ᠶᠠᠩ ᠰᠢᠩ ᠱᠧᠩ ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/17
     12 ᠰᠠᠷ᠎ᠠ ᠶᠢᠨ 13 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠮᠠᠨ ᠤ ᠰᠢᠶᠠᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃      ᠶᠠᠩ ᠰᠢᠩ ᠱᠧᠩ ᠴᠢᠬᠤᠯᠠᠴᠢᠯᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠥᠷᠨᠢᠭᠦᠯᠬᠦ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠤᠯᠢ ᠬᠡᠷᠡᠭᠵᠢᠭᠦᠯᠬᠦ ᠠᠵᠢᠯᠲᠠᠨ ᠤ ᠪᠣᠯᠪᠠᠰᠤᠷᠠᠭᠤᠯᠤᠯ ᠢ ᠴᠢᠩᠭᠠᠳᠬᠠᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠶᠢᠷᠡᠭᠦᠯᠵᠦ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠨᠠᠷᠢᠨ ᠨᠢᠮᠪᠠᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠣᠯᠠᠨ ᠲᠦᠮᠡᠨ ᠤ ᠬᠥᠲᠥᠯᠦᠨ ᠵᠢᠯᠣᠭᠤᠳᠬᠤ ᠠᠵᠢᠯ ᠢ ᠢᠳᠡᠪᠬᠢᠲᠡᠶ ᠰᠠᠶᠢᠲᠤᠷ ᠬᠢᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠦᠷᠭᠦᠯᠵᠢᠯᠡᠨ ᠭᠦᠨᠵᠡᠭᠡᠶ ᠠᠬᠢᠭᠤᠯᠬᠤ ᠳᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠥᠭᠡᠳ ᠡᠮᠬᠢ ᠵᠢᠷᠤᠮ ᠲᠠᠢ ᠥᠷᠨᠢᠭᠦᠯᠬᠦ ᠬᠡᠷᠡᠭᠲᠡᠶ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号