ᠶᠠᠩ ᠰᠢᠩ ᠱᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 22 ᠳ᠋ᠤᠭᠠᠷ ᠤᠳᠠᠭ᠎ᠠ ᠶᠢᠨ ᠬᠤᠷᠠᠯ ᠵᠢᠴᠢ ᠰᠢᠶᠠᠨ ᠤ ᠰᠢᠨ᠎ᠡ‌‍ᠲ᠋ᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ 9 ᠳ᠋ᠦ᠋ᠭᠡᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/14
     12 ᠰᠠᠷ᠎ᠠ ᠶᠢᠨ 2 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 22 ᠳ᠋ᠤᠭᠠᠷ ᠤᠳᠠᠭᠠᠨ ᠤ ᠬᠤᠷᠠᠯ ᠵᠢᠴᠢ ᠰᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ 9 ᠳ᠋ᠦ᠋ᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃      ᠶᠠᠩ ᠰᠢᠩ ᠱᠧᠩ ᠱᠠᠭᠠᠷᠳᠠᠭᠰᠠᠨ ᠨᠢ᠂ ᠪᠦᠬᠦ ᠰᠢᠶᠠᠨ ᠢᠶᠠᠷ ᠢᠶᠠᠨ ᠤᠯᠤᠰ ᠲᠦᠷᠦ ᠦᠵᠡᠯ ᠰᠠᠨᠠᠭ᠎ᠠ ᠪᠠᠨ ᠳᠡᠭᠡᠭᠰᠢᠯᠡᠭᠦᠯᠬᠦ ᠬᠡᠷᠡᠭᠲᠡᠶ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠣᠶᠢᠯᠠᠭᠠᠵᠤ᠂ ᠰᠠᠶᠢᠲᠤᠷ ᠤᠬᠠᠭᠤᠯᠤᠨ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠪᠦᠬᠦ ᠰᠢᠶᠠᠨ ᠤ ᠨᠠᠮ ᠤᠨ ᠭᠡᠰᠢᠭᠦᠨ ᠺᠠᠳ᠋ᠷᠴᠤᠳ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ︽ᠠᠷᠪᠠ ᠶᠢ ᠪᠠᠷᠢᠮᠲᠠᠯᠠᠬᠤ︾ ᠡᠷᠬᠢᠮ ᠨᠠᠨᠳᠢᠨ ᠲᠤᠷᠰᠢᠯᠭ᠎ᠠ ᠶᠢ ᠤᠯᠠᠮᠵᠢᠯᠠᠵᠤ᠂ ᠬᠤᠪᠢᠰᠬᠠᠯᠲᠤ ᠴᠢᠰᠤᠨ ᠰᠤᠳᠠᠰᠤ ᠶᠢ ᠦᠷᠭᠦᠯᠵᠢᠯᠡᠭᠦᠯᠦᠨ᠎ᠡ᠃ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠡᠵᠡᠮᠰᠢᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠮᠠᠨ ᠤ ᠰᠢᠶᠠᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠣᠯᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ᠪᠦᠬᠦᠳᠡ ᠬᠤᠷᠠᠯ ᠠᠴᠠ ᠳᠤᠷᠠᠳᠤᠭᠰᠠᠨ ᠴᠢᠬᠤᠯᠠ ᠶᠡᠭᠡ ᠥᠭᠦᠯᠡᠯᠲᠡ᠂ ᠴᠢᠬᠤᠯᠠ ᠶᠡᠭᠡ ᠮᠠᠭᠠᠳᠯᠠᠯᠲᠠ ᠪᠣᠯᠤᠨ ᠴᠢᠬᠤᠯᠠ ᠶᠡᠭᠡ ᠠᠷᠭ᠎ᠠ ᠬᠡᠮᠵᠢᠶ᠎ᠡ ᠶᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ᠂ ᠦᠵᠡᠯ ᠰᠠᠨᠠᠭᠠᠨ ᠤ ᠲᠠᠯ᠎ᠠ ᠪᠠᠷ ᠪᠠᠷᠢᠮᠵᠢᠶ᠎ᠠ ᠪᠠᠷ ᠢᠯᠡᠳᠬᠡᠵᠦ᠂ ᠦᠢᠯᠡ ᠠᠵᠢᠯᠯᠠᠭ᠎ᠠ ᠶᠢᠨ ᠲᠠᠯ᠎ᠠ ᠪᠠᠷ ᠴᠢᠩᠭ᠎ᠠ ᠳᠠᠭᠠᠵᠤ᠂ ᠬᠡᠷᠡᠭᠵᠢᠭᠦᠯᠬᠦ ᠲᠠᠯ᠎ᠠ ᠪᠠᠷ ᠡᠷᠡᠰ ᠠᠬᠢᠭᠤᠯᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠦᠨᠡᠨᠬᠦ ᠰᠠᠶᠢᠲᠤᠷ ᠬᠢᠬᠦ ᠬᠡᠷᠡᠭᠲᠡᠢ ᠭᠡᠪᠡ᠃      ᠶᠠᠩ ᠰᠢᠩ ᠱᠧᠩ ᠵᠢᠭᠠᠵᠤ ᠭᠠᠷᠭᠠᠭᠰᠠᠨ ᠨᠢ᠂ ᠪᠦᠬᠦ ᠰᠢᠶᠠᠨ ᠢᠶᠠᠷ ᠢᠶᠠᠨ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠢ ᠪᠠᠶᠢᠭᠤᠯᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠤᠬᠠᠭᠤᠯᠤᠨ ᠲᠤᠤᠱᠯᠠᠭᠤᠯᠵᠤ᠂ ︽ᠳᠥᠷᠪᠡᠨ ᠤᠬᠠᠮᠰᠠᠷ︾ ᠢ ᠦᠨᠡᠨᠬᠦ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠪᠣᠯᠪᠠᠰᠤᠨ ᠤ ᠦᠢᠯᠡᠳᠦᠯᠭᠡ ᠶᠢᠨ ᠦᠷᠳᠡᠭᠡ ᠭᠠᠵᠠᠷ ᠤᠨ ᠪᠠᠶᠢᠭᠤᠯᠤᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢ ᠥᠷᠭᠡᠳᠬᠡᠬᠦ ᠤᠬᠠᠮᠰᠠᠷᠲᠤ ᠴᠢᠨᠠᠷ ᠪᠣᠯᠤᠨ ᠰᠠᠨᠠᠭᠠᠴᠢᠯᠠᠭᠠᠲᠤ ᠴᠢᠨᠠᠷ ᠢ ᠦᠨᠡᠨᠬᠦ ᠴᠢᠩᠭᠠᠳᠬᠠᠵᠤ᠂ ᠪᠦᠬᠦ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠳᠠᠰᠤᠷᠠᠯᠳᠠ ᠦᠬᠡᠢ ᠡᠭᠦᠳᠴᠦ ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号