ᠮᠠᠨ ᠤ ᠣᠷᠣᠨ ᠤ ᠤᠷᠠᠯᠢᠭ ᠤᠨ ᠰᠢᠯᠭᠠᠯᠲᠠ ᠶᠢᠨ ᠪᠢᠷ ᠤᠨ ᠰᠢᠯᠭᠠᠯᠲᠠ ᠶᠢᠨ ᠴᠠᠭ ᠢ 12 ᠳ᠋ᠤᠭᠠᠷ ᠰᠠᠷ᠎ᠠ ᠶᠢᠨ 23 ᠤ ᠡᠳᠦᠷ ᠪᠣᠯᠭᠠᠨ ᠲᠣᠬᠢᠷᠠᠭᠤᠯᠪᠠ
ᠨᠡᠶᠢᠲᠡᠯᠡᠭᠰᠡᠨ ᠴᠠᠭ᠄
2021/12/14
    ︵ᠰᠤᠷᠪᠤᠯᠵᠢᠯᠠᠭᠴᠢ ᠮᠢᠶᠣᠣ ᠴᠢᠩ︶ 12 ᠳ᠋ᠤᠭᠠᠷ ᠰᠠᠷ᠎ᠠ ᠶᠢᠨ 9 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ︽2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠤᠷᠠᠯᠢᠭ ᠤᠨ ᠲᠥᠷᠥᠯ ᠤᠨ ᠲᠤᠰᠬᠠᠶ ᠮᠡᠷᠭᠡᠵᠢᠯ ᠤᠨ ᠨᠢᠭᠡᠳᠦᠯᠲᠡᠶ ᠰᠢᠯᠭᠠᠯᠲᠠ ᠶᠢᠨ ︵ᠪᠢᠷ ᠤᠨ ᠰᠢᠯᠭᠠᠯᠲᠠ︶ ᠴᠠᠭ ᠲᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ︾ ᠢ ᠨᠡᠶᠢᠲᠡᠯᠡᠵᠦ᠂ ᠮᠠᠨ ᠤ ᠣᠷᠣᠨ ᠤ ᠤᠷᠠᠯᠢᠭ ᠤᠨ ᠰᠢᠯᠭᠠᠯᠲᠠ ᠶᠢᠨ ᠪᠢᠷ ᠤᠨ ᠰᠢᠯᠭᠠᠯᠲᠠ ᠶᠢᠨ ᠴᠠᠭ ᠢ 12 ᠳ᠋ᠤᠭᠠᠷ ᠰᠠᠷ᠎ᠠ ᠶᠢᠨ 23 ᠤ ᠡᠳᠦᠷ ᠪᠣᠯᠭᠠᠨ ᠲᠣᠬᠢᠷᠠᠭᠤᠯᠪᠠ᠃     ᠲᠠᠨᠢᠯᠴᠠᠭᠤᠯᠤᠭᠰᠠᠨ ᠢᠶᠠᠷ᠂ ᠮᠠᠨ ᠤ ᠣᠷᠣᠨ ᠤ ᠣᠳᠣᠬᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠬᠦᠨᠳᠦ ᠬᠡᠴᠡᠭᠦᠤ ᠪᠥᠭᠡᠳ ᠪᠤᠳᠤᠯᠢᠶᠠᠨᠲᠠᠶ ᠤᠴᠢᠷ ᠠᠴᠠ ᠰᠤᠳᠤᠯᠬᠤ ᠪᠠᠷ ᠳᠡᠮᠵᠢᠨ᠂ 2021 ᠣᠨ ᠤ 12 ᠳ᠋ᠤᠭᠠᠷ ᠰᠠᠷ᠎ᠠ ᠶᠢᠨ 12 ᠤᠨ ᠡᠳᠦᠷ ᠬᠢᠬᠦ ᠪᠠᠷ ᠲᠣᠭᠲᠠᠭᠰᠠᠨ 2022 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠤᠷᠠᠯᠢᠭ ᠤᠨ ᠲᠥᠷᠥᠯ ᠤᠨ ᠲᠤᠰᠬᠠᠶ ᠮᠡᠷᠭᠡᠵᠢᠯ ᠤᠨ ᠨᠢᠭᠡᠳᠦᠯᠲᠡᠶ ᠰᠢᠯᠭᠠᠯᠲᠠ ᠶᠢᠨ ︵ᠪᠢᠷ ᠤᠨ ᠰᠢᠯᠭᠠᠯᠲᠠ︶ ᠶᠢᠨ ᠰᠢᠯᠭᠠᠯᠲᠠ ᠶᠢᠨ ᠴᠠᠭ ᠢ 2021 ᠣᠨ ᠤ 12 ᠳ᠋ᠤᠭᠠᠷ ᠰᠠᠷ᠎ᠠ ᠶᠢᠨ 23 ᠤ ᠡᠳᠦᠷ ᠪᠣᠯᠭᠠᠨ ᠲᠣᠬᠢᠷᠠᠭᠤᠯᠬᠤ ᠪᠠᠷ ᠲᠣᠭᠲᠠᠪᠠ᠃ ᠰᠢᠯᠭᠠᠭᠤᠯᠤᠭᠴᠢ ᠡᠷᠬᠡᠪᠰᠢ 2021 ᠣᠨ ᠤ 12 ᠳ᠋ᠤᠭᠠᠷ ᠰᠠᠷ᠎ᠠ ᠶᠢᠨ 18 ᠤ ᠡᠳᠦᠷ ᠠᠴᠠ ᠰᠡᠭᠦᠯᠡᠷ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠰᠢᠰᠲ᠋ᠧᠮ ᠳᠤ ᠣᠷᠣᠵᠤ ︽ᠲᠤᠰᠬᠠᠶ ᠮᠡᠷᠭᠡᠵᠢᠯ ᠤᠨ ᠨᠢᠭᠡᠳᠦᠯᠲᠡᠶ ᠰᠢᠯᠭᠠᠯᠲᠠ ᠶᠢᠨ ᠮᠡᠳᠡᠭᠳᠡᠯ ᠤᠨ ᠬᠠᠭᠤᠳᠠᠰᠤ︾ ᠶᠢ ᠳᠠᠬᠢᠨ ᠳᠠᠷᠤᠮᠠᠯᠯᠠᠭᠠᠷᠠᠶ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号