2021 ᠣᠨ ᠤ ᠳᠣᠤᠷ᠎ᠠ ᠬᠠᠭᠠᠰ ᠵᠢᠯ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ ᠰᠢᠯᠭᠠᠯᠲᠠ ᠶᠢᠨ ᠪᠢᠷ ᠤᠨ ᠰᠢᠯᠭᠠᠯᠲᠠ ᠶᠢᠨ ᠬᠢᠷᠢ ᠪᠦᠳᠦᠮᠵᠢ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2021/12/14
    ᠰᠤᠷᠪᠤᠯᠵᠢᠯᠠᠭᠴᠢ ᠮᠢᠶᠣᠣ ᠴᠢᠩ︶ 12 ᠳ᠋ᠤᠭᠠᠷ ᠰᠠᠷ᠎ᠠ ᠶᠢᠨ 9 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠤᠨ ᠨᠡᠶᠢᠲᠡᠯᠡᠭᠰᠡᠨ ᠢᠶᠠᠷ᠂ ᠰᠤᠷᠭᠠᠨ ᠬᠥᠮᠦᠵᠢᠯ ᠤᠨ ᠶᠠᠮᠤᠨ ᠤ ᠰᠢᠯᠭᠠᠯᠲᠠ ᠶᠢᠨ ᠲᠥᠪ ᠨᠢᠭᠡᠨᠲᠡ 2021 ᠣᠨ ᠤ ᠳᠣᠤᠷ᠎ᠠ ᠬᠠᠭᠠᠰ ᠵᠢᠯ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ ᠰᠢᠯᠭᠠᠯᠲᠠ ᠶᠢᠨ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠪᠡ᠂ ᠰᠢᠯᠭᠠᠭᠤᠯᠤᠭᠴᠢ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ ᠰᠢᠯᠭᠠᠯᠲᠠ ᠶᠢᠨ ᠰᠦᠯᠵᠢᠶᠡᠨ ᠥᠷᠲᠡᠭᠡ ︵http://ntce.neea.edu.cn ᠳᠤ ᠣᠷᠣᠵᠤ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠪᠠᠨ ᠯᠠᠪᠯᠠᠵᠤ ᠪᠣᠯᠤᠨ᠎ᠠ᠃ ᠰᠤᠷᠭᠠᠨ ᠬᠥᠮᠦᠵᠢᠯ ᠤᠨ ᠶᠠᠮᠤᠨ ᠤ ᠰᠢᠯᠭᠠᠯᠲᠠ ᠶᠢᠨ ᠲᠥᠪ ᠤᠨ ᠨᠡᠶᠢᠲᠡᠯᠡᠭᠰᠡᠨ ᠬᠢᠷᠢ ᠪᠦᠲᠦᠮᠵᠢ ᠪᠣᠯ ᠡᠯ᠎ᠡ ᠲᠥᠷᠥᠯ ᠤᠨ ᠬᠢᠷᠢ ᠲᠡᠩᠴᠡᠭᠰᠡᠨ ᠱᠤᠭᠤᠮ ᠤᠨ ᠰᠠᠭᠤᠷᠢᠨ ᠳᠡᠭᠡᠷ᠎ᠡ ᠰᠣᠯᠢᠭᠰᠠᠨ ᠮᠡᠳᠡᠭᠦᠯᠦᠯᠲᠡ ᠶᠢᠨ ᠬᠤᠪᠢ ᠮᠥᠨ᠂ ᠬᠠᠷᠢᠨ ᠠᠩᠬᠠᠨ ᠤ ᠰᠢᠯᠭᠠᠯᠲᠠ ᠶᠢᠨ ᠬᠠᠭᠤᠳᠠᠰᠤ ᠶᠢᠨ ᠬᠤᠪᠢ ᠪᠢᠰᠢ ᠶᠤᠮ᠃ ᠮᠡᠳᠡᠭᠦᠯᠦᠯᠲᠡ ᠶᠢᠨ ᠬᠤᠪᠢ ᠨᠢ ᠪᠦᠷᠢᠨ ᠬᠤᠪᠢ 120 ᠬᠤᠪᠢ ᠪᠠᠶᠢᠵᠤ᠂ 70 ᠬᠤᠪᠢ ᠠᠴᠠ ᠳᠡᠭᠡᠭᠰᠢ ᠬᠤᠪᠢ ᠶᠢ ᠬᠢᠷᠢ ᠲᠡᠩᠴᠡᠭᠰᠡᠨ ᠢᠶᠠᠷ ᠲᠣᠭᠠᠴᠠᠵᠤ᠂ ᠪᠢᠷ ᠤᠨ ᠰᠢᠯᠭᠠᠯᠲᠠ ᠶᠢᠨ ᠲᠠᠩ ᠬᠢᠴᠢᠶᠡᠯ ᠤᠨ ᠬᠢᠷᠢ ᠪᠦᠲᠦᠮᠵᠢ ᠨᠢ ᠬᠤᠶᠠᠷ ᠵᠢᠯ ᠳᠤ ᠬᠦᠴᠦᠨ ᠲᠠᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠰ ᠤᠳᠠᠭᠠᠨ ᠤ ᠪᠢᠷ ᠤᠨ ᠰᠢᠯᠭᠠᠯᠲᠠ ᠳᠤ ᠣᠷᠣᠯᠴᠠᠭᠰᠠᠨ ᠰᠢᠯᠭᠠᠭᠤᠯᠤᠭᠴᠢ ᠬᠡᠷᠪᠡ ᠬᠤᠪᠢ ᠬᠥᠮᠦᠨ ᠤ ᠬᠢᠷᠢ ᠪᠦᠲᠦᠮᠵᠢ ᠳᠤ ᠣᠨᠳᠣᠤ ᠰᠠᠨᠠᠯ ᠲᠠᠢ ᠪᠠᠶᠢᠪᠠᠯ᠂ 12 ᠳ᠋ᠤᠭᠠᠷ ᠰᠠᠷ᠎ᠠ ᠶᠢᠨ 9 ᠤ ᠡᠳᠦᠷ ᠠᠴᠠ 18 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ︵https://www.nm.zsks.cn/︶ ᠶᠢᠨ ︽ᠪᠠᠭᠰᠢ ᠶᠢᠨ ᠬᠢᠷᠢ ᠬᠡᠮ ᠤᠨ ᠰᠢᠯᠭᠠᠯᠲᠠ︾ ᠪᠤᠯᠤᠩ ᠳᠠᠬᠢ ︽ᠪᠠᠭᠰᠢ ᠶᠢᠨ ᠬᠢᠷᠢ ᠬᠡᠮ ᠤᠨ ᠰᠢᠯᠭᠠᠯᠲᠠ ᠶᠢᠨ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢ ᠳᠠᠬᠢᠨ ᠬᠢᠨᠠᠬᠤ ᠰᠢᠰᠲ᠋ᠧᠮ︾ ᠢᠶᠠᠷ ᠳᠡᠮᠵᠢᠨ ᠬᠢᠷᠢ ᠪᠦᠲᠦᠮᠵᠢ ᠶᠢ ᠳᠠᠬᠢᠨ ᠬᠢᠨᠠᠭᠤᠯᠬᠤ ᠭᠤᠶᠤᠴᠢᠯᠠᠯ ᠢᠶᠠᠨ ᠳᠡᠪᠰᠢᠭᠦᠯᠵᠦ ᠪᠣᠯᠤᠨ᠎ᠠ᠃ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠪᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ ᠬᠢᠷᠢ ᠪᠦᠲᠦᠮᠵᠢ ᠶᠢ ᠳᠠᠬᠢᠨ ᠬᠢᠨᠠᠭᠰᠠᠨ ᠮᠡᠳᠡᠭᠡ ᠵᠠᠩᠭᠢ ᠶᠢ ᠬᠤᠷᠢᠶᠠᠩᠭᠤᠶᠢᠯᠠᠭᠰᠠᠨ ᠤ ᠳᠠᠷᠠᠭ᠎ᠠ ᠰᠤᠷᠭᠠᠨ ᠬᠥᠮᠦᠵᠢᠯ ᠤᠨ ᠶᠠᠮᠤᠨ ᠤ ᠰᠢᠯᠭᠠᠯᠲᠠ ᠶᠢᠨ ᠲᠥᠪ ᠲᠤ ᠮᠡᠳᠡᠭᠦᠯᠦᠨ ᠬᠦᠷᠭᠡᠵᠦ ᠨᠢᠭᠡᠳᠦᠯᠲᠡᠶ ᠳᠠᠪᠲᠠᠨ ᠪᠠᠶᠢᠴᠠᠭᠠᠯᠭᠠᠨ᠎ᠠ᠂ ᠰᠤᠷᠭᠠᠨ ᠬᠥᠮᠦᠵᠢᠯ ᠤᠨ ᠶᠠᠮᠤᠨ ᠤ ᠰᠢᠯᠭᠠᠯᠲᠠ ᠶᠢᠨ ᠲᠥᠪ ᠠᠴᠠ ᠳᠠᠬᠢᠨ ᠬᠢᠨᠠᠬᠤ ᠳᠠᠭᠠᠨ ᠵᠥᠪᠬᠡᠨ ᠳᠡᠮᠳᠡᠭᠯᠡᠭᠰᠡᠨ ᠬᠤᠪᠢ ᠨᠢ ᠣᠨᠣᠪᠴᠢᠲᠠᠶ ᠡᠰᠡᠬᠦ ᠶᠢ ᠯᠡ ᠬᠢᠨᠠᠨ᠎ᠠ᠃ ᠰᠢᠯᠭᠠᠭᠤᠯᠤᠭᠴᠢ 12 ᠳ᠋ᠤᠭᠠᠷ ᠰᠠᠷ᠎ᠠ ᠶᠢᠨ 23 ᠤ ᠡᠳᠦᠷ ᠠᠴᠠ ᠰᠡᠭᠦᠯᠡᠷ᠂ ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠶᠢᠨ ︽ᠪᠠᠭᠰᠢ ᠶᠢᠨ ᠬᠢᠷᠢ ᠬᠡᠮ ᠤᠨ ᠰᠢᠯᠭᠠᠯᠲᠠ ᠶᠢᠨ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢ ᠳᠠᠬᠢᠨ ᠬᠢᠨᠠᠬᠤ ᠰᠢᠰᠲ᠋ᠧᠮ︾ ᠳᠤ ᠣᠷᠣᠵᠤ ᠳᠠᠬᠢᠨ ᠬᠢᠨᠠᠭᠰᠠᠨ ᠦᠷ᠎ᠡ ᠳ᠋ᠦᠩ ᠢ ᠯᠠᠪᠯᠠᠵᠤ ᠪᠣᠯᠤᠨ᠎ᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ ᠰᠠᠨᠠᠭᠤᠯᠤᠭᠰᠠᠨ ᠨᠢ᠂ ᠰᠢᠯᠭᠠᠭᠤᠯᠤᠭᠴᠢ ᠬᠢᠷᠢ ᠪᠦᠲᠦᠮᠵᠢ ᠶᠢ ᠳᠠᠬᠢᠨ ᠬᠢᠨᠠᠭᠤᠯᠬᠤ ᠭᠤᠶᠤᠴᠢᠯᠠᠯ ᠤᠨ ᠬᠤᠯᠪᠣᠭᠳᠠᠯ ᠪᠥᠬᠦᠶ ᠮᠡᠳᠡᠭᠡ ᠵᠠᠩᠭᠢ ᠶᠢ ᠣᠨᠣᠪᠴᠢᠲᠠᠶ ᠲᠠᠭᠯᠠᠵᠤ᠂ ᠲᠣᠭᠲᠠᠭᠰᠠᠨ ᠴᠠᠭ ᠤᠨ ᠳᠣᠲᠣᠷ᠎ᠠ ᠳᠠᠬᠢᠨ ᠬᠢᠨᠠᠭᠤᠯᠬᠤ ᠭᠤᠶᠤᠴᠢᠯᠠᠯ ᠢᠶᠠᠨ ᠲᠤᠰᠢᠶᠠᠬᠤ ᠬᠡᠷᠡᠭᠲᠡᠶ᠃ ᠲᠣᠭᠲᠠᠭᠠᠭᠰᠠᠨ ᠴᠠᠭ ᠪᠠ ᠠᠷᠭ᠎ᠠ ᠮᠠᠶ᠋ᠢᠭ ᠢᠶᠠᠷ ᠳᠠᠬᠢᠨ ᠬᠢᠨᠠᠭᠤᠯᠬᠤ ᠭᠤᠶᠤᠴᠢᠯᠠᠯ ᠭᠠᠷᠭᠠᠭᠰᠠᠨ ᠥᠬᠡᠶ ᠪᠤᠶᠤ ᠬᠠᠩᠭᠠᠭᠰᠠᠨ ᠮᠡᠳᠡᠭᠡ ᠵᠠᠩᠭᠢ ᠳᠤᠨᠢ ᠠᠯᠳᠠᠭ᠎ᠠ ᠪᠤᠷᠤᠭᠤ ᠲᠠᠢ ᠠᠴᠠ ᠪᠣᠯᠵᠣ ᠬᠢᠷᠢ ᠪᠦᠲᠦᠮᠵᠢ ᠶᠢ ᠬᠠᠷᠭᠤᠭᠤᠯᠤᠨ ᠪᠠᠶᠢᠴᠠᠭᠠᠬᠤ ᠶᠢᠨ ᠠᠷᠭ᠎ᠠ ᠥᠬᠡᠶ ᠪᠣᠯᠤᠭᠰᠠᠨ ᠪᠠᠶᠢᠪᠠᠯ᠂ ᠬᠠᠷᠢᠭᠤᠴᠠᠯᠭ᠎ᠠ ᠶᠢ ᠰᠢᠯᠭᠠᠭᠤᠯᠤᠭᠴᠢ ᠥᠪᠡᠷ ᠢᠶᠠᠨ  ᠡᠭᠦᠷᠭᠡᠯᠡᠨ᠎ᠡ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号