︽ᠦᠨᠳᠦᠰᠦᠨ ᠬᠠᠤᠯᠢ ᠶᠢ ᠬᠥᠳᠡᠭᠡ ᠲᠣᠰᠬᠤᠨ ᠳᠤ ᠣᠷᠣᠭᠤᠯᠬᠤ︾ ᠠᠵᠢᠯᠯᠠᠭ᠎ᠠ ᠬᠥᠬᠡ ᠡᠷᠭᠢ ᠪᠠᠯᠭᠠᠰᠤᠨ ᠤ ᠳ᠋ᠠ ᠰᠢᠩ ᠴᠠᠩ ᠲᠣᠰᠬᠤᠨ ᠳᠤ ᠣᠷᠣᠪᠠ
ᠨᠡᠶᠢᠲᠡᠯᠡᠭᠰᠡᠨ ᠴᠠᠭ᠄
2021/12/17
     12 ᠰᠠᠷ᠎ᠠ ᠶᠢᠨ 13 ᠤ ᠡᠳᠦᠷ᠂ ᠬᠥᠬᠡᠬᠤᠲᠠ ᠶᠢᠨ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠦᠴᠤᠸᠠᠨ ᠰᠢᠶᠠᠨ ᠤ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠦᠴᠤᠸᠠᠨ ᠰᠢᠶᠠᠨ ᠤ ᠬᠥᠬᠡ ᠡᠷᠭᠢ ᠪᠠᠯᠭᠠᠰᠤᠨ ᠤ ᠵᠠᠰᠠᠭ ᠤᠨ ᠣᠷᠳᠣᠨ ᠤ ᠬᠠᠮᠲᠤᠷᠠᠨ ᠡᠷᠬᠢᠯᠡᠭᠰᠡᠨ ︽ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ︾ ᠭᠡᠬᠦ ᠭᠤᠣᠯ ᠰᠡᠳᠦᠪᠲᠦ ᠦᠨᠳᠦᠰᠦᠨ ᠬᠠᠤᠯᠢ ᠶᠢ ᠬᠥᠳᠡᠭᠡ ᠲᠣᠰᠬᠤᠨ ᠳᠤ ᠣᠷᠣᠭᠤᠯᠬᠤ ᠠᠵᠢᠯᠯᠠᠭ᠎ᠠ  ᠬᠥᠬᠡ ᠡᠷᠭᠢ ᠪᠠᠯᠭᠠᠰᠤᠨ ᠤ ᠳ᠋ᠠ ᠰᠢᠩ ᠴᠠᠩ ᠲᠣᠰᠬᠤᠨ ᠳᠤ ᠬᠦᠷᠪᠡ᠃ ᠲᠤᠰ ᠠᠵᠢᠯᠯᠠᠭ᠎ᠠ ᠶᠢᠨ ᠵᠣᠷᠢᠯᠭ᠎ᠠ ᠨᠢ ᠲᠣᠰᠬᠤᠨ ᠤ ᠠᠷᠠᠳ ᠤᠨ ᠬᠠᠤᠯᠢᠵᠢᠯ ᠤᠨ ᠰᠡᠳᠬᠢᠬᠦᠢ ᠶᠢ ᠪᠤᠶᠢᠵᠢᠭᠤᠯᠵᠤ᠂ ᠦᠨᠳᠦᠰᠦᠨ ᠬᠠᠤᠯᠢ ᠶᠢᠨ ᠤᠬᠠᠮᠰᠠᠷ ᠢ ᠴᠢᠩᠭᠠᠳᠬᠠᠵᠤ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠦᠬᠦ ᠲᠠᠯ᠎ᠠ ᠪᠠᠷ ᠰᠤᠷᠲᠠᠯᠴᠢᠯᠠᠬᠤ ᠪᠣᠯᠤᠨ᠎ᠠ᠃ ᠬᠥᠬᠡᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠬᠠᠷᠢᠭᠤᠴᠠᠯᠭᠠᠲᠠᠨ᠂ ᠦᠴᠤᠸᠠᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠰᠢᠩ ᡁᠢ ᠾᠧᠩ ᠲᠣᠰ ᠠᠵᠢᠯᠯᠠᠭ᠎ᠠ ᠳᠤ ᠣᠷᠣᠯᠴᠠᠪᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠤᠬᠠᠭᠤᠯᠭ᠎ᠠ ᠶᠢᠨ ᠭᠠᠷ ᠳᠡᠪᠲᠡᠷ᠂ ᠵᠠᠷᠯᠠᠯ ᠲᠠᠷᠬᠠᠭᠠᠬᠤ ᠵᠡᠷᠭᠡ ᠬᠡᠯᠪᠡᠷᠢ ᠪᠠᠷ ᠲᠣᠰᠬᠤᠨ ᠤ ᠠᠷᠠᠳ ᠲᠤ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ︾᠂ ︽ᠬᠥᠳᠡᠭᠡ ᠠᠵᠤ ᠠᠬᠤᠢ ᠬᠥᠳᠡᠭᠡ ᠲᠣᠰᠬᠤᠨ ᠳᠤ ᠭᠠᠵᠠᠷ ᠬᠡᠷᠡᠭᠯᠡᠬᠦ ᠲᠦᠷᠦ ᠶᠢᠨ ᠪᠤᠳᠤᠯᠭ᠎ᠠ ᠶᠢᠨ ᠪᠢᠴᠢᠭ ᠮᠠᠲ᠋ᠧᠷᠢᠶᠠᠯ ᠤᠨ ᠡᠮᠬᠢᠳᠬᠡᠯ︾ ᠵᠡᠷᠭᠡ ᠠᠷᠪᠠᠨ ᠬᠡᠳᠦᠨ ᠵᠦᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠵᠡᠢ᠃      ᠲᠣᠰ ᠤᠳᠠᠭᠠᠨ ᠤ ᠠᠵᠢᠯᠯᠠᠭ᠎ᠠ ᠨᠢ ᠲᠣᠰᠬᠤᠨ ᠤ ᠠᠷᠠᠳ ᠤᠨ ᠤᠬᠠᠮᠰᠠᠷ ᠠᠴᠠ ᠪᠠᠨ ᠬᠠᠤᠯᠢ ᠶᠢ ᠰᠠᠬᠢᠬᠤ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠳᠤ ᠲᠦᠰᠢᠭᠯᠡᠬᠦ ᠬᠠᠤᠯᠢ ᠪᠠᠷ ᠵᠠᠰᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠲᠣᠰᠬᠤᠨ ᠤ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠤᠬᠠᠮᠰᠠᠷ ᠠᠴᠠ ᠪᠠᠨ ᠬᠠᠤᠯᠢ ᠶᠢ ᠰᠤᠷᠤᠯᠴᠠᠵᠤ ᠬᠠᠤᠯᠢ ᠶᠢ ᠰᠠᠬᠢᠵᠤ ᠬᠠᠤᠯᠢ ᠶᠢ ᠬᠡᠷᠡᠭᠯᠡᠵᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠳᠥᠯᠭᠢᠨ ᠠᠬᠢᠭᠤᠯᠬᠤ᠂ ᠲᠠᠷᠢᠶᠠᠯᠠᠩ ᠬᠥᠳᠡᠭᠡ ᠲᠣᠰᠬᠤᠨ ᠤ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠬᠦ ᠳᠤ ᠬᠠᠤᠯᠢ ᠪᠠᠷ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ ᠥᠭᠭᠦᠭᠰᠡᠨ ᠪᠠᠶᠢᠨ᠎ᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号