ᠦᠴᠤᠸᠠᠨ ᠰᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ 3 ᠳ᠋ᠤᠭᠠᠷ ᠤᠳᠠᠭ᠎ᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/17
     12 ᠰᠠᠷ᠎ᠠ ᠶᠢᠨ 13 ᠤ ᠡᠳᠦᠷ᠂ ᠦᠴᠤᠸᠠᠨ ᠰᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ 3 ᠳ᠋ᠤᠭᠠᠷ ᠤᠳᠠᠭ᠎ᠠ ᠶᠢᠨ ᠬᠤᠷᠠᠯ ᠢ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ ᠱᠧᠩ ᠬᠤᠷᠠᠯ ᠢ ᠡᠷᠬᠢᠯᠡᠪᠡ᠃      ᠬᠤᠷᠠᠯ ᠠᠴᠠ ᠮᠠᠨ ᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠤ ᠳᠠᠷᠠᠭᠠᠬᠢ ᠦᠨᠡᠯᠡᠨ ᠵᠢᠱᠢᠭᠰᠡᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠶᠠᠩ ᠰᠢᠩ ᠱᠧᠩ ᠵᠢᠭᠠᠵᠤ ᠭᠠᠷᠭᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠡᠯ᠎ᠡ ᠵᠦᠢᠯ ᠤᠨ ᠠᠵᠢᠯ ᠢᠶᠠᠨ ᠪᠦᠬᠦ ᠲᠠᠯ᠎ᠠ ᠪᠠᠷ ᠡᠮᠬᠢᠯᠡᠵᠦ᠂ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠶᠢᠷᠡᠭᠦᠯᠵᠦ᠂ ᠠᠵᠢᠯ ᠤᠨ ᠭᠤᠣᠯᠳᠠᠯᠭ᠎ᠠ ᠪᠠᠨ ᠲᠣᠳᠣᠷᠬᠠᠶᠢᠯᠠᠵᠤ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠥᠷᠢᠯᠡᠵᠦ᠂ ᠠᠵᠢᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号