂ ︽ᠤᠯᠤᠰ ᠤᠨ ᠲᠣᠮᠣ ᠬᠥᠮᠦᠰ︾ ᠢ ᠢᠮᠠᠭᠲᠠ ᠪᠠᠲᠤ ᠴᠡᠭᠡᠵᠢᠯᠡᠵᠦ᠂ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠲᠤᠤᠱᠯᠠᠭᠤᠯᠤᠨ | ᠬᠡᠷᠡᠭᠵᠢᠭᠦᠯᠵᠦ᠂ ᠢᠮᠠᠭᠲᠠ ᠦᠵᠡᠯ ᠰᠠᠨᠠᠭ᠎ᠠ ᠦᠢᠯᠡ ᠠᠵᠢᠯᠯᠠᠭ᠎ᠠ ᠳᠡᠭᠡᠷ᠎ᠡ ᠪᠠᠨ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠵᠤ᠂ ᠲᠠᠪᠤᠨ ᠴᠢᠬᠤᠯᠠ ᠶᠡᠭᠡ | ᠤᠯᠤᠰ ᠲᠦᠷᠦ ᠶᠢᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠷᠡᠰ ᠪᠠᠲᠤ ᠡᠭᠦᠷᠭᠡᠯᠡᠵᠦ᠂ ᠰᠠᠶᠢᠲᠤᠷ | ᠭᠦᠢᠴᠡᠳᠬᠡᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ | ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ ᠲᠦᠷᠦ ᠶᠢᠨ | ᠲᠠᠯ᠎ᠠ ᠪᠠᠷ ᠡᠷᠡᠰ ᠪᠠᠲᠤ ᠪᠠ ᠬᠠᠲᠠᠭᠤ ᠰᠢᠷᠭᠠᠭᠤ ᠴᠢᠷᠮᠠᠶᠢᠯᠭ᠎ᠠ ᠪᠠᠷ ᠡᠯ᠎ᠡ ᠵᠦᠢᠯ ᠤᠨ ᠬᠦᠨᠳᠦ ᠶᠡᠭᠡ ᠠᠶᠤᠯ | ᠲᠦᠭᠰᠢᠭᠦᠷᠢ ᠥᠷᠢᠰᠥᠯᠳᠦᠭᠡᠨ ᠢ ᠰᠠᠶᠢᠲᠤᠷ ᠠᠷᠭᠠᠴᠠᠵᠤ᠂ ︽ᠨᠢᠭᠡ ᠭᠠᠵᠠᠷ ᠣᠷᠣᠨ ᠤ ᠬᠥᠭᠵᠢᠯᠲᠡ ᠶᠢ ᠠᠬᠢᠭᠤᠯᠵᠤ | ᠂ ᠨᠢᠭᠡ ᠭᠠᠵᠠᠷ ᠣᠷᠣᠨ ᠤ ᠠᠮᠤᠷ ᠠᠮᠤᠭᠤᠯᠠᠩ ᠢ ᠪᠠᠲᠤᠯᠠᠬᠤ︾ ᠶᠢ ᠴᠢᠷᠮᠠᠶᠢᠨ ᠪᠡᠶᠡᠯᠡᠭᠦᠯᠵᠦ᠂ ᠨᠡᠩ ᠥᠨᠳᠥᠷ | ᠲᠦᠪᠰᠢᠨ ᠪᠦᠬᠦᠢ ᠠᠮᠤᠷ ᠠᠮᠤᠭᠤᠯᠠᠩ ᠦᠴᠤᠸᠠᠨ ᠢ ᠪᠦᠲᠦᠭᠡᠨ ᠪᠠᠶᠢᠭᠤᠯᠬᠤ ᠬᠡᠷᠡᠭᠲᠡᠢ ᠭᠡᠪᠡ᠃ | ᠶᠠᠩ ᠰᠢᠩ ᠱᠧᠩ ᠱᠠᠭᠠᠷᠳᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠤᠷᠤᠯᠴᠠᠯᠭ᠎ᠠ ᠤᠬᠠᠭᠤᠯᠭ᠎ᠠ ᠬᠥᠮᠦᠵᠢᠯ ᠢ | ᠭᠦᠨᠵᠡᠭᠡᠢ ᠥᠷᠨᠢᠭᠦᠯᠵᠦ᠂ ᠨᠠᠮ ᠠᠴᠠ ᠤᠬᠠᠭᠤᠯᠭ᠎ᠠ ᠶᠢ ᠬᠠᠮᠢᠶᠠᠷᠬᠤ᠂ ᠨᠠᠮ ᠠᠴᠠ ᠦᠵᠡᠯ ᠤᠬᠠᠮᠰᠠᠷ ᠤᠨ ᠬᠡᠯᠪᠡᠷᠢ ᠶᠢ | ᠬᠠᠮᠢᠶᠠᠷᠬᠤ᠂ ᠨᠠᠮ ᠠᠴᠠ ᠵᠠᠭᠤᠴᠢᠯᠠᠭᠤᠷ ᠢ ᠬᠠᠮᠢᠶᠠᠷᠬᠤ ᠶᠢ ᠪᠠᠷᠢᠮᠲᠠᠯᠠᠵᠤ᠂ ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠠᠶᠢᠭᠤᠯᠤᠯᠲᠠ ᠪᠠ ᠬᠠᠮᠢᠶᠠᠷᠤᠯᠲᠠ ᠶᠢ | ᠨᠢᠭᠡᠳᠦᠯᠲᠡᠢ ᠲᠥᠯᠥᠪᠵᠢᠭᠦᠯᠵᠦ᠂ ᠳᠣᠲᠣᠭᠠᠳᠤ ᠤᠬᠠᠭᠤᠯᠭ᠎ᠠ ᠪᠠ ᠭᠠᠳᠠᠭᠠᠳᠤ ᠤᠬᠠᠭᠤᠯᠭ᠎ᠠ ᠶᠢ ᠨᠢᠭᠡᠳᠦᠯᠲᠡᠢ | ᠲᠥᠯᠥᠪᠵᠢᠭᠦᠯᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠳᠣᠣᠷ᠎ᠠ ᠤᠳᠤᠷᠢᠳᠤᠮᠵᠢ ᠶᠢ ᠦᠨᠡᠨᠬᠦ ᠰᠠᠶᠢᠲᠤᠷ | ᠬᠠᠮᠢᠶᠠᠷᠴᠤ᠂ ᠵᠢᠭᠰᠠᠭᠠᠯ ᠤᠨ ᠭᠠᠵᠠᠷ ᠢ ᠰᠠᠶᠢᠲᠤᠷ ᠬᠠᠮᠢᠶᠠᠷᠴᠤ᠂ ᠡᠩᠨᠡᠭᠡ ᠶᠢ ᠰᠠᠶᠢᠲᠤᠷ ᠬᠠᠮᠢᠶᠠᠷᠬᠤ ᠬᠡᠷᠡᠭᠲᠡᠢ᠃ | ᠡᠯ᠎ᠡ ᠵᠦᠢᠯ ᠤᠨ ᠪᠤᠷᠤᠭᠤ ᠦᠵᠡᠯᠲᠡ ᠶᠢ ᠲᠤᠭ ᠲᠡᠮᠳᠡᠭ ᠲᠣᠳᠣᠷᠬᠠᠢ ᠪᠠᠷ ᠡᠰᠡᠷᠭᠦᠴᠡᠨ ᠬᠤᠷᠢᠭᠯᠠᠵᠤ᠂ ᠵᠥᠪ ᠴᠢᠭᠯᠡᠯ | ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ᠂ ᠦᠷᠳᠡᠭ ᠤᠨ ᠬᠠᠨᠳᠤᠯᠭ᠎ᠠ ᠶᠢ ᠢᠮᠠᠭᠲᠠ ᠪᠠᠷᠢᠮᠲᠠᠯᠠᠵᠤ᠂ ᠭᠤᠣᠯ | ᠰᠡᠳᠦᠪᠲᠦ ᠤᠬᠠᠭᠤᠯᠭ᠎ᠠ᠂ ᠴᠠᠭ ᠤᠨ ᠪᠠᠶᠢᠳᠠᠯ ᠤᠨ ᠤᠬᠠᠭᠤᠯᠭ᠎ᠠ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠪᠠ | ᠨᠡᠶᠢᠲᠡᠯᠢᠭ ᠵᠢᠱᠢᠶ᠎ᠡ ᠶᠢᠨ ᠤᠬᠠᠭᠤᠯᠭ᠎ᠠ ᠶᠢ ᠶᠡᠬᠡᠪᠡᠷ ᠥᠷᠨᠢᠭᠦᠯᠵᠦ᠂ ᠤᠬᠠᠭᠤᠯᠭ᠎ᠠ ᠶᠢᠨ ᠠᠷᠭ᠎ᠠ ᠬᠡᠯᠪᠡᠷᠢ ᠠᠷᠭ᠎ᠠ | ᠪᠠᠷᠢᠯ ᠤᠨ ᠰᠢᠨ᠎ᠡ ᠶᠢ ᠡᠭᠦᠳᠴᠦ᠂ ᠭᠤᠣᠯ ᠤᠷᠤᠰᠬᠠᠯ ᠤᠨ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠠᠬᠢᠵᠢᠭᠦᠯᠦᠨ | ᠪᠤᠵᠠᠭᠠᠶᠢᠷᠠᠭᠤᠯᠵᠤ᠂ ᠢᠨᠲ᠋ᠧᠷ ᠰᠦᠯᠵᠢᠶᠡᠨ ᠤ ᠪᠠᠶᠢᠭᠤᠯᠤᠯᠲᠠ᠂ ᠬᠡᠷᠡᠭᠯᠡᠯᠲᠡ ᠪᠠ ᠬᠠᠮᠢᠶᠠᠷᠤᠯᠲᠠ ᠶᠢᠨ ᠲᠦᠪᠰᠢᠨ ᠢ | ᠳᠡᠭᠡᠭᠰᠢᠯᠡᠭᠦᠯᠵᠦ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠡᠷᠡᠰ ᠬᠠᠮᠠᠭᠠᠯᠠᠬᠤ | ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠲᠤᠪᠤᠶᠢᠮ᠎ᠠ ᠠᠰᠠᠭᠤᠳᠠᠯ ᠳᠤ ᠵᠥᠪ ᠢᠶᠠᠷ ᠬᠠᠨᠳᠤᠬᠤ ᠪᠠ | ᠲᠡᠭᠦᠨ ᠢ ᠰᠢᠢᠳᠪᠦᠷᠢᠯᠡᠵᠦ᠂ ᠤᠬᠠᠭᠤᠯᠭ᠎ᠠ ᠬᠥᠮᠦᠵᠢᠯ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠪᠦᠬᠦ | ᠠᠵᠢᠯᠳᠠᠨᠴᠢᠯᠠᠭᠰᠠᠨ᠂ ᠪᠠᠶᠢᠩᠭᠤᠵᠢᠭᠰᠠᠨ ᠤᠬᠠᠭᠤᠯᠭ᠎ᠠ ᠬᠥᠮᠦᠵᠢᠯ ᠤᠨ ᠲᠣᠭᠲᠠᠴᠠ ᠶᠢ ᠪᠦᠷᠢᠨᠰᠢᠬᠦᠯᠵᠦ᠂ | ᠳᠤᠮᠳᠠᠳᠤ ᠶᠢᠨ ᠦᠨᠳᠦᠰᠦᠲᠡᠨ ᠤ ᠲᠡᠦᠬᠡ ᠶᠢᠨ ᠦᠵᠡᠯᠲᠡ ᠶᠢᠨ ᠬᠥᠮᠦᠵᠢᠯ ᠢ ᠴᠢᠩᠭᠠᠳᠬᠠᠵᠤ᠂ ︽ᠭᠤᠷᠪᠠᠨ ᠰᠠᠯᠵᠤ | ᠴᠢᠳᠠᠬᠤ ᠦᠭᠡᠢ︾᠂ ︽ᠲᠠᠪᠤᠨ ᠮᠡᠳᠡᠷᠡᠮᠵᠢ︾ ᠶᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠳᠤ | ᠭᠦᠨ ᠦᠨᠳᠦᠰᠦᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ | ᠪᠠᠶᠢᠭᠤᠯᠤᠯᠲᠠ ᠶᠢ ᠴᠢᠷᠮᠠᠶᠢᠨ ᠠᠬᠢᠭᠤᠯᠬᠤ ᠬᠡᠷᠡᠭᠲᠡᠢ ᠭᠡᠪᠡ᠃ | |