ᠦᠴᠤᠸᠠᠨ ᠰᠢᠶᠠᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠠ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠬᠢ ᠡᠷᠬᠢᠯᠡᠪᠡ
ᠨᠡᠶᠢᠲᠡᠯᠡᠭᠰᠡᠨ ᠴᠠᠭ᠄
2021/12/17
     12 ᠰᠠᠷ᠎ᠠ ᠶᠢᠨ 11 ᠤ ᠡᠳᠦᠷ ᠠᠴᠠ 12 ᠤᠨ ᠡᠳᠦᠷ ᠪᠣᠯᠲᠠᠯ᠎ᠠ᠂ ᠦᠴᠤᠸᠠᠨ ᠰᠢᠶᠠᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠨᠠᠮ ᠤᠨ ᠰᠤᠷᠭᠠᠭᠤᠯᠢ ᠬᠠᠮᠲᠤᠷᠠᠨ ᠪᠦᠬᠦ ᠰᠢᠶᠠᠨ ᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠠ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠬᠢ ᠶᠢ ᠡᠷᠬᠢᠯᠡᠵᠦ᠂ ᠰᠢᠶᠠᠨ ᠤ ᠳᠡᠳ᠋ ᠭᠠᠵᠠᠷ ᠤᠨ ᠲᠡᠰ ᠤᠨ ᠤᠳᠤᠷᠢᠳᠬᠤ ᠺᠠᠳ᠋ᠷ᠂ ᠰᠠᠯᠠᠭ᠎ᠠ ᠶᠢᠨ ᠲᠡᠰ ᠤᠨ ᠪᠣᠳᠠᠲᠠᠢ ᠲᠤᠰᠢᠶᠠᠯ ᠲᠠᠢ ᠤᠳᠤᠷᠢᠳᠬᠤ ᠺᠠᠳ᠋ᠷ ᠨᠡᠶᠢᠳᠡ 386 ᠬᠥᠮᠦᠨ ᠪᠣᠯᠪᠠᠰᠤᠷᠠᠯ ᠳᠤ ᠣᠷᠣᠯᠴᠠᠪᠠ᠃ ᠪᠣᠯᠪᠠᠰᠤᠷᠠᠯ ᠤᠨ ᠠᠩᠭᠢ ᠶᠢᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠲᠡᠦᠬᠡ ᠪᠠ ᠰᠤᠷᠪᠤᠯᠵᠢ ᠪᠢᠴᠢᠭ ᠰᠤᠳᠤᠯᠬᠤ ᠲᠠᠰᠤᠭ ᠤᠨ ᠡᠷᠬᠢᠯᠡᠭᠴᠢ ᠳ᠋ᠦ᠋ ᠢ ᠰᠢᠨ ᠢ ᠣᠨᠴᠠᠭᠠᠶᠢᠯᠠᠨ ᠤᠷᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠰᠤᠷᠭᠠᠭᠤᠯᠢ ᠶᠢᠨ ᠨᠠᠮ ᠤᠨ ᠲᠡᠦᠬᠡ ᠨᠠᠮ ᠤᠨ ᠪᠠᠶᠢᠭᠤᠯᠤᠯᠲᠠ ᠶᠢᠨ ᠵᠢᠭᠠᠨ ᠰᠤᠳᠤᠯᠬᠤ ᠬᠡᠯᠲᠡᠰ ᠤᠨ ᠳᠡᠳ᠋ ᠫᠷᠤᠹᠧᠰᠰᠤᠷ ᠵᠤᠤ ᠱᠤ᠋ ᠯᠦ᠂ ᠬᠤᠳᠠ ᠶᠢᠨ ᠨᠠᠮ ᠤᠨ ᠬᠤᠷᠢᠶ᠎ᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠤᠤᠯ ᠤᠨ ᠪᠠᠶᠢᠩᠭᠤ ᠶᠢᠨ ᠳᠡᠳ᠋ ᠳᠠᠷᠤᠭ᠎ᠠ ᠵᠤᠤ ᠴᠢᠶᠠᠨ ᠺᠤᠸᠠᠨ ᠵᠡᠷᠭᠡ ᠭᠤᠷᠪᠠᠨ ᠲᠤᠰᠬᠠᠢ ᠮᠡᠷᠭᠡᠵᠢᠯᠲᠡᠨ ᠫᠷᠤᠹᠧᠰᠰᠤᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠨᠡᠶᠢᠭᠡᠮ ᠵᠢᠷᠤᠮ ᠤᠨ ᠦᠵᠡᠯ ᠤᠬᠠᠮᠰᠠᠷ ᠤᠨ ᠬᠡᠯᠪᠡᠷᠢ ᠵᠡᠷᠭᠡ ᠲᠠᠯ᠎ᠠ ᠪᠠᠷ ᠲᠤᠰᠬᠠᠢ ᠰᠡᠳᠦᠪᠲᠦ ᠬᠠᠪᠰᠤᠷᠤᠨ ᠵᠢᠯᠤᠭᠤᠳᠤᠯᠭ᠎ᠠ ᠬᠢᠵᠡᠢ᠃      ᠳ᠋ᠦ᠋ ᠢ ᠰᠢᠨ ᠲᠡᠭᠦᠨ ᠤ ᠳᠣᠲᠣᠷ᠎ᠠ ᠲᠤᠤᠱᠯᠠᠭᠳᠠᠵᠤ ᠪᠠᠶᠢᠭ᠎ᠠ ᠤᠯᠤᠰ ᠲᠦᠷᠦ ᠶᠢᠨ ᠤᠬᠠᠮᠰᠠᠷ ᠢ ᠡᠷᠬᠡᠪᠰᠢ ᠭᠦᠨᠵᠡᠭᠡᠢ ᠣᠶᠢᠯᠠᠭᠠᠬᠤ᠂ ᠲᠡᠭᠦᠨ ᠤ ᠳᠣᠲᠣᠷ᠎ᠠ ᠲᠤᠤᠱᠯᠠᠭᠳᠠᠵᠤ ᠪᠠᠶᠢᠭ᠎ᠠ ᠪᠣᠭᠤᠮᠲᠠ ᠰᠢᠪᠲᠤᠯᠬᠤ ᠡᠷᠡᠯᠬᠡᠭ ᠵᠣᠷᠢᠭ ᠢ ᠡᠷᠬᠡᠪᠰᠢ ᠭᠦᠨᠵᠡᠭᠡᠢ ᠣᠶᠢᠯᠠᠭᠠᠬᠤ᠂ ᠲᠡᠭᠦᠨ ᠤ ᠳᠣᠲᠣᠷ᠎ᠠ ᠲᠤᠤᠱᠯᠠᠭᠳᠠᠵᠤ ᠪᠠᠶᠢᠭ᠎ᠠ ᠲᠡᠮᠡᠴᠡᠯ ᠤᠨ ᠭᠤᠣᠯ ᠵᠣᠷᠢᠯᠲᠠ ᠶᠢ ᠡᠷᠬᠡᠪᠰᠢ ᠭᠦᠨᠵᠡᠭᠡᠢ ᠣᠶᠢᠯᠠᠭᠠᠬᠤ ᠵᠡᠷᠭᠡ ᠭᠤᠷᠪᠠᠨ ᠲᠠᠯ᠎ᠠ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠨᠠᠷᠢᠨ ᠲᠠᠶᠢᠯᠪᠤᠷᠢᠯᠠᠵᠠᠢ᠃      ᠵᠤᠤ ᠴᠢᠶᠠᠨ ᠺᠤᠸᠠᠨ ᠶᠠᠭᠤ ᠶᠢ ᠦᠵᠡᠯ ᠤᠬᠠᠮᠰᠠᠷ ᠤᠨ ᠬᠡᠯᠪᠡᠷᠢ᠂ ᠦᠵᠡᠯ ᠤᠬᠠᠮᠰᠠᠷ ᠤᠨ ᠬᠡᠯᠪᠡᠷᠢ ᠶᠢᠨ ᠣᠨᠴᠠᠯᠢᠭ ᠵᠢᠴᠢ ᠵᠢᠮ᠎ᠡ ᠶᠣᠰᠣ᠂ ᠰᠢᠨ᠎ᠡ ᠪᠠᠶᠢᠳᠠᠯ ᠳᠣᠣᠷ᠎ᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠡᠷᠬᠢᠨ ᠰᠠᠶᠢᠲᠤᠷ ᠬᠢᠬᠦ ᠵᠡᠷᠭᠡ ᠭᠤᠷᠪᠠᠨ ᠲᠠᠯ᠎ᠠ ᠠᠴᠠ ᠬᠦᠴᠦᠷᠬᠡᠭ ᠶᠡᠭᠡ ᠨᠢᠭᠲᠠᠷᠠᠯ ᠤᠨ ᠬᠦᠴᠦᠨ ᠪᠣᠯᠤᠨ ᠬᠦᠳᠦᠯᠦᠨ ᠳᠠᠭᠠᠭᠤᠯᠬᠤ ᠬᠦᠴᠦᠨ ᠪᠣᠯᠬᠤ ᠨᠡᠶᠢᠭᠡᠮ ᠵᠢᠷᠤᠮ ᠤᠨ ᠦᠵᠡᠯ ᠤᠬᠠᠮᠰᠠᠷ ᠤᠨ ᠬᠡᠯᠪᠡᠷᠢ ᠶᠢ ᠪᠠᠶᠢᠭᠤᠯᠬᠤ ᠠᠷᠭ᠎ᠠ ᠬᠡᠮᠵᠢᠶ᠎ᠡ ᠪᠣᠯᠤᠨ ᠠᠷᠭ᠎ᠠ ᠶᠢ ᠲᠠᠶᠢᠯᠪᠤᠷᠢᠯᠠᠵᠠᠢ᠃      ᠵᠤᠤ ᠱᠤ᠋ ᠯᠦ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢᠨ ᠪᠠᠶᠠᠯᠢᠭ ᠠᠭᠤᠯᠤᠭᠳᠠᠬᠤᠨ ᠪᠠ ᠭᠤᠣᠯ ᠴᠢᠬᠤᠯᠠ ᠠᠭᠤᠯᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠥᠪᠥᠷ ᠮᠣᠩᠭᠤᠯ ᠳᠤ ᠦᠨᠳᠦᠰᠦᠯᠡᠭᠦᠯᠦᠨ ᠦᠷ᠎ᠡ ᠵᠢᠮᠢᠰ ᠰᠠᠭᠤᠯᠭᠠᠬᠤ ᠶᠢ ᠯᠠᠪᠳᠠᠭᠤᠨ ᠪᠠᠲᠤᠲᠠᠢ ᠠᠬᠢᠭᠤᠯᠬᠤ ᠵᠡᠷᠭᠡ ᠭᠤᠷᠪᠠᠨ ᠲᠠᠯ᠎ᠠ ᠠᠴᠠ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠤᠨ ᠲᠡᠦᠬᠡ ᠶᠢᠨ ᠲᠤᠷᠰᠢᠯᠭ᠎ᠠ ᠶᠢ ᠳ᠋ᠦᠩᠨᠡᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠵᠠᠢ᠃      12 ᠤᠨ ᠡᠳᠦᠷ ᠤᠨ ᠦᠳᠡ ᠶᠢᠨ ᠬᠤᠶᠢᠨ᠎ᠠ᠂ ᠲᠣᠰ ᠤᠳᠠᠭᠠᠨ ᠤ ᠪᠣᠯᠪᠠᠰᠤᠷᠠᠭᠤᠯᠤᠯ ᠤᠨ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠴᠢᠩᠭᠠᠳᠬᠠᠬᠤ ᠶᠢᠨ ᠲᠥᠯᠥᠭᠡ᠂ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠠᠩᠭᠢ ᠳᠤ 12 ᠲᠦᠷ ᠴᠠᠭ ᠤᠨ ᠨᠠᠮ ᠤᠨ ᠡᠭᠦᠷ ᠪᠠᠶᠢᠭᠤᠯᠵᠤ᠂ ᠲᠦᠷ ᠴᠠᠭ ᠤᠨ ᠨᠠᠮ ᠤᠨ ᠡᠭᠦᠷ ᠢᠶᠠᠷ ᠨᠢᠭᠡᠴᠡ ᠪᠣᠯᠭᠠᠨ᠂ ᠳᠤᠭᠤᠶᠢᠯᠠᠩ ᠬᠤᠪᠢᠶᠠᠨ ᠰᠣᠯᠢᠯᠴᠠᠭ᠎ᠠ ᠶᠠᠷᠢᠯᠴᠠᠭ᠎ᠠ ᠥᠷᠨᠢᠭᠦᠯᠵᠦ᠂ ᠪᠣᠯᠪᠠᠰᠤᠷᠠᠭᠤᠯᠤᠯ ᠳᠤ ᠣᠷᠣᠯᠴᠠᠭᠰᠠᠨ ᠰᠤᠷᠤᠭᠴᠢᠳ ᠢᠳᠡᠪᠬᠢᠲᠡᠶ ᠪᠠᠷ ᠶᠠᠷᠢᠶ᠎ᠠ ᠲᠠᠯᠪᠢᠵᠤ᠂ ᠲᠣᠰ ᠤᠳᠠᠭᠠᠨ ᠤ ᠪᠣᠯᠪᠠᠰᠤᠷᠠᠭᠤᠯᠤᠯ ᠤᠨ ᠰᠤᠷᠤᠯᠴᠠᠯᠭ᠎ᠠ ᠶᠢᠨ ᠣᠯᠤᠯᠲᠠ ᠲᠥᠷᠥᠭᠳᠡᠯ ᠢᠶᠠᠨ ᠰᠣᠯᠢᠯᠴᠠᠪᠠ᠃ ᠣᠯᠠᠨ ᠢᠶᠠᠷ ᠢᠶᠠᠨ ᠰᠠᠨᠠᠯ ᠨᠢᠭᠡᠲᠡᠶ ᠦᠵᠡᠭᠰᠡᠨ ᠨᠢ᠂ ᠲᠤᠰ ᠤᠳᠠᠭ᠎ᠠ ᠶᠢᠨ ᠲᠤᠰᠬᠠᠢ ᠰᠡᠳᠦᠪᠲᠦ ᠪᠣᠯᠪᠠᠰᠤᠷᠠᠯ ᠤᠨ ᠠᠭᠤᠯᠭ᠎ᠠ ᠶᠢᠨ ᠬᠠᠷᠠᠭᠠᠰᠤ ᠥᠷᠭᠡᠨ᠂ ᠰᠤᠳᠠᠰᠤ ᠲᠣᠳᠣᠷᠬᠠᠢ᠂ ᠭᠦᠨᠵᠡᠭᠡᠢ ᠪᠥᠭᠡᠳ ᠣᠶᠢᠯᠠᠭᠠᠮᠵᠢᠲᠠᠢ ᠪᠠᠶᠢᠵᠤ᠂ ᠤᠯᠤᠰ ᠲᠦᠷᠦ ᠶᠢᠨ ᠦᠨᠳᠦᠷᠴᠡ ᠪᠠ ᠦᠵᠡᠯ ᠰᠠᠨᠠᠭᠠᠨ ᠤ ᠭᠦᠨᠴᠡ ᠲᠠᠢ ᠪᠥᠭᠡᠳ ᠤᠨᠤᠯ ᠤᠨ ᠬᠠᠯᠠᠭᠤᠨ ᠪᠠ ᠦᠢᠯᠡᠳᠦᠯᠭᠡ ᠶᠢᠨ ᠵᠤᠵᠠᠭᠠᠨ ᠲᠠᠢ ᠪᠠᠶᠢᠵᠤ᠂ ᠦᠴᠤᠸᠠᠨ ᠰᠢᠶᠠᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ᠂ ᠪᠠᠶᠠᠯᠢᠭ ᠠᠭᠤᠯᠤᠭᠳᠠᠬᠤᠨ ᠪᠠ ᠵᠣᠷᠢᠭ ᠰᠠᠨᠠᠭᠠᠨ ᠤ ᠮᠥᠨ ᠴᠢᠨᠠᠷ ᠢ ᠤᠯᠠᠮ ᠴᠢᠨᠠᠭᠰᠢᠳᠠ ᠭᠦᠨᠵᠡᠭᠡᠢ ᠤᠢᠢᠯᠠᠭᠠᠨ ᠣᠨᠣᠪᠴᠢᠲᠠᠢ ᠡᠵᠡᠮᠰᠢᠬᠦ ᠳᠤ ᠮᠠᠰᠢ ᠴᠢᠩᠭ᠎ᠠ ᠰᠡᠩᠬᠡᠷᠡᠭᠦᠯᠬᠦ ᠪᠠ ᠵᠢᠯᠣᠭᠤᠳᠬᠤ ᠦᠢᠯᠡᠳᠦᠯ ᠲᠠᠢ ᠶᠤᠮ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号