ᠶᠠᠩ ᠰᠢᠩ ᠱᠧᠩ ᠰᠢᠶᠠᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ 10 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/14
     12 ᠳ᠋ᠤᠭᠠᠷ ᠰᠠᠷ᠎ᠠ ᠶᠢᠨ 2 ᠤᠨ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ ᠱᠧᠩ ᠰᠢᠶᠠᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ 10 ᠳ᠋ᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠤᠢᠢᠷ᠎ᠠ ᠶᠢᠨ ᠬᠤᠭᠤᠴᠠᠭᠠᠨ ᠤ ᠮᠠᠨ ᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠪᠣᠯᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠴᠠᠢ᠃      ᠶᠠᠩ ᠰᠢᠩ ᠱᠧᠩ ᠵᠢᠭᠠᠵᠤ ᠭᠠᠷᠭᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠪᠣᠯ ᠮᠠᠨ ᠤ ᠰᠢᠶᠠᠨ ᠤ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠭᠤᠣᠯᠳᠠᠯᠭ᠎ᠠ ᠲᠠᠢ ᠤᠯᠤᠰ ᠲᠦᠷᠦ ᠶᠢᠨ ᠡᠭᠦᠷᠭᠡ ᠪᠣᠯᠤᠨ᠎ᠠ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠪᠠᠲᠤᠳᠬᠠᠵᠤ᠂ ᠠᠵᠢᠯ ᠤᠨ ᠡᠭᠦᠷᠭᠡ ᠪᠠᠨ ᠤᠯᠠᠮ ᠴᠢᠨᠠᠭᠰᠢᠳᠠ ᠲᠣᠳᠣᠷᠬᠠᠶᠢᠯᠠᠵᠤ᠂ ᠠᠵᠢᠯ ᠤᠨ ᠭᠤᠣᠯᠳᠠᠯᠭ᠎ᠠ ᠪᠠᠨ ᠲᠣᠳᠣᠷᠬᠠᠶᠢᠯᠠᠵᠤ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠥᠷᠢᠯᠡᠵᠦ᠂ ᠡᠭᠦᠨ ᠤ ᠤᠯᠠᠮ ᠠᠴᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠡᠮᠬᠢ ᠳᠢᠭᠯᠢᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠶᠠᠩ ᠰᠢᠩ ᠱᠧᠩ ᠱᠠᠭᠠᠷᠳᠠᠭᠰᠠᠨ ᠨᠢ᠂ ᠠᠮᠢ ᠠᠬᠤᠶ ᠶᠢᠨ ᠬᠠᠮᠠᠭᠠᠯᠠᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠳᠤ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠥᠷᠨᠢᠭᠦᠯᠬᠦ ᠶᠢᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠲᠡᠪᠴᠢᠵᠦ᠂ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠲᠣᠭᠲᠠᠭᠤᠨ ᠢᠶᠠᠷ ᠤᠷᠤᠭᠰᠢᠯᠠᠬᠤ ᠶᠢ ᠯᠠᠪᠳᠠᠭᠤᠨ ᠢᠶᠠᠷ ᠠᠬᠢᠭᠤᠯᠬᠤ ᠶᠢᠨ ᠬᠠᠮᠲᠤ᠂ ᠣᠯᠠᠨ ᠵᠦᠢᠯ ᠤᠨ ᠤᠬᠠᠭᠤᠯᠭ᠎ᠠ ᠶᠢᠨ ᠠᠷᠭ᠎ᠠ ᠮᠠᠶ᠋ᠢᠭ ᠢ ᠠᠪᠴᠤ᠂ ᠣᠯᠠᠨ ᠲᠦᠮᠡᠨ ᠤ ᠤᠬᠠᠭᠤᠯᠵᠤ ᠬᠥᠲᠥᠯᠦᠨ ᠵᠢᠯᠣᠭᠤᠳᠬᠤ ᠠᠵᠢᠯ ᠢ ᠢᠳᠡᠪᠬᠢᠲᠡᠶ ᠰᠠᠶᠢᠲᠤᠷ ᠬᠢᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠦᠷᠭᠦᠯᠵᠢᠯᠡᠨ ᠭᠦᠨᠵᠡᠭᠡᠶ ᠠᠬᠢᠭᠤᠯᠬᠤ ᠳᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠪᠣᠳᠠᠲᠠᠶ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号