ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 23 ᠳ᠋ᠤᠭᠠᠷ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ ᠠᠩᠬᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/12/17
    12 ᠰᠠᠷ᠎ᠠ ᠶᠢᠨ 10 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ ᠱᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ 23 ᠳ᠋ᠤᠭᠠᠷ ᠤᠳᠠᠭ᠎ᠠ ᠶᠢᠨ ᠬᠤᠷᠠᠯ ᠵᠢᠴᠢ ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠳᠡᠭᠡᠷ᠎ᠡ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ᠂ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ᠂ ᠰᠢᠶᠠᠨ ᠤ ᠰᠢᠭᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ᠂ ᠰᠢᠶᠠᠨ ᠤ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ ᠰᠢᠶᠠᠨ ᠤ ᠠᠵᠢᠯᠴᠢᠨ ᠤ ᠶᠡᠷᠦᠩᠬᠡᠶ ᠡᠪᠯᠡᠯ᠂ ᠡᠪᠯᠡᠯ ᠤᠨ ᠰᠢᠶᠠᠨ ᠤ ᠬᠤᠷᠢᠶ᠎ᠠ᠂ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠢᠶᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ ︽︿ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠴᠤ ᠰᠢᠨ᠎ᠡ ᠨᠢᠭᠡ ᠬᠤᠭᠤᠴᠠᠭᠠᠨ ᠤ ᠬᠤᠳᠠ ᠶᠢᠨ ᠨᠠᠮ ᠤᠨ ᠬᠤᠷᠢᠶ᠎ᠠ ᠶᠢᠨ ᠪᠠᠭ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠬᠤᠷᠢᠶ᠎ᠠ ᠶᠢᠨ ᠲᠣᠭᠲᠠᠭᠠᠯ﹀ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠬᠢᠨᠠᠨ ᠵᠥᠪᠯᠡᠵᠡᠢ᠃ ᠦᠴᠤᠸᠠᠨ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠲᠠᠪᠤᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠢ ᠪᠡᠯᠡᠳᠬᠡᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠦᠬᠦ ᠰᠢᠶᠠᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠠᠵᠢᠯ ᠢ ᠭᠦᠨᠵᠡᠭᠡᠶ ᠠᠬᠢᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃      ᠶᠠᠩ ᠰᠢᠩ ᠱᠧᠩ ᠵᠢᠭᠠᠵᠤ ᠭᠠᠷᠭᠠᠭᠰᠠᠨ ᠨᠢ᠂ ᠡᠯ᠎ᠡ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠰᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠨᠢ ᠮᠠᠨ ᠤ ᠰᠢᠶᠠᠨ ᠤ ︽ᠵᠢᠷᠭᠤᠭᠠᠨ ᠰᠢᠨ᠎ᠡ︾ ᠦᠴᠤᠸᠠᠨ ᠤ ᠬᠠᠷᠠᠯᠲᠠ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯ ᠬᠠᠷᠢᠭᠤᠴᠠᠯᠭ᠎ᠠ ᠭᠤᠣᠯ ᠠᠵᠢᠯ ᠳᠠᠭᠠᠨ ᠰᠠᠭᠤᠷᠢᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠦᠴᠤᠸᠠᠨ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠣᠳᠠᠲᠠᠢ ᠠᠵᠢᠯᠯᠠᠭᠰᠠᠨ ᠪᠣᠳᠠᠲᠤ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠬᠤᠷᠠᠯᠳᠤᠬᠤ ᠳᠤ ᠬᠦᠴᠦ ᠪᠠᠨ ᠡᠷᠭᠦᠵᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠨᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠵᠣᠷᠢᠭ ᠰᠠᠨᠠᠭ᠎ᠠ ᠶᠢ ᠮᠠᠨ ᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠪᠠ ᠪᠥᠲᠥᠭᠡᠨ ᠪᠠᠶᠢᠭᠤᠯᠤᠯᠲᠠ ᠶᠢᠨ ᠪᠣᠳᠠᠲᠠᠶ ᠪᠠᠶᠢᠳᠠᠯ ᠲᠠᠢ ᠤᠶᠠᠯᠳᠤᠭᠤᠯᠵᠤ᠂ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠦᠨᠡᠨᠬᠦ ᠨᠡᠮᠡᠭᠳᠡᠭᠦᠯᠦᠨ᠂ ᠲᠥᠯᠥᠭᠡᠯᠡᠭᠴᠢᠳ ᠤᠨ ᠠᠵᠢᠯ ᠢ ᠰᠠᠶᠢᠵᠢᠷᠠᠭᠤᠯᠵᠤ᠂ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠶᠢ ᠡᠭᠦᠳᠦᠨ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠲᠡᠷᠢᠭᠦᠨ ᠳᠤ ᠣᠷᠣᠬᠤ ᠪᠠᠷ ᠴᠢᠷᠮᠠᠶᠢᠬᠤ ᠤᠬᠠᠮᠰᠠᠷ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠴᠢᠩᠭᠠᠳᠬᠠᠵᠤ᠂ ᠦᠴᠤᠸᠠᠨ ᠤ ᠬᠥᠭᠵᠢᠯᠲᠡ ᠶᠢᠨ ᠬᠤᠷᠳᠤᠴᠠ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ᠂ ᠪᠦᠬᠦ ᠬᠦᠴᠦᠨ ᠢᠶᠠᠷ ᠢᠶᠠᠨ ᠠᠶᠤᠯ ᠲᠦᠭᠰᠢᠭᠦᠷᠢ ᠶᠢ ᠰᠡᠷᠭᠡᠶᠢᠯᠡᠬᠦ᠂ ᠬᠤᠷᠢᠭ᠎ᠠ ᠱᠤᠭᠤᠮ ᠢ ᠰᠠᠬᠢᠬᠤ᠂ ᠠᠮᠤᠷ ᠲᠦᠪᠰᠢᠨ ᠢ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠭᠤᠣᠯᠳᠠᠯᠭ᠎ᠠ ᠲᠠᠢ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠠᠷᠠᠳ ᠲᠦᠮᠡᠨ ᠳᠤ ᠬᠠᠨᠤᠮᠵᠢᠲᠠᠢ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠢ ᠵᠠᠰᠠᠭ ᠤᠨ ᠣᠷᠳᠣᠨ ᠢ ᠪᠦᠬᠦ ᠲᠠᠯ᠎ᠠ ᠪᠠᠷ ᠪᠠᠶᠢᠭᠤᠯᠬᠤ ᠬᠡᠷᠡᠭᠲᠡᠢ᠃ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠢᠨ ᠴᠢᠳᠠᠪᠤᠷᠢᠲᠠᠨ ᠴᠤᠭᠯᠠᠷᠠᠭᠰᠠᠨ᠂ ᠤᠶᠤᠨ ᠤᠬᠠᠭᠠᠨ ᠨᠢᠭᠲᠠᠷᠠᠭᠰᠠᠨ᠂ ᠬᠠᠷᠢᠯᠴᠠᠭ᠎ᠠ ᠥᠷᠭᠡᠨ ᠳᠡᠯᠭᠡᠷ᠂ ᠵᠠᠮ ᠮᠥᠷ ᠰᠠᠭᠠᠳ ᠦᠭᠡᠢ ᠨᠡᠪᠲᠡᠷᠡᠬᠦ ᠵᠡᠷᠭᠡ ᠳᠠᠪᠠᠭᠤᠯᠢᠭ ᠢᠶᠠᠨ ᠤᠯᠠᠮ ᠴᠢᠨᠠᠭᠰᠢᠳᠠ ᠪᠠᠳᠠᠷᠠᠭᠤᠯᠵᠤ᠂ ᠰᠣᠳᠣ ᠮᠡᠷᠭᠡᠨ ᠦᠭᠡ ᠬᠡᠯᠡᠵᠦ᠂ ᠨᠡᠬᠡᠬᠡᠯᠳᠡ ᠶᠢᠨ ᠬᠥᠭᠦᠷᠭᠡ ᠶᠢ ᠢᠯᠡᠭᠦᠬᠡᠨ ᠪᠠᠶᠢᠭᠤᠯᠵᠤ᠂ ᠡᠯ᠎ᠡ ᠲᠠᠯ᠎ᠠ ᠶᠢᠨ ᠬᠦᠴᠦᠨ ᠢ ᠢᠯᠡᠭᠦᠬᠡᠨ ᠲᠥᠪᠯᠡᠷᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠢᠯᠡᠭᠦᠬᠡᠨ ᠨᠡᠮᠡᠭᠳᠡᠭᠦᠯᠵᠦ᠂ ︽ᠵᠢᠷᠭᠤᠭᠠᠨ ᠰᠢᠨ᠎ᠡ︾ ᠦᠴᠤᠸᠠᠨ ᠢ ᠴᠣᠭᠴᠠᠯᠠᠬᠤ ᠳᠤ ᠬᠠᠮᠤᠭ ᠤᠨ ᠶᠡᠭᠡ ᠢᠵᠢᠯ ᠲᠥᠪᠲᠦ ᠲᠣᠭᠤᠷᠢᠭ ᠢ ᠰᠠᠶᠢᠲᠤᠷ ᠵᠢᠷᠤᠵᠤ ᠥᠭᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠰᠢᠶᠠᠨ ᠤ ᠰᠢᠭᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠪᠣᠯᠤᠨ ᠰᠢᠶᠠᠨ ᠤ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠦᠢᠯᠡᠴᠢᠯᠡᠭᠡᠨ ᠤ ᠲᠥᠪ᠂ ᠠᠷᠠᠳ ᠤᠨ ᠲᠥᠯᠥᠭᠡ ᠬᠠᠤᠯᠢ ᠪᠠᠷᠢᠬᠤ ᠡᠩᠨᠡᠭᠡ ᠶᠢᠨ ᠪᠠᠶᠢᠭᠤᠯᠤᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠪᠠ ᠰᠢᠶᠠᠨ ᠤ ᠨᠠᠮ ᠤᠨ ᠬᠤᠷᠢᠶ᠎ᠠ ᠶᠢᠨ ᠬᠠᠤᠯᠢᠵᠢᠯ ᠤᠨ ᠪᠠᠶᠢᠭᠤᠯᠤᠯᠲᠠ ᠶᠢᠨ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠵᠤ᠂ ᠠᠷᠠᠳ ᠤᠯᠠᠨ ᠳᠤ ᠬᠠᠤᠯᠢ ᠴᠠᠭᠠᠵᠠ ᠶᠢᠨ ᠬᠡᠷᠡᠭ ᠪᠣᠯᠭᠠᠨ ᠠᠴᠠ ᠲᠥᠪ ᠭᠤᠣᠯᠴᠢ ᠰᠢᠳᠤᠷᠭᠤ ᠶᠣᠰᠣ ᠶᠢ ᠮᠡᠳᠡᠷᠡᠭᠦᠯᠬᠦ ᠪᠠᠷ ᠴᠢᠷᠮᠠᠶᠢᠬᠤ ᠬᠡᠷᠡᠭᠲᠡᠢ ᠭᠡᠪᠡ᠃      ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠤᠨ ᠪᠠᠶᠢᠷᠢᠯᠠᠭᠤᠯᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号