ᠦᠴᠤᠸᠠᠨ ᠰᠢᠶᠠᠨ ᠤ ᠬᠤᠲᠠ ᠶᠢᠨ ᠳᠡᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/12/17
     12 ᠰᠠᠷ᠎ᠠ ᠶᠢᠨ 13 ᠤ ᠡᠳᠦᠷ᠂ ᠬᠤᠲᠠ ᠶᠢᠨ ᠠᠷᠠᠳ ᠤᠨ ᠵᠥᠪᠯᠡᠯ ᠠᠴᠠ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠤᠲᠠ ᠶᠢᠨ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠵᠥᠪᠯᠡᠯ ᠲᠠᠢ ᠬᠠᠮᠲᠤᠷᠠᠨ ᠪᠠᠶᠢᠴᠠᠭᠠᠵᠤ ᠰᠢᠯᠭᠠᠨ ᠠᠪᠬᠤ ᠳᠤᠭᠤᠶᠢᠯᠠᠩ ᠪᠠᠶᠢᠭᠤᠯᠵᠤ ᠦᠴᠤᠸᠠᠨ ᠰᠢᠶᠠᠨ ᠤ ᠬᠤᠲᠠ ᠶᠢᠨ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠵᠤ ᠰᠢᠯᠭᠠᠨ ᠠᠪᠤᠭᠰᠠᠨ ᠪᠥᠭᠡᠳ ᠬᠠᠷᠢᠭᠤ ᠮᠡᠳᠡᠭᠦᠯᠦᠯᠲᠡ ᠶᠢᠨ ᠬᠤᠷᠠᠯ ᠬᠢᠵᠦ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠳ᠋ᠦᠩ ᠸᠧᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠼᠦᠢ ᠵᠧᠨ ᠬᠤᠸᠠ ᠪᠠᠷ᠎ᠠ ᠪᠣᠯᠵᠣ ᠪᠠᠶᠢᠴᠠᠭᠠᠪᠠ᠃      ᠰᠢᠯᠭᠠᠨ ᠠᠪᠬᠤ ᠳᠤᠭᠤᠶᠢᠯᠠᠩ ᠤᠨ ᠬᠢᠨ ᠤᠷᠢᠳ ᠬᠤᠵᠢᠳ ᠮᠠᠨ ᠤ ᠰᠢᠶᠠᠨ ᠤ ᠳᠥᠷᠪᠡᠳᠦᠭᠡᠷ ᠬᠡᠦᠬᠡᠳ ᠤᠨ ᠴᠡᠴᠡᠷᠯᠢᠭ᠂ ᠰᠢᠨ ᠰᠢ ᠵᠢᠶᠧ ᠨᠡᠶᠢᠭᠡᠮ ᠲᠣᠭᠤᠷᠢᠭ᠂ ᠤᠯᠠᠭᠠᠨᠮᠥ᠋ᠴᠢᠷ᠂ ᠶᠠᠨ ᠭᠦ᠋ ᠹᠠᠩ ᠵᠡᠷᠭᠡ ᠵᠢᠱᠢᠶ᠎ᠡ ᠦᠵᠡᠭᠦᠯᠬᠦ ᠴᠡᠭ ᠲᠤ ᠭᠦᠨᠵᠡᠭᠡᠶᠢᠷᠡᠵᠦ᠂ ᠮᠠᠲ᠋ᠧᠷᠢᠶᠠᠯ ᠪᠠᠶᠢᠴᠠᠭᠠᠨ ᠦᠵᠡᠬᠦ᠂ ᠪᠣᠳᠠᠲᠠᠢ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠲᠤᠬᠠᠢ ᠶᠢᠨ ᠲᠠᠯᠠᠪᠤᠷ ᠲᠤ ᠤᠯᠠᠨ ᠲᠦᠮᠡᠨ ᠤ ᠰᠢᠯᠭᠠᠨ ᠦᠨᠡᠯᠡᠬᠦ ᠵᠡᠷᠭᠡ ᠠᠷᠭ᠎ᠠ ᠬᠡᠯᠪᠡᠷᠢ ᠶᠢ ᠠᠪᠴᠤ᠂ ᠦᠴᠤᠸᠠᠨ ᠰᠢᠶᠠᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠳᠤ ᠪᠦᠬᠦ ᠲᠠᠯ᠎ᠠ ᠶᠢᠨ ᠰᠢᠯᠭᠠᠨ ᠲᠣᠭᠲᠠᠭᠠᠯᠲᠠ ᠬᠢᠭᠰᠡᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠤᠨ ᠱᠠᠭᠠᠷᠳᠠᠯᠭ᠎ᠠ ᠪᠠ ᠵᠢᠯᠣᠭᠤᠳᠬᠤ ᠰᠠᠨᠠᠯ ᠢ ᠳᠤᠷᠠᠳᠴᠠᠢ᠃      ᠳᠠᠷᠠᠭ᠎ᠠ ᠪᠠᠷ ᠨᠢ ᠬᠤᠷᠠᠯᠳᠤᠭᠤᠯᠤᠭᠰᠠᠨ ᠬᠠᠷᠢᠭᠤ ᠮᠡᠳᠡᠭᠦᠯᠦᠯᠲᠡ ᠶᠢᠨ ᠬᠤᠷᠠᠯ ᠳᠡᠭᠡᠷ᠎ᠡ᠂ ᠰᠢᠯᠭᠠᠨ ᠠᠪᠬᠤ ᠳᠤᠭᠤᠶᠢᠯᠠᠩ ᠤᠨ ᠬᠢᠨ ᠮᠠᠨ ᠤ ᠰᠢᠶᠠᠨ ᠤ ᠬᠥᠬᠡᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠤ᠂ ᠣᠶᠢᠷ᠎ᠠ ᠶᠢᠨ ᠵᠢᠯ ᠤᠨ ᠦᠴᠤᠸᠠᠨ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠣᠯᠤᠭᠰᠠᠨ ᠦᠷ᠎ᠡ ᠪᠦᠲᠦᠮᠵᠢ ᠶᠢ ᠭᠦᠢᠴᠡᠳ ᠨᠣᠲᠠᠯᠠᠪᠠ᠂ ᠡᠭᠦᠨ ᠤ ᠬᠠᠮᠲᠤ ᠵᠢᠭᠠᠵᠤ ᠭᠠᠷᠭᠠᠭᠰᠠᠨ ᠨᠢ᠂ ᠳᠠᠷᠠᠭᠠᠴᠢ ᠶᠢᠨ ᠠᠯᠬᠤᠮ ᠳᠤ ᠦᠴᠤᠸᠠᠨ ᠰᠢᠶᠠᠨ ᠤ ᠬᠢᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠦᠨᠡᠨᠬᠦ ᠰᠠᠶᠢᠲᠤᠷ ᠨᠠᠶᠢᠳᠠᠪᠤᠷᠢᠵᠢᠭᠤᠯᠵᠤ᠂ ᠠᠵᠢᠯ ᠤᠨ ᠦᠷᠳᠡᠭᠡ ᠪᠠᠨ ᠴᠢᠨᠠᠭᠰᠢᠳᠠ ᠳᠡᠭᠡᠭᠰᠢᠯᠡᠭᠦᠯᠵᠦ᠂ ᠠᠵᠢᠯ ᠤᠨ ᠡᠭᠦᠷᠭᠡ ᠪᠠᠨ ᠪᠣᠳᠠᠲᠠᠢ ᠳᠤ ᠨᠠᠶᠢᠳᠠᠪᠤᠷᠢᠵᠢᠭᠤᠯᠵᠤ ᠨᠠᠷᠢᠨ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠨᠠᠮ ᠵᠠᠰᠠᠭ ᠤᠳᠤᠷᠢᠳᠤᠭᠰᠠᠨ᠂ ᠰᠠᠯᠠᠭ᠎ᠠ ᠮᠥᠴᠢᠷ ᠬᠠᠮᠵᠢᠯᠴᠠᠭᠰᠠᠨ᠂ ᠨᠡᠶᠢᠭᠡᠮ ᠨᠡᠶᠢᠲᠡ ᠪᠠᠷ ᠢᠶᠠᠨ ᠣᠷᠣᠯᠴᠠᠭᠰᠠᠨ ᠡᠭᠦᠳᠦᠨ ᠪᠠᠶᠢᠭᠤᠯᠬᠤ ᠪᠠᠶᠢᠷᠢᠰᠢᠯ ᠢ ᠪᠠᠶᠢᠭᠤᠯᠵᠤ᠂ ᠦᠴᠤᠸᠠᠨ ᠰᠢᠶᠠᠨ ᠤ ᠦᠨᠳᠦᠰᠦᠲᠡᠨ ᠤ ᠪᠦᠯᠬᠦᠮᠳᠡᠯ ᠢ ᠡᠭᠦᠳᠦᠨ ᠪᠠᠶᠢᠭᠤᠯᠬᠤ ᠬᠥᠭᠵᠢᠯᠲᠡ ᠶᠢᠨ ᠲᠥᠯᠥᠪᠵᠢᠭᠦᠯᠭᠡ ᠶᠢ ᠰᠠᠶᠢᠲᠤᠷ ᠲᠣᠭᠲᠠᠭᠠᠵᠤ᠂ ᠦᠨᠳᠦᠰᠦᠲᠡᠨ ᠤ ᠠᠵᠢᠯ ᠢ ᠯᠠᠪᠳᠠᠭᠤᠨ ᠪᠠᠲᠤᠲᠠᠢ ᠪᠦᠲᠦᠮᠵᠢᠲᠡᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号