ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠤᠨ ᠲᠥᠰᠥᠯ ᠢ ᠲᠣᠭᠲᠠᠭᠠᠬᠤ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠣᠭᠲᠠᠭᠠᠬᠤ ᠳᠠᠷᠠᠭᠠᠯᠠᠯ ᠤᠨ ᠲᠣᠭᠲᠠᠭᠠᠯ
ᠨᠡᠶᠢᠲᠡᠯᠡᠭᠰᠡᠨ ᠴᠠᠭ᠄
2021/12/17
                  ᠵᠠᠰᠠᠭ ᠤᠨ ᠣᠷᠳᠣᠨ ᠤ ᠵᠠᠷᠯᠢᠭ 18 ᠳ᠋ᠤᠭᠠᠷ ᠲᠣᠭᠠᠲᠤ                     2021 ᠣᠨ ᠤ 7 ᠳ᠋ᠤᠭᠠᠷ ᠰᠠᠷ᠎ᠠ ᠶᠢᠨ 23 ᠤ ᠡᠳᠦᠷ      ︽ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠤᠨ ᠲᠥᠰᠥᠯ ᠢ ᠲᠣᠭᠲᠠᠭᠠᠬᠤ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠣᠭᠲᠠᠭᠠᠬᠤ ᠳᠠᠷᠠᠭᠠᠯᠠᠯ ᠤᠨ ᠲᠣᠭᠲᠠᠭᠠᠯ︾ ᠢ 2021 ᠣᠨ ᠤ 7 ᠳ᠋ᠤᠭᠠᠷ ᠰᠠᠷ᠎ᠠ ᠶᠢᠨ 7 ᠤ ᠡᠳᠦᠷ ᠤᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 14 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠵᠥᠪᠯᠡᠨ ᠪᠠᠲᠤᠯᠠᠵᠤ᠂ ᠡᠲᠦᠭᠡ ᠨᠡᠶᠢᠲᠡᠯᠡᠪᠡ᠂ 2021 ᠣᠨ ᠤ 9 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                         ᠬᠤᠲᠠ ᠶᠢᠨ ᠳᠠᠷᠤᠭ᠎ᠠ  ᠾᠧ ᠬᠠᠢ ᠳ᠋ᠦᠩ                         2021 ᠣᠨ ᠤ 7 ᠳ᠋ᠤᠭᠠᠷ ᠰᠠᠷ᠎ᠠ ᠶᠢᠨ 23 ᠤ ᠡᠳᠦᠷ           ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠤᠨ ᠲᠥᠰᠥᠯ ᠢ  ᠲᠣᠭᠲᠠᠭᠠᠬᠤ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠣᠭᠲᠠᠭᠠᠬᠤ ᠳᠠᠷᠠᠭᠠᠯᠠᠯ ᠤᠨ ᠲᠣᠭᠲᠠᠭᠠᠯ       ᠨᠢᠭᠡᠳᠦᠭᠡᠷ ᠪᠦᠯᠦᠭ  ᠶᠡᠷᠦᠩᠬᠡᠢ ᠳᠦᠷᠢᠮ      ᠨᠢᠭᠡᠳᠦᠭᠡᠷ ᠵᠦᠢᠯ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ︵ᠳᠣᠷᠣᠭᠰᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠭᠡᠵᠦ ᠳᠥᠭᠦᠮᠴᠢᠯᠡᠨ᠎ᠡ︶ ᠤ ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠤᠨ ᠲᠥᠰᠥᠯ ᠢ ᠲᠣᠭᠲᠠᠭᠠᠬᠤ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠣᠭᠲᠠᠭᠠᠬᠤ ᠳᠠᠷᠠᠭᠠᠯᠠᠯ ᠢ ᠵᠢᠷᠤᠮᠵᠢᠭᠤᠯᠤᠨ᠂ ᠬᠠᠤᠯᠢ ᠲᠣᠭᠲᠠᠭᠠᠬᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠲᠣᠭᠲᠠᠭᠠᠬᠤ ᠬᠠᠤᠯᠢ︾ ︽ᠳᠦᠷᠢᠮ ᠲᠣᠭᠲᠠᠭᠠᠯ ᠲᠣᠭᠲᠠᠭᠠᠬᠤ ᠳᠠᠷᠠᠭᠠᠯᠠᠯ ᠤᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠤᠨ ᠲᠥᠰᠥᠯ ᠢ ᠲᠣᠭᠲᠠᠭᠠᠬᠤ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠣᠭᠲᠠᠭᠠᠬᠤ ᠳᠠᠷᠠᠭᠠᠯᠠᠯ ᠤᠨ ᠲᠣᠭᠲᠠᠭᠠᠯ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠳᠦᠷᠢᠮ᠂ ᠳᠦᠷᠢᠮ ᠲᠣᠭᠲᠠᠭᠠᠯ ᠢ ᠦᠨᠳᠦᠰᠦᠯᠡᠨ᠂ ᠲᠤᠰ ᠬᠤᠲᠠ ᠶᠢᠨ ᠢᠶᠠᠨ ᠪᠣᠳᠠᠲᠠᠢ  ᠲᠠᠢ ᠤᠶᠠᠯᠳᠤᠭᠤᠯᠵᠤ᠂ ᠲᠤᠰ ᠲᠣᠭᠲᠠᠭᠠᠯ ᠢ ᠲᠣᠭᠲᠠᠭᠠᠪᠠ᠃      ᠬᠤᠶᠠᠳᠤᠭᠠᠷ ᠵᠦᠢᠯ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠤᠨ ᠲᠥᠰᠥᠯ ᠢ ᠲᠣᠭᠲᠠᠭᠠᠬᠤ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠣᠭᠲᠠᠭᠠᠬᠤ ᠳᠤ ᠲᠤᠰ ᠲᠣᠭᠲᠠᠭᠠᠯ ᠢ ᠵᠢᠷᠤᠮᠯᠠᠨ᠎ᠠ᠃      ᠭᠤᠷᠪᠠᠳᠤᠭᠠᠷ ᠵᠦᠢᠯ ᠲᠤᠰ ᠲᠣᠭᠲᠠᠭᠠᠯ ᠳᠤ ᠬᠡᠯᠡᠵᠦ ᠪᠠᠶᠢᠭ᠎ᠠ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ ᠲᠥᠰᠦᠯ ᠭᠡᠳᠡᠭ ᠨᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠤᠯᠢ ᠳᠤ ᠲᠣᠭᠲᠠᠭᠠᠭᠰᠠᠨ ᠡᠷᠬᠡ ᠪᠠ ᠳᠠᠷᠠᠭᠠᠯᠠᠯ ᠤᠨ ᠶᠣᠰᠣᠭᠠᠷ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠤᠶᠤ ᠪᠠᠶᠢᠩᠭᠤ ᠶᠢᠨ ᠬᠤᠷᠢᠶ᠎ᠠ ᠳᠤ ᠳᠤᠷᠠᠳᠤᠭᠰᠠᠨ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠢ ᠲᠣᠭᠲᠠᠭᠠᠬᠤ᠂ ᠵᠠᠰᠠᠪᠤᠷᠢ ᠣᠷᠣᠭᠤᠯᠬᠤ ᠪᠤᠶᠤ ᠬᠦᠴᠦᠨ ᠦᠭᠡᠢ ᠪᠣᠯᠭᠠᠬᠤ ᠵᠥᠪᠯᠡᠯᠭᠡ ᠶᠢ ᠵᠢᠭᠠᠵᠤ ᠪᠠᠶᠢᠨ᠎ᠠ᠃      ᠲᠤᠰ ᠲᠣᠭᠲᠠᠭᠠᠯ ᠳᠤ ᠬᠡᠯᠡᠵᠦ ᠪᠠᠶᠢᠭ᠎ᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠭᠡᠳᠡᠭ ᠨᠢ ᠠᠷᠠᠳ ᠤᠨ ᠵᠠᠰᠠᠭ ᠤᠨ ᠣᠷᠳᠣᠨ ᠠᠴᠠ ᠬᠠᠤᠯᠢ ᠳᠤ ᠲᠣᠭᠲᠠᠭᠠᠭᠰᠠᠨ ᠡᠷᠬᠡ ᠪᠠ ᠲᠤᠰ ᠲᠣᠭᠲᠠᠭᠠᠯ ᠢᠶᠠᠷ ᠲᠣᠭᠲᠠᠭᠠᠭᠰᠠᠨ ᠪᠥᠭᠡᠳ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠷᠯᠢᠭ ᠤᠨ ᠬᠡᠯᠪᠡᠷᠢ ᠪᠠᠷ ᠨᠡᠶᠢᠲᠡᠯᠡᠨ ᠬᠡᠷᠡᠭᠵᠢᠭᠦᠯᠦᠭᠰᠡᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠵᠢᠭᠠᠵᠤ ᠪᠠᠶᠢᠨ᠎ᠠ᠃      ᠳᠥᠷᠪᠡᠳᠦᠭᠡᠷ ᠵᠦᠢᠯ ᠬᠤᠳᠠ ᠶᠢᠨ ᠠᠷᠠᠳ ᠤᠨ ᠵᠠᠰᠠᠭ ᠤᠨ ᠣᠷᠳᠣᠨ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠳᠦᠷᠢᠮ ᠪᠠ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠢ ᠦᠨᠳᠦᠰᠦᠯᠡᠨ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠲᠡᠦᠬᠡ ᠰᠣᠶᠣᠯ ᠤᠨ ᠬᠠᠮᠠᠭᠠᠯᠠᠯᠲᠠ ᠵᠡᠷᠭᠡ ᠲᠠᠯ᠎ᠠ ᠶᠢᠨ ᠵᠦᠢᠯᠡᠰ ᠤᠨ ᠲᠤᠬᠠᠶ ᠵᠠᠰᠠᠭ ᠤᠨ ᠣᠷᠳᠣᠨ ᠤ ᠲᠦᠷᠢᠮ ᠲᠣᠭᠲᠠᠭᠠᠯ ᠢ ᠲᠣᠭᠲᠠᠭᠠᠨ᠎ᠠ᠃      ᠲᠠᠪᠤᠳᠤᠭᠠᠷ ᠵᠦᠢᠯ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ ᠲᠥᠰᠥᠯ ᠢ ᠲᠣᠭᠲᠠᠭᠠᠬᠤ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠣᠭᠲᠠᠭᠠᠬᠤ ᠳᠤ ᠨᠠᠮ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠪᠠ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠤᠯᠢ ᠲᠣᠭᠲᠠᠭᠠᠬᠤ ᠬᠠᠤᠯᠢ ᠳᠤ ᠲᠣᠭᠲᠠᠭᠠᠭᠰᠠᠨ ᠬᠠᠤᠯᠢ ᠲᠣᠭᠲᠠᠭᠠᠬᠤ ᠵᠠᠷᠴᠢᠮ ᠢ ᠵᠢᠷᠤᠮᠯᠠᠵᠤ᠂ ᠦᠨᠳᠦᠰᠦᠨ ᠬᠠᠤᠯᠢ᠂ ᠬᠠᠤᠯᠢ ᠴᠠᠭᠠᠵᠠ᠂ ᠲᠦᠷᠦ ᠶᠢᠨ ᠪᠤᠳᠤᠯᠭ᠎ᠠ ᠶᠢᠨ ᠲᠣᠭᠲᠠᠭᠠᠯ ᠳᠤ ᠨᠡᠶᠢᠴᠡᠭᠦᠯᠵᠦ᠂ ᠲᠤᠰ ᠬᠤᠳᠠ ᠶᠢᠨ ᠢᠶᠠᠨ ᠪᠣᠳᠠᠲᠤ ᠪᠠᠶᠢᠳᠠᠯ ᠠᠴᠠ ᠡᠭᠦᠰᠴᠦ᠂ ᠰᠢᠨᠵᠢᠯᠡᠬᠦ ᠤᠬᠠᠭᠠᠨᠴᠢ ᠴᠢᠨᠠᠷ᠂ ᠠᠷᠠᠳᠴᠢᠯᠠᠯᠲᠤ ᠴᠢᠨᠠᠷ ᠢ ᠪᠠᠷᠢᠮᠲᠠᠯᠠᠵᠤ᠂ ᠬᠠᠤᠯᠢ ᠲᠣᠭᠲᠠᠭᠠᠬᠤ ᠪᠠ ᠥᠭᠡᠷᠡᠴᠢᠯᠡᠯᠲᠡ ᠶᠢᠨ ᠰᠢᠢᠳᠪᠦᠷᠢᠲᠦ ᠪᠤᠳᠤᠯᠭ᠎ᠠ ᠶᠢ ᠤᠶᠠᠯᠳᠤᠭᠤᠯᠬᠤ ᠬᠡᠷᠡᠭᠲᠡᠶ᠃      ᠵᠢᠷᠭᠤᠳᠤᠭᠠᠷ ᠵᠦᠢᠯ ᠬᠤᠳᠠ ᠶᠢᠨ ᠠᠷᠠᠳ ᠤᠨ ᠵᠠᠰᠠᠭ ᠤᠨ ᠣᠷᠳᠣᠨ ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠤᠨ ᠲᠥᠰᠦᠯ ᠢ ᠲᠣᠭᠲᠠᠭᠠᠬᠤ ᠪᠠ ᠵᠠᠰᠠᠭ ᠤᠨ ᠣᠷᠳᠣᠨ ᠤ ᠲᠦᠷᠢᠮ ᠲᠣᠭᠲᠠᠭᠠᠯ ᠢ ᠲᠣᠭᠲᠠᠭᠠᠬᠤ ᠳᠤ ᠲᠤᠰ ᠬᠤᠳᠠ ᠶᠢᠨ ᠴᠢᠬᠤᠯᠠ ᠶᠡᠭᠡ ᠠᠵᠤ ᠠᠬᠤᠢ ᠨᠡᠶᠢᠭᠡᠮ ᠤᠨ ᠲᠠᠯ᠎ᠠ ᠳᠤ ᠬᠤᠯᠪᠣᠭᠳᠠᠬᠤ ᠠᠭᠤᠯᠭ᠎ᠠ ᠶᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠴᠠᠭ ᠲᠤᠬᠠᠢ ᠳᠤᠨᠢ ᠬᠤᠳᠠ ᠶᠢᠨ ᠨᠠᠮ ᠤᠨ ᠬᠤᠷᠢᠶ᠎ᠠ ᠳᠤ ᠮᠡᠳᠡᠭᠦᠯᠬᠦ ᠬᠡᠷᠡᠭᠲᠡᠢ᠃      ᠳᠣᠯᠣᠳᠤᠭᠠᠷ ᠵᠦᠢᠯ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ ᠲᠥᠰᠥᠯ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠤᠨ ᠲᠣᠭᠲᠠᠭᠠᠨ᠎ᠠ᠃      ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ ᠲᠥᠰᠥᠯ ᠢ ᠲᠣᠭᠲᠠᠭᠠᠬᠤ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠣᠭᠲᠠᠭᠠᠬᠤ ᠠᠵᠢᠯ ᠢ ᠵᠢᠯᠣᠭᠤᠳᠤᠨ ᠵᠣᠬᠢᠴᠠᠭᠤᠯᠬᠤ ᠪᠠ ᠲᠥᠰᠥᠯ ᠢ ᠬᠢᠨᠠᠬᠤ ᠠᠵᠢᠯ ᠢ ᠪᠣᠳᠠᠲᠠᠢ ᠬᠠᠷᠢᠭᠤᠴᠠᠨ᠎ᠠ᠃      ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠵᠢᠴᠢ ᠬᠠᠮᠢᠶ᠎ᠠ ᠪᠦᠬᠦᠢ ᠨᠢᠭᠡᠴᠡ ᠥᠪᠡᠷ ᠥᠪᠡᠷ ᠤᠨ ᠡᠭᠦᠷᠭᠡ ᠲᠤᠰᠢᠶᠠᠯ ᠪᠣᠯᠣᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ ᠲᠥᠰᠥᠯ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠤᠭᠤᠷᠪᠢᠬᠤ ᠪᠣᠳᠠᠲᠠᠢ ᠠᠵᠢᠯ ᠢ ᠡᠭᠦᠷᠭᠡᠯᠡᠵᠦ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠬᠤᠯᠪᠣᠭᠳᠠᠯ ᠪᠦᠬᠦᠢ ᠠᠵᠢᠯ ᠳᠤ ᠬᠠᠮᠵᠢᠯᠴᠠᠨ᠎ᠠ᠃      ᠨᠠᠢᠮᠠᠳᠤᠭᠠᠷ ᠵᠦᠢᠯ ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠤᠨ ᠲᠥᠰᠥᠯ ᠢ ᠲᠣᠭᠲᠠᠭᠠᠬᠤ ᠳᠠᠷᠠᠭᠠᠯᠠᠯ ᠳᠤ ᠲᠥᠰᠥᠯ ᠳᠤ ᠣᠷᠣᠭᠤᠯᠬᠤ᠂ ᠲᠤᠭᠤᠷᠪᠢᠬᠤ᠂ ᠬᠢᠨᠠᠨ ᠪᠠᠶᠢᠴᠠᠭᠠᠬᠤ᠂ ᠰᠢᠢᠳᠬᠦ᠂ ᠳᠡᠪᠰᠢᠭᠦᠯᠦᠨ ᠵᠥᠪᠯᠡᠬᠦ ᠪᠠᠭᠲᠠᠨ᠎ᠠ᠃      ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠣᠭᠲᠠᠭᠠᠬᠤ ᠳᠠᠷᠠᠭᠠᠯᠠᠯ ᠳᠤ ᠲᠥᠰᠥᠯ ᠳᠤ ᠣᠷᠣᠭᠤᠯᠬᠤ᠂ ᠲᠤᠭᠤᠷᠪᠢᠬᠤ᠂ ᠬᠢᠨᠠᠨ ᠪᠠᠶᠢᠴᠠᠭᠠᠬᠤ᠂ ᠰᠢᠢᠳᠬᠦ᠂ ᠨᠡᠶᠢᠲᠡᠯᠡᠬᠦ᠂ ᠳᠠᠩᠰᠠᠯᠠᠬᠤ᠂ ᠲᠠᠶᠢᠯᠪᠤᠷᠢᠯᠠᠬᠤ ᠪᠠ ᠬᠠᠤᠯᠢ ᠲᠣᠭᠲᠠᠭᠠᠭᠰᠠᠨ ᠤ ᠳᠠᠷᠠᠭᠠᠬᠢ ᠦᠨᠡᠯᠡᠯᠲᠡ ᠪᠠᠭᠲᠠᠨ᠎ᠠ᠃      ᠶᠢᠰᠦᠳᠦᠭᠡᠷ ᠵᠦᠢᠯ ᠬᠠᠤᠯᠢ ᠴᠠᠭᠠᠵᠠ᠂ ᠬᠠᠤᠯᠢ ᠳᠦᠷᠢᠮ ᠳᠤ ᠲᠣᠳᠣᠷᠬᠠᠢ ᠲᠣᠭᠲᠠᠭᠠᠭᠰᠠᠨ ᠠᠭᠤᠯᠭ᠎ᠠ ᠶᠢ ᠵᠠᠷᠴᠢᠮ ᠳᠡᠭᠡᠷ᠎ᠡ ᠪᠠᠨ ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠤᠨ ᠲᠥᠰᠥᠯ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠳᠤ ᠳᠠᠬᠢᠨᠲᠠ ᠳᠠᠪᠲᠠᠨ ᠲᠣᠭᠲᠠᠭᠠᠵᠤ ᠪᠣᠯᠬᠤ ᠦᠭᠡᠢ᠃      ᠬᠤᠶᠠᠳᠤᠭᠠᠷ ᠪᠦᠯᠦᠭ ᠲᠥᠰᠥᠯ ᠳᠤ ᠣᠷᠣᠭᠤᠯᠬᠤ      ᠠᠷᠪᠠᠳᠤᠭᠠᠷ ᠵᠦᠢᠯ ᠬᠤᠳᠠ ᠶᠢᠨ ᠠᠷᠠᠳ ᠤᠨ ᠵᠠᠰᠠᠭ ᠤᠨ ᠣᠷᠳᠣᠨ ᠲᠤᠰ ᠬᠤᠳᠠ ᠶᠢᠨ ᠢᠶᠠᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ ᠰᠠᠨᠠᠭᠤᠯᠭ᠎ᠠ ᠶᠢᠨ ᠲᠥᠰᠥᠯ ᠳᠤᠷᠠᠳᠬᠤ ᠪᠠ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠬᠠᠤᠯᠢ ᠲᠣᠭᠲᠠᠭᠠᠬᠤ ᠣᠨ ᠤ ᠲᠥᠯᠥᠪᠯᠡᠭᠡ ᠶᠢ ᠲᠣᠭᠲᠠᠭᠠᠵᠤ᠂ ᠨᠢᠭᠡᠳᠦᠯᠲᠡᠶ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠵᠤ᠂ ᠭᠤᠣᠯᠳᠠᠯᠭ᠎ᠠ ᠶᠢ ᠲᠤᠪᠤᠶᠢᠯᠭᠠᠨ᠂ ᠲᠣᠭᠲᠠᠭᠠᠬᠤ ᠵᠠᠰᠠᠬᠤ ᠬᠦᠴᠦᠨ ᠦᠭᠡᠢ ᠪᠣᠯᠭᠠᠬᠤ ᠲᠠᠶᠢᠯᠪᠤᠷᠢᠯᠠᠬᠤ ᠶᠢ ᠵᠡᠷᠭᠡᠪᠡᠷ ᠬᠢᠬᠦ ᠬᠡᠷᠡᠭᠲᠡᠶ᠃      ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠬᠠᠤᠯᠢ ᠲᠣᠭᠲᠠᠭᠠᠬᠤ ᠣᠨ ᠤ ᠲᠥᠯᠥᠪᠯᠡᠭᠡ ᠶᠢ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ ᠣᠨ ᠤ ᠬᠠᠤᠯᠢ ᠲᠣᠭᠲᠠᠭᠠᠬᠤ ᠲᠥᠯᠥᠪᠯᠡᠭᠡ ᠲᠠᠢ ᠵᠣᠯᠭᠠᠯᠳᠤᠭᠤᠯᠬᠤ ᠬᠡᠷᠡᠭᠲᠡᠶ᠃      ᠠᠷᠪᠠᠨ ᠨᠢᠭᠡᠳᠦᠭᠡᠷ ᠵᠦᠢᠯ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠣᠨ ᠤ ᠬᠠᠤᠯᠢ ᠲᠣᠭᠲᠠᠭᠠᠬᠤ ᠲᠥᠯᠥᠪᠯᠡᠭᠡ ᠳᠤ ᠬᠢᠨᠠᠨ ᠵᠥᠪᠯᠡᠬᠦ ᠲᠥᠰᠥᠯ ᠪᠠ ᠪᠠᠶᠢᠴᠠᠭᠠᠨ ᠰᠤᠳᠤᠯᠬᠤ ᠲᠥᠰᠥᠯ ᠪᠠᠭᠲᠠᠨ᠎ᠠ᠃ ᠬᠢᠨᠠᠨ ᠵᠥᠪᠯᠡᠬᠦ ᠲᠥᠰᠥᠯ ᠨᠢ ᠶᠡᠷᠦᠳᠡᠭᠡᠨ ᠳᠡᠭᠡᠷ᠎ᠡ ᠨᠢᠭᠡ ᠵᠢᠯ ᠤᠨ ᠨᠡᠯᠢᠶᠡᠳ ᠪᠣᠯᠪᠠᠰᠤᠷᠠᠩᠭᠤᠢ ᠪᠣᠯᠤᠭᠰᠠᠨ ᠪᠠᠶᠢᠴᠠᠭᠠᠨ ᠰᠤᠳᠤᠯᠬᠤ ᠲᠥᠰᠥᠯ ᠠᠴᠠ ᠪᠤᠢ ᠪᠣᠯᠵᠤ᠂ ᠲᠥᠯᠥᠪᠯᠡᠭᠡ ᠶᠢᠨ ᠣᠨ ᠤ ᠳᠣᠲᠣᠷ᠎ᠠ ᠪᠡᠶᠡᠯᠡᠭᠦᠯᠵᠦ᠂ ᠪᠠᠶᠢᠴᠠᠭᠠᠨ ᠰᠤᠳᠤᠯᠬᠤ ᠲᠥᠰᠥᠯ ᠨᠢ ᠲᠥᠰᠥᠯ ᠳᠤ ᠣᠷᠣᠭᠤᠯᠬᠤ ᠨᠥᠬᠦᠴᠡᠯ ᠳᠤ ᠨᠡᠶᠢᠴᠡᠭᠰᠡᠨ ᠰᠠᠨᠠᠭᠤᠯᠭ᠎ᠠ ᠶᠢᠨ ᠲᠥᠰᠥᠯ ᠠᠴᠠ ᠪᠤᠢ ᠪᠣᠯᠵᠤ ᠂ ᠲᠥᠯᠥᠪᠯᠡᠭᠡ ᠶᠢᠨ ᠣᠨ ᠤ ᠳᠣᠲᠣᠷ᠎ᠠ ᠪᠠᠶᠢᠴᠠᠭᠠᠨ ᠰᠤᠳᠤᠯᠬᠤ ᠠᠵᠢᠯ ᠢ ᠥᠷᠨᠢᠭᠦᠯᠬᠦ ᠶᠢᠨ ᠬᠠᠮᠲᠤ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠪᠤᠢ ᠪᠣᠯᠭᠠᠨ᠎ᠠ᠃      ᠠᠷᠪᠠᠨ ᠬᠤᠶᠠᠳᠤᠭᠠᠷ ᠵᠦᠢᠯ ᠬᠤᠳᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠵᠢᠯ ᠪᠦᠷᠢ ᠶᠢᠨ ᠲᠤᠤᠷᠠᠳᠤ ᠬᠠᠭᠠᠰ ᠵᠢᠯ ᠳᠤ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠳᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠵᠢᠴᠢ ᠬᠠᠮᠢᠶ᠎ᠠ ᠪᠥᠬᠦᠢ ᠨᠢᠭᠡᠴᠡ ᠠᠴᠠ ᠲᠠᠷᠠᠭ᠎ᠠ ᠨᠢᠭᠡ ᠵᠢᠯ ᠤᠨ ᠬᠠᠤᠯᠢ ᠲᠣᠭᠲᠠᠭᠠᠬᠤ ᠰᠠᠨᠠᠭᠤᠯᠭ᠎ᠠ ᠶᠢᠨ ᠲᠥᠰᠥᠯ ᠢ ᠴᠤᠭᠯᠠᠭᠤᠯᠬᠤ ᠬᠡᠷᠡᠭᠲᠡᠶ᠃      ᠬᠤᠳᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠯᠪᠠᠨ ᠰᠦᠯᠵᠢᠶ᠎ᠡ᠂ ᠰᠣᠨᠢᠨ ᠰᠡᠳᠬᠦᠯ ᠵᠡᠷᠭᠡ ᠵᠠᠭᠤᠴᠢ ᠪᠠᠷ ᠳᠠᠮᠵᠢᠭᠤᠯᠤᠨ ᠨᠡᠶᠢᠭᠡᠮ ᠠᠴᠠ ᠬᠠᠤᠯᠢ ᠲᠣᠭᠲᠠᠭᠠᠬᠤ ᠰᠠᠨᠠᠭᠤᠯᠭ᠎ᠠ ᠶᠢᠨ ᠲᠥᠰᠥᠯ ᠢ ᠢᠯᠡ ᠪᠠᠷ ᠴᠤᠭᠯᠠᠭᠤᠯᠬᠤ ᠬᠡᠷᠡᠭᠲᠡᠶ᠃      ᠠᠷᠪᠠᠨ ᠭᠤᠷᠪᠠᠳᠤᠭᠠᠷ ᠵᠦᠢᠯ ᠬᠠᠤᠯᠢ ᠲᠣᠭᠲᠠᠭᠠᠬᠤ ᠰᠠᠨᠠᠭᠤᠯᠭ᠎ᠠ ᠶᠢᠨ ᠲᠥᠰᠥᠯ ᠢ ᠳᠤᠷᠠᠳᠬᠤ ᠳᠠᠭᠠᠨ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠬᠠᠤᠯᠢ ᠲᠣᠭᠲᠠᠭᠠᠬᠤ ᠰᠠᠨᠠᠭᠤᠯᠭ᠎ᠠ ᠶᠢᠨ ᠲᠥᠰᠥᠯ ᠤᠨ ᠲᠣᠳᠣᠷᠬᠠᠶᠢᠯᠠᠯᠲᠠ ᠪᠠᠨ ᠲᠤᠰᠢᠶᠠᠬᠤ ᠬᠡᠷᠡᠭᠲᠡᠢ᠃ ᠲᠣᠳᠣᠷᠬᠠᠶᠢᠯᠠᠯᠲᠠ ᠳᠤ ᠳᠣᠣᠷᠠᠬᠢ ᠠᠭᠤᠯᠭ᠎ᠠ ᠨᠤᠭᠤᠳ ᠢ ᠪᠠᠭᠲᠠᠭᠠᠬᠤ ᠬᠡᠷᠡᠭᠲᠡᠶ᠄      ︵ᠨᠢᠭᠡ︶ ᠬᠠᠤᠯᠢ ᠲᠣᠭᠲᠠᠭᠠᠬᠤ ᠰᠠᠨᠠᠭᠤᠯᠭ᠎ᠠ ᠶᠢᠨ ᠲᠥᠰᠥᠯ ᠤᠨ ᠨᠡᠷᠡᠶᠢᠳᠦᠯ︔      ︵ᠬᠤᠶᠠᠷ︶ ᠰᠢᠢᠳᠪᠦᠷᠢᠯᠡᠬᠦ ᠴᠢᠬᠤᠯᠠ ᠲᠠᠢ ᠭᠤᠣᠯ ᠠᠰᠠᠭᠤᠳᠠᠯ᠂ ᠲᠣᠭᠲᠠᠭᠠᠬᠤ ᠶᠢᠨ ᠴᠢᠬᠤᠯᠠ ᠴᠢᠨᠠᠷ ᠪᠠ ᠪᠣᠯᠤᠮᠵᠢᠲᠤ ᠴᠢᠨᠠᠷ᠂ ᠠᠪᠬᠤ ᠪᠠᠷ ᠲᠥᠯᠥᠪᠯᠡᠵᠦ ᠪᠠᠶᠢᠭ᠎ᠠ ᠭᠤᠣᠯ ᠠᠷᠭ᠎ᠠ ᠬᠡᠮᠵᠢᠶ᠎ᠡ︔      ︵ᠭᠤᠷᠪᠠ︶ ᠪᠠᠶᠢᠴᠠᠭᠠᠨ ᠰᠤᠳᠤᠯᠵᠤ ᠨᠤᠲᠠᠯᠠᠭᠰᠠᠨ ᠦᠨᠳᠦᠰᠦᠨ ᠪᠠᠶᠢᠳᠠᠯ︔      ︵ᠲᠥᠷᠪᠡ︶ ᠲᠣᠭᠲᠠᠭᠠᠬᠤ ᠦᠨᠳᠦᠰᠦᠯᠡᠯ ᠪᠣᠯᠤᠨ ᠬᠠᠮᠢᠶ᠎ᠠ ᠪᠥᠬᠦᠢ ᠯᠠᠪᠯᠠᠯᠲᠠ ᠶᠢᠨ ᠮᠠᠲ᠋ᠧᠷᠢᠶᠠᠯ᠃      ᠠᠷᠪᠠᠨ ᠳᠥᠷᠪᠡᠳᠦᠭᠡᠷ ᠵᠦᠢᠯ ᠬᠠᠤᠯᠢ ᠲᠣᠭᠲᠠᠭᠠᠬᠤ ᠰᠠᠨᠠᠭᠤᠯᠭ᠎ᠠ ᠶᠢᠨ ᠲᠥᠰᠥᠯ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ ᠲᠥᠰᠥᠯ ᠳᠤ ᠣᠷᠣᠭᠤᠯᠬᠤ ᠦᠭᠡᠢ᠄      ︵ᠨᠢᠭᠡ︶ ᠬᠠᠤᠯᠢ ᠲᠣᠭᠲᠠᠭᠠᠬᠤ ᠡᠷᠬᠡ ᠶᠢᠨ ᠬᠡᠪᠴᠢᠶᠡᠨ ᠠᠴᠠ ᠳᠠᠪᠠᠭᠰᠠᠨ︔      ︵ᠬᠤᠶᠠᠷ︶ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠳᠦᠷᠢᠮ ᠲᠠᠢ ᠬᠠᠷᠰᠢᠯᠳᠤᠬᠤ ᠪᠤᠶᠤ ᠤᠯᠤᠰ ᠤᠨ ᠬᠠᠮᠢᠶ᠎ᠠ ᠪᠦᠬᠦᠢ ᠴᠢᠭᠯᠡᠯᠲᠡ ᠲᠦᠷᠦ ᠶᠢᠨ ᠪᠤᠳᠤᠯᠭ᠎ᠠ ᠳᠤ ᠨᠡᠶᠢᠴᠡᠬᠦ ᠦᠭᠡᠢ︔      ︵ᠭᠤᠷᠪᠠ︶ ᠳᠡᠭᠡᠳᠦ ᠪᠠᠶᠢᠷᠢ ᠶᠢᠨ ᠬᠠᠤᠯᠢ ᠶᠢᠨ ᠵᠦᠢᠯ ᠵᠤᠷᠪᠤᠰ ᠢ ᠶᠡᠭᠡ ᠬᠡᠮᠵᠢᠶ᠎ᠡ ᠪᠠᠷ ᠳᠠᠪᠲᠠᠭᠰᠠᠨ ᠪᠤᠶᠤ ᠳᠡᠭᠡᠳᠦ ᠪᠠᠶᠢᠷᠢ ᠶᠢᠨ ᠬᠠᠤᠯᠢ ᠶᠢ ᠶᠠᠭ ᠲᠣᠭᠲᠠᠭᠠᠵᠤ ᠪᠠᠶᠢᠬᠤ︔      ︵ᠲᠦᠷᠪᠡ︶ ᠬᠠᠤᠯᠢ ᠲᠣᠭᠲᠠᠭᠠᠬᠤ ᠵᠣᠷᠢᠯᠭ᠎ᠠ ᠨᠢ ᠲᠣᠳᠣᠷᠬᠠᠶ ᠦᠭᠡᠢ ᠪᠤᠶᠤ ᠬᠠᠤᠯᠢ ᠲᠣᠭᠲᠠᠭᠠᠬᠤ ᠴᠢᠬᠤᠯᠠ ᠴᠢᠨᠠᠷ ᠨᠢ ᠭᠦᠢᠴᠡᠳ ᠦᠭᠡᠢ︔      ︵ᠲᠠᠪᠤ︶ ᠮᠥᠨ ᠴᠢᠨᠠᠷ ᠤᠨ ᠠᠭᠤᠯᠭ᠎ᠠ ᠤᠢᠭᠡᠢ ᠪᠤᠶᠤ ᠪᠠᠶᠢᠴᠠᠭᠠᠨ ᠰᠤᠳᠤᠯᠤᠯᠲᠠ ᠨᠢ ᠭᠦᠢᠴᠡᠳ ᠤᠢᠭᠡᠢ︔      ︵ᠵᠢᠷᠭᠤᠭ᠎ᠠ︶ ᠰᠢᠢᠳᠪᠦᠷᠢᠯᠡᠬᠦ ᠭᠡᠰᠡᠨ ᠭᠤᠣᠯ ᠠᠰᠠᠭᠤᠳᠠᠯ ᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠪᠤᠶᠤ ᠪᠤᠰᠤᠳ ᠲᠥᠷᠥ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠪᠠᠷ ᠳᠠᠮᠵᠢᠭᠤᠯᠤᠨ ᠲᠣᠬᠢᠷᠠᠭᠤᠯᠤᠯᠲᠠ ᠬᠢᠵᠦ᠂ ᠲᠤᠰᠬᠠᠶ ᠲᠥᠷᠥᠯ ᠤᠨ ᠬᠠᠤᠯᠢ ᠲᠣᠭᠲᠠᠭᠠᠬᠤ ᠴᠢᠬᠤᠯᠠ ᠥᠭᠡᠢ︔ ᡾      ︵ᠳᠣᠯᠤᠭ᠎ᠠ︶ ᠲᠣᠰ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠣᠳᠠᠲᠤ ᠪᠠᠶᠢᠳᠠᠯ ᠪᠠ ᠬᠡᠷᠡᠭᠴᠡᠭᠡ ᠳᠤ ᠨᠡᠶᠢᠴᠡᠬᠦ ᠥᠬᠡᠶ︔      ︵ᠨᠠᠢᠮᠠ︶ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠪᠤᠶᠤ ᠵᠠᠰᠠᠭ ᠤᠨ ᠣᠷᠳᠣᠨ ᠤ ᠲᠦᠷᠢᠮ ᠲᠣᠭᠲᠠᠭᠠᠯ ᠢ ᠲᠣᠭᠲᠠᠭᠠᠬᠤ ᠨᠥᠬᠦᠴᠡᠯ ᠬᠠᠷᠠᠬᠠᠨ ᠪᠦᠷᠢᠳᠦᠭᠡᠳᠦᠢ︔      ︵ᠶᠢᠰᠦ︶ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠪᠤᠶᠤ ᠵᠠᠰᠠᠭ ᠤᠨ ᠣᠷᠳᠣᠨ ᠤ ᠲᠦᠷᠢᠮ ᠲᠣᠭᠲᠠᠭᠠᠯ ᠢ ᠲᠣᠭᠲᠠᠭᠠᠬᠤ ᠪᠠᠷ ᠳᠠᠮᠵᠢᠭᠤᠯᠤᠨ ᠰᠢᠢᠳᠪᠦᠷᠢᠯᠡᠬᠦ ᠴᠢᠬᠤᠯᠠ ᠦᠭᠡᠢ ᠪᠤᠰᠤᠳ ᠪᠠᠶᠢᠳᠠᠯ᠃      ᠠᠷᠪᠠᠨ ᠲᠠᠪᠤᠳᠤᠭᠠᠷ ᠵᠦᠢᠯ ᠣᠷᠣᠨ ᠨᠤᠲᠤᠭ ᠤᠨ ᠴᠢᠨᠠᠷᠲᠠᠢ ᠬᠠᠤᠯᠢ ᠳᠥᠷᠢᠮ ᠤᠨ ᠬᠠᠤᠯᠢ ᠲᠣᠭᠲᠠᠭᠠᠬᠤ ᠣᠨ ᠤ ᠲᠥᠯᠥᠪᠯᠡᠭᠡ ᠶᠢᠨ ᠰᠠᠨᠠᠭᠤᠯᠭ᠎ᠠ ᠶᠢ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠲᠤᠭᠤᠷᠪᠢᠨ ᠲᠣᠭᠲᠠᠭᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠮᠡᠳᠡᠭᠦᠯᠦᠨ᠎ᠡ᠃      ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠬᠠᠤᠯᠢ ᠲᠣᠭᠲᠠᠭᠠᠬᠤ ᠣᠨ ᠤ ᠲᠥᠯᠥᠪᠯᠡᠭᠡ ᠶᠢ ᠲᠣᠭᠲᠠᠭᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠤᠲᠠ ᠶᠢᠨ ᠨᠠᠮ ᠤᠨ ᠬᠤᠷᠢᠶᠠᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠭᠡᠮ ᠳᠤ ᠨᠡᠶᠢᠲᠡᠯᠡᠨ᠎ᠡ᠃      ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠪᠠ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠣᠨ ᠤ ᠬᠠᠤᠯᠢ ᠲᠣᠭᠲᠠᠭᠠᠬᠤ ᠲᠥᠯᠥᠪᠯᠡᠭᠡ ᠶᠢ ᠬᠡᠷᠡᠭᠵᠢᠭᠦᠯᠬᠦ ᠶᠠᠪᠤᠴᠠ ᠳᠤ᠂ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠳᠠᠲᠠᠶ ᠪᠠᠶᠢᠳᠠᠯ ᠢᠶᠠᠨ ᠦᠨᠳᠦᠰᠦᠯᠡᠨ᠂ ᠬᠠᠤᠯᠢ ᠲᠣᠭᠲᠠᠭᠠᠬᠤ ᠣᠨ ᠤ ᠲᠥᠯᠥᠪᠯᠡᠭᠡ ᠳᠤ ᠲᠣᠬᠢᠷᠠᠭᠤᠯᠤᠯᠲᠠ ᠬᠢᠬᠦ ᠰᠠᠨᠠᠭᠤᠯᠭ᠎ᠠ ᠳᠤᠷᠠᠳᠴᠤ ᠪᠣᠯᠤᠨ᠎ᠠ᠃ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ ᠬᠠᠤᠯᠢ ᠲᠣᠭᠲᠠᠭᠠᠬᠤ ᠲᠥᠯᠥᠪᠯᠡᠭᠡ ᠶᠢᠨ ᠲᠣᠬᠢᠷᠠᠭᠤᠯᠤᠯᠲᠠ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠮᠡᠳᠡᠭᠦᠯᠦᠨ᠎ᠡ︔ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠬᠠᠤᠯᠢ ᠲᠣᠭᠲᠠᠭᠠᠬᠤ ᠣᠨ ᠤ ᠲᠥᠯᠥᠪᠯᠡᠭᠡ ᠶᠢᠨ ᠲᠣᠬᠢᠷᠠᠭᠤᠯᠤᠯᠲᠠ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠤᠲᠠ ᠶᠢᠨ ᠨᠠᠮ ᠤᠨ ᠬᠤᠷᠢᠶᠠᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠭᠡᠮ ᠳᠤ ᠨᠡᠶᠢᠲᠡᠯᠡᠨ᠎ᠡ᠃       ᠭᠤᠷᠪᠠᠳᠤᠭᠠᠷ ᠪᠦᠯᠦᠭ ᠲᠤᠭᠤᠷᠪᠢᠬᠤ       ᠠᠷᠪᠠᠨ ᠵᠢᠷᠭᠤᠳᠤᠭᠠᠷ ᠵᠦᠢᠯ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ ᠲᠥᠰᠦᠯ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠵᠠᠷᠴᠢᠮ ᠳᠡᠭᠡᠷ᠎ᠡ ᠪᠠᠨ ᠬᠠᠤᠯᠢ ᠲᠣᠭᠲᠠᠭᠠᠬᠤ ᠰᠠᠨᠠᠭᠤᠯᠭ᠎ᠠ ᠶᠢᠨ ᠲᠥᠰᠥᠯ ᠢ ᠳᠤᠷᠠᠳᠤᠭᠰᠠᠨ ᠨᠢᠭᠡᠴᠡ ᠠᠴᠠ ᠬᠠᠷᠢᠭᠤᠴᠠᠨ ᠲᠤᠭᠤᠷᠪᠢᠨ᠎ᠠ᠃      ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ ᠡᠭᠡ ᠨᠤᠤᠷᠠᠬ ᠪᠣᠯᠤᠨ ᠵᠠᠰᠠᠭ ᠤᠨ ᠣᠷᠳᠣᠨ ᠤ ᠲᠦᠷᠢᠮ ᠲᠣᠭᠲᠠᠭᠠᠯ ᠨᠢ ᠬᠤᠶᠠᠷ ᠠᠴᠠ ᠳᠡᠭᠡᠭᠰᠢ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠲᠠᠢ ᠬᠤᠯᠪᠣᠭᠳᠠᠬᠤ ᠪᠤᠶᠤ ᠠᠭᠤᠯᠭ᠎ᠠ ᠨᠢ ᠴᠢᠬᠤᠯᠠ ᠶᠡᠭᠡ᠂ ᠪᠤᠳᠤᠯᠢᠶᠠᠨᠲᠠᠶ ᠪᠣᠯ᠂ ᠲᠤᠭᠤᠷᠪᠢᠨ ᠪᠢᠴᠢᠬᠦ ᠨᠢᠭᠡᠴᠡ ᠶᠢ ᠬᠤᠯᠪᠤᠭᠳᠠᠯ ᠪᠦᠬᠦᠢ ᠨᠢᠭᠡᠴᠡ ᠬᠠᠮᠲᠤᠪᠠᠷ ᠵᠥᠪᠳᠡᠯᠴᠡᠨ ᠲᠣᠭᠲᠠᠭᠠᠬᠤ ᠪᠤᠶᠤ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠤᠭᠤᠷᠪᠢᠨ ᠪᠢᠴᠢᠬᠦ ᠨᠢᠭᠡᠴᠡ ᠶᠢ ᠲᠣᠭᠲᠠᠭᠠᠵᠤ ᠪᠣᠯᠤᠨ᠎ᠠ᠃      ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠲᠥᠰᠥᠯ ᠳᠤ ᠣᠷᠣᠭᠤᠯᠬᠤ ᠪᠠᠷ ᠭᠤᠶᠤᠴᠢᠯᠠᠪᠠᠯ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠤᠨ ᠲᠤᠭᠤᠷᠪᠢᠨ᠎ᠠ᠃      ᠲᠤᠰᠬᠠᠶ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ ᠡᠭᠡ ᠨᠤᠤᠷᠠᠭ ᠪᠠ ᠵᠠᠰᠠᠭ ᠤᠨ ᠣᠷᠳᠣᠨ ᠤ ᠲᠦᠷᠢᠮ ᠲᠣᠭᠲᠠᠭᠠᠯ ᠢ ᠲᠤᠭᠤᠷᠪᠢᠨ ᠪᠢᠴᠢᠬᠦ ᠳᠤ ᠬᠤᠯᠪᠣᠭᠳᠠᠯ ᠪᠦᠬᠦᠢ ᠬᠦᠷᠢᠶᠡᠨ ᠤ ᠲᠤᠰᠬᠠᠶ ᠮᠡᠷᠭᠡᠵᠢᠯᠲᠡᠨ ᠢ ᠲᠤᠭᠤᠷᠪᠢᠨ ᠪᠢᠴᠢᠬᠦ ᠠᠵᠢᠯ ᠳᠤ ᠣᠷᠣᠯᠴᠠᠭᠤᠯᠵᠤ ᠪᠣᠯᠤᠨ᠎ᠠ᠂ ᠡᠰᠡᠬᠦᠯ᠎ᠡ ᠬᠠᠮᠢᠶ᠎ᠠ ᠪᠦᠬᠦᠢ ᠲᠤᠰᠬᠠᠶ ᠮᠡᠷᠭᠡᠵᠢᠯᠲᠡᠨ᠂ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠨᠠᠶᠢᠳᠠᠵᠤ ᠲᠤᠭᠤᠷᠪᠢᠨ ᠪᠢᠴᠢᠭᠦᠯᠵᠦ ᠪᠣᠯᠤᠨ᠎ᠠ᠃ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠵᠠᠰᠠᠭ ᠤᠨ ᠣᠷᠳᠣᠨ ᠤ ᠴᠢᠬᠤᠯᠠ ᠳᠦᠷᠢᠮ ᠲᠣᠭᠲᠠᠭᠠᠯ ᠢ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠦᠷᠦᠭᠦᠯᠡᠨ ᠵᠣᠬᠢᠶᠠᠨ ᠪᠠᠶᠢᠭᠤᠯᠵᠤ ᠲᠤᠭᠤᠷᠪᠢᠵᠤ ᠪᠣᠯᠤᠨ᠎ᠠ᠃      ᠠᠷᠪᠠᠨ ᠳᠣᠯᠣᠳᠤᠭᠠᠷ ᠵᠦᠢᠯ ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠤᠨ ᠲᠥᠰᠦᠯ ᠪᠠ ᠵᠠᠰᠠᠭ ᠤᠨ ᠣᠷᠳᠣᠨ ᠤ ᠲᠦᠷᠢᠮ ᠲᠣᠭᠲᠠᠭᠠᠯ ᠢ ᠲᠤᠭᠤᠷᠪᠢᠬᠤ ᠳᠤ ᠳᠣᠣᠷ᠎ᠠ ᠵᠢᠭᠰᠠᠭᠠᠭᠰᠠᠨ ᠱᠠᠭᠠᠷᠳᠠᠯᠭ᠎ᠠ ᠶᠣᠰᠣᠭᠠᠷ ᠥᠷᠭᠡᠨ ᠢᠶᠠᠷ ᠰᠠᠨᠠᠯ ᠬᠤᠷᠢᠶᠠᠬᠤ ᠬᠡᠷᠡᠭᠲᠡᠢ᠄      ︵ᠨᠢᠭᠡ︶ ᠪᠢᠴᠢᠭ ᠢᠶᠠᠷ ᠰᠠᠨᠠᠯ ᠬᠤᠷᠢᠶᠠᠬᠤ᠂ ᠰᠠᠨᠠᠯ ᠬᠤᠷᠢᠶᠠᠬᠤ ᠬᠤᠷᠠᠯ ᠬᠤᠷᠠᠯᠳᠤᠭᠤᠯᠬᠤ ᠵᠡᠷᠭᠡ ᠬᠡᠯᠪᠡᠷᠢ ᠪᠠᠷ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ  ᠬᠠᠮᠢᠶ᠎ᠠ ᠪᠥᠬᠦᠶ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠬᠡᠷᠡᠭᠲᠡᠶ︔      ︵ᠬᠤᠶᠠᠷ︶ ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ ᠴᠢᠬᠤᠯᠠᠲᠠᠶ ᠠᠴᠠ ᠭᠠᠳᠠᠨ᠎ᠠ᠂ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠠᠯᠪᠠᠨ ᠰᠦᠯᠵᠢᠶ᠎ᠡ᠂ ᠰᠣᠨᠢᠨ ᠰᠡᠳᠬᠦᠯ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ ᠲᠥᠰᠦᠯ ᠪᠠ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠰᠠᠨᠠᠯ ᠬᠤᠷᠢᠶᠠᠬᠤ ᠨᠣᠤᠷᠠᠭ ᠵᠢᠴᠢ ᠲᠣᠳᠣᠷᠬᠠᠶᠢᠯᠠᠯᠲᠠ ᠶᠢ ᠨᠡᠶᠢᠭᠡᠮ ᠨᠡᠶᠢᠲᠡ ᠳᠤ ᠨᠡᠶᠢᠲᠡᠯᠡᠵᠦ᠂ ᠰᠠᠨᠠᠯ ᠬᠤᠷᠢᠶᠠᠬᠤ ᠬᠤᠭᠤᠴᠠᠭ᠎ᠠ ᠶᠢ ᠡᠩ ᠤᠨ ᠪᠠᠶᠢᠳᠠᠯ ᠳᠤ ᠭᠤᠴᠢᠨ ᠡᠳᠦᠷ ᠠᠴᠠ ᠳᠣᠷᠣᠭᠰᠢ ᠪᠠᠶᠢᠯᠭᠠᠵᠤ ᠪᠣᠯᠬᠤ ᠥᠬᠡᠶ︔      ︵ᠭᠤᠷᠪᠠ︶ ᠠᠵᠤ ᠠᠬᠤᠶᠢᠯᠠᠯ ᠤᠨ ᠬᠤᠪᠢ ᠪᠡᠶ᠎ᠡ ᠶᠢᠨ ᠠᠰᠢᠭ ᠲᠤᠰᠠ ᠳᠤ ᠴᠢᠬᠤᠯᠠ ᠶᠡᠭᠡ ᠨᠥᠯᠥᠭᠡ ᠲᠠᠢ ᠪᠣᠯ᠂ ᠠᠵᠤ ᠠᠬᠤᠶᠢᠯᠠᠯ ᠤᠨ ᠲᠥᠯᠥᠭᠡᠯᠡᠭᠴᠢ ᠪᠠ  ᠬᠠᠮᠢᠶ᠎ᠠ ᠪᠦᠬᠦᠢ ᠠᠵᠢᠯ ᠲᠦᠷᠦᠯ ᠤᠨ ᠨᠡᠶᠢᠭᠡᠮᠯᠢᠭ᠂ ᠬᠤᠳᠠᠯᠳᠤᠭᠠᠴᠢᠳ ᠤᠨ ᠡᠪᠯᠡᠯ ᠤᠨ ᠰᠠᠨᠠᠯ ᠢ ᠭᠦᠢᠴᠡᠳ ᠰᠣᠨᠣᠰᠬᠤ ᠬᠡᠷᠡᠭᠲᠡᠶ︔      ︵ᠳᠥᠷᠪᠡ︶ ᠨᠡᠶᠢᠭᠡᠮ ᠤᠨ ᠣᠯᠠᠨ ᠨᠡᠶᠢᠲᠡ ᠶᠢᠨ ᠨᠡᠶᠢᠳᠡᠮ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠪᠠ ᠠᠵᠤ ᠠᠬᠤᠶ ᠨᠡᠶᠢᠭᠡᠮ ᠤᠨ ᠬᠥᠭᠵᠢᠯᠲᠡ ᠳᠤ ᠲᠤᠯᠭᠠᠷᠠᠭᠰᠠᠨ ᠲᠣᠪᠤᠶᠢᠮ᠎ᠠ ᠵᠥᠷᠢᠴᠡᠯ ᠳᠤ ᠬᠤᠯᠪᠣᠭᠳᠠᠨ᠂ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠡᠷᠬᠡ ᠠᠰᠢᠭ ᠢ ᠬᠠᠰᠤᠵᠤ ᠬᠤᠬᠢᠷᠠᠭᠤᠯᠬᠤ ᠪᠤᠶᠤ ᠲᠡᠭᠦᠨ ᠤ ᠡᠭᠦᠷᠭᠡ ᠶᠢ ᠨᠡᠮᠡᠭᠳᠡᠭᠦᠯᠵᠦ᠂ ᠨᠡᠶᠢᠭᠡᠮ ᠨᠡᠶᠢᠲᠡ ᠳᠤ ᠴᠢᠬᠤᠯᠠ ᠨᠥᠯᠥᠭᠡ ᠲᠠᠢ ᠵᠡᠷᠭᠡ ᠴᠢᠬᠤᠯᠠ ᠶᠡᠭᠡ ᠠᠰᠢᠭ ᠲᠤᠰᠠ ᠶᠢᠨ ᠲᠣᠬᠢᠷᠠᠭᠤᠯᠤᠯᠲᠠ ᠶᠢᠨ ᠵᠦᠢᠯᠡᠰ ᠲᠤ᠂ ᠲᠤᠭᠤᠷᠪᠢᠨ ᠪᠢᠴᠢᠬᠦ ᠨᠢᠭᠡᠴᠡ ᠠᠴᠠ ᠬᠠᠮᠢᠶ᠎ᠠ ᠪᠥᠬᠦᠶ ᠰᠠᠯᠠᠭ᠎ᠠ ᠮᠥᠴᠢᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠲᠤᠰᠬᠠᠶ ᠮᠡᠷᠭᠡᠵᠢᠯᠲᠡᠨ ᠡᠷᠳᠡᠮᠲᠡᠨ᠂ ᠠᠷᠠᠳ ᠤᠨ ᠪᠦᠯᠬᠦᠮ᠂ ᠦᠨᠳᠦᠰᠦᠨ ᠱᠠᠲᠤᠨ ᠤ ᠲᠥᠯᠥᠭᠡᠯᠡᠭᠴᠢ ᠵᠡᠷᠭᠡ ᠶᠢ ᠵᠣᠬᠢᠶᠠᠨ ᠪᠠᠶᠢᠭᠤᠯᠤᠨ ᠶᠠᠷᠢᠯᠴᠠᠬᠤ ᠪᠤᠶᠤ ᠠᠰᠠᠭᠤᠨ ᠯᠠᠪᠯᠠᠵᠤ ᠨᠤᠲᠠᠯᠠᠯᠲᠠ ᠬᠢᠯᠭᠡᠬᠦ ᠬᠡᠷᠡᠭᠲᠡᠶ᠂ ᠪᠠᠰᠠ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠡ᠂ ᠠᠵᠢᠯ ᠲᠥᠷᠥᠯ ᠤᠨ ᠨᠡᠶᠢᠭᠡᠮᠯᠢᠭ ᠵᠡᠷᠭᠡ ᠳᠤ ᠨᠠᠶᠢᠳᠠᠵᠤ ᠬᠠᠤᠯᠢ ᠲᠣᠭᠲᠠᠭᠠᠬᠤ ᠨᠤᠲᠠᠯᠠᠯᠲᠠ ᠬᠢᠯᠭᠡᠭᠰᠡᠨ ᠴᠦ ᠪᠣᠯᠤᠨ᠎ᠠ︔      ︵ᠲᠠᠪᠤ︶ ᠴᠢᠬᠤᠯᠠ ᠶᠡᠭᠡ ᠠᠰᠢᠭ ᠲᠤᠰᠠ ᠶᠢᠨ ᠲᠤᠬᠢᠷᠠᠭᠤᠯᠤᠯᠳᠠ ᠳᠤ ᠬᠤᠯᠪᠣᠭᠳᠠᠬᠤ ᠪᠤᠶᠤ ᠬᠦᠨᠳᠦ ᠶᠡᠭᠡ ᠰᠠᠨᠠᠯ ᠤᠨ ᠵᠥᠷᠢᠯᠳᠦᠭᠡᠨ ᠲᠠᠢ᠂ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠡᠷᠬᠡ ᠡᠭᠦᠷᠭᠡ ᠬᠠᠷᠢᠭᠤᠴᠠᠯᠭ᠎ᠠ ᠳᠤ ᠨᠡᠯᠢᠶᠡᠳ ᠶᠡᠭᠡ ᠨᠥᠯᠥᠭᠡ ᠲᠠᠢ ᠪᠠᠶᠢᠵᠤ᠂ ᠠᠷᠠᠳ ᠤᠯᠠᠨ ᠨᠡᠶᠢᠳᠡᠮ ᠠᠩᠬᠠᠷᠴᠤ᠂ ᠰᠠᠨᠠᠯ ᠰᠣᠨᠣᠰᠬᠤ ᠴᠢᠬᠤᠯᠠ ᠲᠠᠢ ᠪᠣᠯ ᠲᠤᠭᠤᠷᠪᠢᠨ ᠪᠢᠴᠢᠬᠦ ᠨᠢᠭᠡᠴᠡ ᠨᠢ ᠰᠠᠨᠠᠯ ᠰᠣᠨᠣᠰᠬᠤ ᠬᠤᠷᠠᠯ ᠬᠤᠷᠠᠯᠳᠤᠭᠤᠯᠵᠤ ᠰᠠᠨᠠᠯ ᠰᠣᠨᠣᠰᠬᠤ ᠬᠡᠷᠡᠭᠲᠡᠶ︔      ︵ᠵᠢᠷᠭᠤᠭ᠎ᠠ︶ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ᠂ ᠠᠵᠤ ᠦᠢᠯᠡᠰ ᠤᠨ ᠬᠥᠭᠵᠢᠯᠲᠡ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠡᠵᠡᠩᠨᠡᠯᠲᠡ ᠶᠢᠨ ᠦᠢᠯᠡ ᠠᠵᠢᠯᠯᠠᠭ᠎ᠠ ᠶᠢᠨ ᠵᠢᠷᠤᠮᠵᠢᠯ᠂ ᠬᠢᠷᠢ ᠬᠡᠮ ᠤᠨ ᠪᠠᠷᠢᠮᠵᠢᠶ᠎ᠠ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠵᠤ ᠠᠬᠤᠶ ᠶᠢᠨ ᠠᠵᠢᠯᠯᠠᠭ᠎ᠠ ᠳᠤ ᠬᠤᠯᠪᠣᠭᠳᠠᠪᠠᠯ᠂ ᠲᠤᠭᠤᠷᠪᠢᠨ ᠪᠢᠴᠢᠬᠦ ᠨᠢᠭᠡᠴᠡ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠣᠭᠲᠠᠭᠠᠯ ᠶᠣᠰᠣᠭᠠᠷ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠬᠢᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠲᠥᠯᠥᠭᠡᠯᠡᠭᠴᠢ ᠶᠢᠨ ᠰᠠᠨᠠᠯ ᠢ ᠰᠣᠨᠣᠰᠬᠤ ᠬᠡᠷᠡᠭᠲᠡᠶ᠃      ᠲᠤᠭᠤᠷᠪᠢᠨ ᠪᠢᠴᠢᠬᠦ ᠨᠢᠭᠡᠴᠡ ᠠᠴᠠ ᠬᠠᠤᠯᠢ ᠲᠣᠭᠲᠠᠭᠠᠬᠤ ᠰᠠᠨᠠᠯ ᠪᠤᠶᠤ ᠰᠠᠨᠠᠭᠤᠯᠭ᠎ᠠ ᠶᠢ ᠭᠥᠯᠢᠶᠡᠨ ᠠᠪᠤᠭᠰᠠᠨ ᠪᠠᠶᠢᠳᠠᠯ ᠢᠶᠠᠨ ᠵᠣᠬᠢᠰᠲᠠᠶ ᠠᠷᠭ᠎ᠠ ᠮᠠᠶ᠋ᠢᠭ ᠢᠶᠠᠷ ᠨᠡᠶᠢᠲᠡᠯᠡᠬᠦ ᠶᠢᠨ ᠬᠠᠮᠲᠤ ᠭᠥᠯᠢᠶᠡᠨ ᠠᠪᠤᠭᠰᠠᠨ ᠦᠭᠡᠢ ᠤᠴᠢᠷ ᠰᠢᠯᠲᠠᠭᠠᠨ ᠢᠶᠠᠨ ᠬᠠᠷᠢᠭᠤ ᠲᠤᠰᠬᠠᠬᠤ ᠬᠡᠷᠡᠭᠲᠡᠶ᠃      ᠠᠷᠪᠠᠨ ᠨᠠᠢᠮᠠᠳᠤᠭᠠᠷ ᠵᠦᠢᠯ ᠲᠤᠭᠤᠷᠪᠢᠨ ᠪᠢᠴᠢᠬᠦ ᠨᠢᠭᠡᠴᠡ ᠰᠠᠨᠠᠯ ᠰᠣᠨᠣᠰᠬᠤ ᠬᠤᠷᠠᠯ ᠬᠢᠬᠦ ᠴᠢᠬᠤᠯᠠ ᠲᠠᠢ ᠪᠣᠯ ᠰᠠᠨᠠᠯ ᠰᠣᠨᠣᠰᠬᠤ ᠬᠤᠷᠠᠯ ᠢ ᠳᠣᠣᠷᠠᠬᠢ ᠲᠡᠰ ᠳᠠᠷᠠᠭᠠᠯᠠᠯ ᠢᠶᠠᠷ ᠵᠣᠬᠢᠶᠠᠨ ᠪᠠᠶᠢᠭᠤᠯᠤᠨ᠎ᠠ᠄      ︵ᠨᠢᠭᠡ︶ ᠰᠠᠨᠠᠯ ᠰᠣᠨᠣᠰᠬᠤ ᠬᠤᠷᠠᠯ ᠢ ᠢᠯᠡ ᠪᠠᠷ ᠬᠢᠵᠦ᠂ ᠲᠤᠭᠤᠷᠪᠢᠨ ᠪᠢᠴᠢᠬᠦ ᠨᠢᠭᠡᠴᠡ ᠨᠢ ᠰᠠᠨᠠᠯ ᠰᠣᠨᠣᠰᠬᠤ ᠬᠤᠷᠠᠯ ᠬᠤᠷᠠᠯᠳᠤᠭᠤᠯᠬᠤ ᠠᠴᠠ ᠭᠤᠴᠢᠨ ᠡᠳᠦᠷ ᠤᠨ ᠡᠮᠦᠨ᠎ᠡ ᠰᠠᠨᠠᠯ ᠰᠣᠨᠣᠰᠬᠤ ᠬᠤᠷᠠᠯ ᠤᠨ ᠴᠠᠭ᠂ ᠭᠠᠵᠠᠷ ᠪᠣᠯᠤᠨ ᠠᠭᠤᠯᠭ᠎ᠠ ᠶᠢ ᠨᠡᠶᠢᠲᠡᠯᠡᠬᠦ ᠬᠡᠷᠡᠭᠲᠡᠶ︔  ᡾      ︵ᠬᠤᠶᠠᠷ︶ ᠰᠠᠨᠠᠯ ᠰᠣᠨᠣᠰᠬᠤ ᠬᠤᠷᠠᠯ ᠳᠤ ᠣᠷᠣᠯᠴᠠᠭᠰᠠᠨ ᠬᠠᠮᠢᠶ᠎ᠠ ᠪᠦᠬᠦᠢ ᠪᠠᠶᠢᠭᠤᠯᠭ᠎ᠠ᠂ ᠵᠣᠬᠢᠶᠠᠨ ᠪᠠᠶᠢᠭᠤᠯᠤᠯᠲᠠ ᠪᠠ ᠠᠷᠠᠳ ᠢᠷᠭᠡᠨ ᠲᠤᠭᠤᠷᠪᠢᠨ ᠪᠢᠴᠢᠭᠰᠡᠨ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ ᠲᠥᠰᠦᠯ ᠪᠤᠶᠤ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠲᠤᠬᠠᠶ ᠠᠰᠠᠭᠤᠯᠲᠠ ᠳᠤᠷᠠᠳᠬᠤ ᠪᠠ ᠰᠠᠨᠠᠯ ᠢᠶᠠᠨ ᠢᠯᠡᠳᠬᠡᠬᠦ ᠡᠷᠬᠡ ᠲᠠᠢ︔      ︵ᠭᠤᠷᠪᠠ︶ ᠰᠠᠨᠠᠯ ᠰᠣᠨᠣᠰᠬᠤ ᠬᠤᠷᠠᠯ ᠠᠴᠠ ᠥᠭᠦᠯᠡᠭᠴᠢ ᠶᠢᠨ ᠭᠤᠣᠯ ᠦᠵᠡᠯᠲᠡ ᠪᠠ ᠤᠴᠢᠷ ᠰᠢᠯᠲᠠᠭᠠᠨ ᠢ ᠦᠨᠡᠨ ᠮᠥᠨ ᠢᠶᠠᠷ ᠨᠢ ᠲᠡᠮᠳᠡᠭᠯᠡᠬᠦ ᠬᠡᠷᠡᠭᠲᠡᠶ︔      ︵ᠲᠥᠷᠪᠡ︶ ᠲᠤᠭᠤᠷᠪᠢᠨ ᠪᠢᠴᠢᠬᠦ ᠨᠢᠭᠡᠴᠡ ᠠᠴᠠ ᠰᠠᠨᠠᠯ ᠰᠣᠨᠣᠰᠬᠤ ᠬᠤᠷᠠᠯ ᠳᠡᠭᠡᠷ᠎ᠡ ᠲᠤᠰᠬᠠᠭᠰᠠᠨ ᠡᠯ᠎ᠡ ᠵᠦᠢᠯ ᠤᠨ ᠰᠠᠨᠠᠯ ᠢ ᠨᠠᠷᠢᠨ ᠬᠢᠨᠠᠮᠠᠭᠠᠶ ᠰᠤᠳᠤᠯᠵᠤ᠂ ᠲᠤᠭᠤᠷᠪᠢᠨ ᠪᠢᠴᠢᠭᠰᠡᠨ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ ᠲᠥᠰᠦᠯ ᠪᠤᠶᠤ ᠵᠠᠰᠠᠭ ᠤᠨ ᠣᠷᠳᠣᠨ ᠤ ᠲᠥᠷᠢᠮ ᠲᠣᠭᠲᠠᠭᠠᠯ ᠢ ᠬᠢᠨᠠᠨ ᠪᠠᠶᠢᠴᠠᠭᠠᠯᠭᠠᠬᠤ ᠪᠠᠷ ᠮᠡᠳᠡᠭᠦᠯᠦᠨ ᠬᠦᠷᠭᠡᠬᠦ ᠳᠡᠭᠡᠨ ᠰᠠᠨᠠᠯ ᠰᠣᠨᠣᠰᠬᠤ ᠬᠤᠷᠠᠯ ᠤᠨ ᠰᠠᠨᠠᠯ ᠢ ᠰᠢᠢᠳᠪᠦᠷᠢᠯᠡᠭᠰᠡᠨ ᠪᠠᠶᠢᠳᠠᠯ ᠪᠣᠯᠣᠨ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃      ᠠᠷᠪᠠ ᠶᠢᠰᠦᠳᠦᠭᠡᠷ ᠵᠦᠢᠯ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ ᠲᠥᠰᠦᠯ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠤᠭᠤᠷᠪᠢᠨ ᠪᠢᠴᠢᠬᠦ ᠳᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠤᠰᠤᠳ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠳᠤ ᠬᠤᠯᠪᠣᠭᠳᠠᠬᠤ ᠪᠤᠶᠤ ᠪᠤᠰᠤᠳ ᠰᠠᠯᠠᠭ᠎ᠠ ᠮᠥᠴᠢᠷ ᠲᠠᠢ ᠨᠢᠭᠲᠠ ᠬᠠᠷᠢᠴᠠᠭ᠎ᠠ ᠲᠠᠢ ᠪᠣᠯ᠂ ᠲᠤᠭᠤᠷᠪᠢᠨ ᠪᠢᠴᠢᠬᠦ ᠨᠢᠭᠡᠴᠡ ᠠᠴᠠ ᠪᠤᠰᠤᠳ ᠰᠠᠯᠠᠭ᠎ᠠ ᠮᠥᠴᠢᠷ ᠤᠨ ᠰᠠᠨᠠᠯ ᠢ ᠭᠦᠢᠴᠡᠳ ᠬᠤᠷᠢᠶᠠᠬᠤ ᠬᠡᠷᠡᠭᠲᠡᠶ᠃ ᠲᠤᠭᠤᠷᠪᠢᠨ ᠪᠢᠴᠢᠬᠦ ᠨᠢᠭᠡᠴᠡ ᠨᠢ ᠪᠤᠰᠤᠳ ᠰᠠᠯᠠᠭ᠎ᠠ ᠮᠥᠴᠢᠷ ᠯᠦᠭᠡ ᠠᠳᠠᠯᠢ ᠪᠤᠰᠤ ᠰᠠᠨᠠᠯ ᠲᠠᠢ ᠪᠣᠯ ᠰᠠᠨᠠᠭᠠᠴᠢᠯᠠᠭ᠎ᠠ ᠠᠴᠠ ᠪᠠᠨ ᠭᠦᠢᠴᠡᠳ ᠵᠥᠪᠳᠡᠯᠴᠡᠬᠦ ᠬᠡᠷᠡᠭᠲᠡᠶ᠃ ᠭᠦᠢᠴᠡᠳ ᠵᠥᠪᠳᠡᠯᠴᠡᠬᠦ ᠪᠠᠷ ᠳᠠᠮᠵᠢᠭᠠᠳ ᠰᠠᠨᠠᠯ ᠨᠢᠭᠡᠳᠴᠦ ᠳᠡᠶᠢᠯᠬᠦ ᠦᠭᠡᠢ ᠪᠣᠯ᠂ ᠲᠤᠭᠤᠷᠪᠢᠨ ᠪᠢᠴᠢᠬᠦ ᠨᠢᠭᠡᠴᠡ ᠠᠴᠠ ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠤᠨ ᠲᠥᠰᠦᠯ ᠤᠨ ᠬᠦᠷᠭᠡᠨ ᠬᠢᠨᠠᠭᠤᠯᠬᠤ ᠨᠤᠤᠷᠠᠭ ᠪᠠ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠬᠦᠷᠭᠡᠨ ᠬᠢᠨᠠᠭᠤᠯᠬᠤ ᠨᠤᠤᠷᠠᠭ ᠢ ᠮᠡᠳᠡᠭᠦᠯᠦᠨ ᠬᠦᠷᠭᠡᠬᠦ ᠳᠡᠭᠡᠨ ᠪᠠᠶᠢᠳᠠᠯ ᠪᠠ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠢ᠃       ᠬᠤᠷᠢᠳᠤᠭᠠᠷ ᠵᠦᠢᠯ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ ᠲᠥᠰᠦᠯ ᠤᠨ ᠬᠦᠷᠭᠡᠨ ᠬᠢᠨᠠᠭᠤᠯᠬᠤ ᠨᠤᠤᠷᠠᠭ ᠪᠣᠯᠤᠨ ᠵᠠᠰᠠᠭ ᠤᠨ ᠣᠷᠳᠣᠨ ᠤ ᠲᠥᠷᠢᠮ ᠲᠣᠭᠲᠠᠭᠠᠯ ᠤᠨ ᠬᠦᠷᠭᠡᠨ ᠬᠢᠨᠠᠭᠤᠯᠬᠤ ᠨᠤᠤᠷᠠᠭ ᠢ ᠲᠤᠭᠤᠷᠪᠢᠨ ᠪᠢᠴᠢᠬᠦ ᠨᠢᠭᠡᠴᠡ ᠶᠢᠨ ᠬᠠᠤᠯᠢ ᠲᠥᠷᠢᠮ ᠤᠨ ᠪᠠᠶᠢᠭᠤᠯᠤᠮᠵᠢ ᠠᠴᠠ ᠬᠢᠨᠠᠨ ᠬᠠᠷᠭᠤᠭᠤᠯᠵᠤ᠂ ᠬᠠᠮᠢᠶ᠎ᠠ ᠪᠥᠬᠦᠢ ᠬᠤᠷᠠᠯ ᠢᠶᠠᠷ ᠬᠠᠮᠲᠤ ᠪᠠᠷ ᠶᠠᠷᠢᠯᠴᠠᠨ ᠲᠣᠭᠲᠠᠵᠤ᠂ ᠲᠤᠭᠤᠷᠪᠢᠨ ᠪᠢᠴᠢᠬᠦ ᠨᠢᠭᠡᠴᠡ ᠶᠢᠨ ᠭᠤᠣᠯ ᠬᠠᠷᠢᠭᠤᠴᠠᠯᠭᠠᠲᠠᠨ ᠭᠠᠷ ᠤᠨ ᠥᠰᠥᠭ ᠵᠢᠷᠤᠭᠰᠠᠨ ᠤ ᠲᠠᠷᠠᠭ᠎ᠠ᠂ ᠬᠤᠳᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠶ᠃      ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ ᠲᠥᠰᠦᠯ ᠤᠨ ᠬᠦᠷᠭᠡᠨ ᠬᠢᠨᠠᠭᠤᠯᠬᠤ ᠨᠤᠤᠷᠠᠭ ᠪᠠ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠬᠦᠷᠭᠡᠨ ᠬᠢᠨᠠᠭᠤᠯᠬᠤ ᠨᠤᠤᠷᠠᠭ ᠢ ᠬᠡᠳᠦᠨ ᠨᠢᠭᠡᠴᠡ ᠬᠠᠮᠲᠤ ᠪᠠᠷ ᠲᠤᠭᠤᠷᠪᠢᠭᠰᠠᠨ ᠪᠠᠶᠢᠪᠠᠯ᠂ ᠲᠤᠭᠤᠷᠪᠢᠨ ᠪᠢᠴᠢᠬᠦ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠠᠮᠲᠤ ᠪᠠᠷ ᠭᠠᠷ ᠤᠨ ᠦᠰᠦᠭ ᠵᠢᠷᠤᠬᠤ ᠬᠡᠷᠡᠭᠲᠡᠶ᠃      ᠬᠤᠷᠢᠨ ᠨᠢᠭᠡᠳᠦᠭᠡᠷ ᠵᠦᠢᠯ ᠲᠤᠭᠤᠷᠪᠢᠨ ᠪᠢᠴᠢᠬᠦ ᠨᠢᠭᠡᠴᠡ ᠬᠠᠤᠯᠢ ᠲᠣᠭᠲᠠᠭᠠᠬᠤ ᠣᠨ ᠤ ᠲᠥᠯᠥᠪᠯᠡᠭᠡ ᠳᠤ ᠱᠠᠭᠠᠷᠳᠠᠭᠰᠠᠨ ᠪᠡᠶᠡᠯᠡᠭᠦᠯᠬᠦ ᠴᠠᠭ ᠤᠨ ᠶᠣᠰᠣᠭᠠᠷ᠂ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ ᠲᠥᠰᠦᠯ ᠤᠨ ᠬᠦᠷᠭᠡᠨ ᠬᠢᠨᠠᠭᠤᠯᠬᠤ ᠨᠣᠤᠷᠠᠭ ᠪᠠ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠬᠦᠷᠭᠡᠨ ᠬᠢᠨᠠᠭᠤᠯᠬᠤ ᠨᠣᠤᠷᠠᠭ ᠢ ᠴᠠᠭ ᠲᠤᠬᠠᠶ ᠳᠤᠨᠢ ᠮᠡᠳᠡᠭᠦᠯᠦᠨ ᠬᠦᠷᠭᠡᠵᠦ᠂ ᠬᠢᠨᠠᠨ ᠪᠠᠶᠢᠴᠠᠭᠠᠬᠤ᠂ ᠬᠢᠨᠠᠨ ᠵᠥᠪᠯᠡᠬᠦ ᠵᠡᠷᠭᠡ ᠠᠵᠢᠯ ᠳᠤ ᠵᠦᠶ ᠵᠣᠬᠢᠰᠲᠠᠶ ᠴᠠᠭ ︵5 — 10 ᠠᠵᠢᠯᠯᠠᠬᠤ ᠡᠳᠦᠷ︶ ᠢ ᠤᠷᠢᠳᠴᠢᠯᠠᠨ ᠦᠯᠡᠳᠡᠭᠡᠬᠦ ᠬᠡᠷᠡᠭᠲᠡᠶ᠃ ᠲᠥᠯᠥᠪᠯᠡᠭᠡ ᠶᠣᠰᠣᠭᠠᠷ ᠪᠡᠶᠡᠯᠡᠭᠦᠯᠵᠦ ᠳᠡᠶᠢᠯᠬᠦ ᠦᠭᠡᠢ ᠪᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠯᠲᠡ ᠪᠠᠨ ᠳᠡᠪᠰᠢᠭᠦᠯᠬᠦ ᠶᠢᠨ ᠬᠠᠮᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃          ᠳᠥᠷᠪᠡᠳᠦᠭᠡᠷ ᠪᠦᠯᠦᠭ ᠬᠢᠨᠠᠨ ᠪᠠᠶᠢᠴᠠᠭᠠᠬᠤ      ᠬᠤᠷᠢᠨ ᠬᠤᠶᠠᠳᠤᠭᠠᠷ ᠵᠦᠢᠯ ᠲᠤᠭᠤᠷᠪᠢᠨ ᠪᠢᠴᠢᠬᠦ ᠨᠢᠭᠡᠴᠡ ᠠᠴᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ ᠲᠦᠰᠦᠯ ᠤᠨ ᠬᠦᠷᠭᠡᠨ ᠬᠢᠨᠠᠭᠤᠯᠬᠤ ᠨᠣᠤᠷᠠᠭ ᠪᠠ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠬᠦᠷᠭᠡᠨ ᠬᠢᠨᠠᠭᠤᠯᠬᠤ ᠨᠣᠤᠷᠠᠭ ᠢ ᠮᠡᠳᠡᠭᠦᠯᠦᠨ ᠬᠦᠷᠭᠡᠬᠦ ᠳᠤ ᠳᠣᠤᠷᠠᠬᠢ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠶ᠄      ︵ᠨᠢᠭᠡ︶ ᠬᠢᠨᠠᠨ ᠪᠠᠶᠢᠴᠠᠭᠠᠯᠭᠠᠬᠤ ᠪᠠᠷ ᠮᠡᠳᠡᠭᠦᠯᠦᠨ ᠬᠦᠷᠭᠡᠭᠰᠡᠨ ᠵᠢᠭᠠᠪᠤᠷᠢ ᠠᠪᠬᠤ ᠮᠡᠳᠡᠭᠦᠯᠦᠯᠲᠡ ᠵᠢᠴᠢ ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠤᠨ ᠲᠥᠰᠦᠯ ᠤᠨ ᠬᠦᠷᠭᠡᠨ ᠬᠢᠨᠠᠭᠤᠯᠬᠤ ᠨᠤᠤᠷᠠᠭ ᠪᠠ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠬᠦᠷᠭᠡᠨ ᠬᠢᠨᠠᠭᠤᠯᠬᠤ ᠨᠤᠤᠷᠠᠭ ᠤᠨ  ᠪᠢᠴᠢᠭ︔      ︵ᠬᠤᠶᠠᠷ︶ ᠲᠤᠭᠤᠷᠪᠢᠨ ᠪᠢᠴᠢᠬᠦ ᠲᠣᠳᠣᠷᠬᠠᠶᠢᠯᠠᠯᠲᠠ᠂ ᠡᠭᠦᠨ ᠳᠤ ᠴᠢᠬᠤᠯᠠ ᠴᠢᠨᠠᠷ᠂ ᠲᠤᠭᠤᠷᠪᠢᠨ ᠪᠢᠴᠢᠭᠰᠡᠨ ᠶᠠᠪᠤᠴᠠ᠂ ᠭᠤᠤᠯ ᠠᠭᠤᠯᠭ᠎ᠠ᠂ ᠭᠤᠤᠯᠳᠠᠯᠭ᠎ᠠ ᠲᠠᠢ ᠵᠦᠢᠯ ᠤᠨ ᠬᠤᠯᠪᠣᠭᠳᠠᠯ ᠪᠥᠬᠦᠶ ᠦᠨᠳᠦᠰᠦᠯᠡᠯ ᠪᠠ ᠬᠦᠨᠳᠦ ᠶᠡᠭᠡ ᠮᠠᠷᠭᠤᠭᠠᠨ ᠲᠠᠢ ᠠᠰᠠᠭᠤᠳᠠᠯ ᠢ ᠵᠣᠬᠢᠴᠠᠭᠤᠯᠤᠭᠰᠠᠨ ᠪᠠᠶᠢᠳᠠᠯ ᠵᠡᠷᠭᠡ ᠪᠠᠭᠲᠠᠨ᠎ᠠ︔      ︵ᠭᠤᠷᠪᠠ︶ ᠬᠠᠤᠯᠢ ᠲᠣᠭᠲᠠᠭᠠᠬᠤ ᠠᠬᠤᠶ ᠪᠠᠶᠢᠳᠠᠯ ᠤᠨ ᠮᠠᠲ᠋ᠧᠷᠢᠶᠠᠯ ᠪᠠ ᠬᠠᠤᠯᠢ ᠲᠣᠭᠲᠠᠭᠠᠬᠤ ᠭᠤᠣᠯ ᠦᠨᠳᠦᠰᠦ ᠪᠠᠷᠢᠮᠲᠠ ᠶᠢᠨ ᠮᠠᠲ᠋ᠧᠷᠢᠶᠠᠯ︔      ︵ᠲᠦᠷᠪᠡ︶ ᠡᠯ᠎ᠡ ᠲᠠᠯ᠎ᠠ ᠶᠢᠨ ᠬᠢᠨ ᠤ ᠰᠠᠨᠠᠯ ᠢ ᠬᠤᠷᠢᠶᠠᠭᠰᠠᠨ ᠪᠠ ᠰᠠᠨᠠᠯ ᠢ ᠬᠦᠯᠢᠶᠡᠨ ᠠᠪᠤᠭᠰᠠᠨ ᠪᠠᠶᠢᠳᠠᠯ      ︵ᠲᠠᠪᠤ︶ ᠬᠠᠤᠯᠢ ᠲᠣᠭᠲᠠᠭᠠᠯᠲᠠ ᠶᠢᠨ ᠵᠥᠪᠯᠡᠯᠭᠡ ᠨᠤᠲᠠᠯᠠᠯᠲᠠ᠂ ᠰᠠᠨᠠᠯ ᠰᠣᠨᠣᠰᠬᠤ᠂ ᠭᠤᠷᠪᠠᠳᠠᠬᠢ ᠡᠲᠡᠭᠡᠳ ᠤᠨ ᠦᠨᠡᠯᠡᠨ ᠵᠢᠱᠢᠯᠲᠡ ᠪᠠ ᠭᠤᠣᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠬᠢᠭᠰᠡᠨ ᠪᠣᠯ ᠵᠥᠪᠯᠡᠯᠭᠡ ᠨᠤᠲᠠᠯᠠᠯᠲᠠ ᠶᠢᠨ ᠮᠡᠳᠡᠭᠦᠯᠦᠯᠲᠡ᠂ ᠰᠠᠨᠠᠯ ᠰᠣᠨᠤᠰᠤᠭᠰᠠᠨ ᠮᠡᠳᠡᠭᠦᠯᠦᠯᠲᠡ᠂ ᠦᠨᠡᠯᠡᠨ ᠵᠢᠱᠢᠭᠰᠡᠨ ᠮᠡᠳᠡᠭᠦᠯᠦᠯᠲᠡ᠂ ᠭᠤᠣᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢᠨ ᠬᠦᠰᠦᠨᠦᠭᠲᠦ ᠵᠢᠴᠢ ᠵᠥᠪᠯᠡᠯᠭᠡ ᠨᠤᠲᠠᠯᠠᠯᠲᠠ ᠶᠢᠨ ᠲᠡᠮᠳᠡᠭᠯᠡᠯ᠂ ᠰᠠᠨᠠᠯ ᠰᠣᠨᠣᠰᠤᠭᠰᠠᠨ ᠲᠡᠮᠳᠡᠭᠯᠡᠯ ᠵᠡᠷᠭᠡ ᠬᠤᠯᠪᠣᠭᠳᠠᠯ ᠪᠦᠬᠦᠢ ᠮᠠᠲ᠋ᠧᠷᠢᠶᠠᠯ︔      ︵ᠵᠢᠷᠭᠤᠭ᠎ᠠ︶ ᠲᠤᠭᠤᠷᠪᠢᠨ ᠪᠢᠴᠢᠬᠦ ᠨᠢᠭᠡᠴᠡ ᠶᠢᠨ ᠬᠠᠤᠯᠢ ᠶᠢᠨ ᠠᠵᠢᠯ ᠤᠨ ᠪᠠᠶᠢᠭᠤᠯᠤᠮᠵᠢ ᠶᠢᠨ ᠬᠢᠨᠠᠨ ᠬᠠᠷᠭᠤᠭᠤᠯᠤᠭᠰᠠᠨ ᠰᠠᠨᠠᠯ︔      ︵ᠳᠣᠯᠤᠭ᠎ᠠ︶ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ᠂ ᠵᠠᠰᠠᠭ ᠤᠨ ᠣᠷᠳᠣᠨ ᠤ ᠲᠦᠷᠢᠮ ᠲᠣᠭᠲᠠᠭᠠᠯ ᠳᠤ ᠵᠠᠯᠠᠷᠠᠭᠤᠯᠭ᠎ᠠ ᠬᠢᠬᠦ ᠪᠤᠶᠤ ᠵᠠᠰᠠᠪᠤᠷᠢ ᠣᠷᠣᠭᠤᠯᠬᠤ ᠳᠤ ᠲᠣᠭᠠᠴᠠᠭᠳᠠᠪᠠᠯ᠂ ᠵᠠᠯᠠᠷᠠᠭᠤᠯᠭ᠎ᠠ ᠬᠢᠬᠦ ᠪᠤᠶᠤ ᠵᠠᠰᠠᠪᠤᠷᠢ ᠣᠷᠣᠭᠤᠯᠬᠤ ᠶᠢᠨ ᠡᠮᠦᠨ᠎ᠡ ᠬᠤᠶᠢᠨᠠᠬᠢ ᠬᠠᠷᠢᠴᠠᠭᠤᠯᠤᠭᠰᠠᠨ ᠬᠦᠰᠦᠨᠦᠭᠲᠦ ᠶᠢ ᠬᠠᠩᠭᠠᠬᠤ ᠬᠡᠷᠡᠭᠲᠡᠶ︔      ︵ᠨᠠᠢᠮᠠ︶ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ᠂ ᠠᠵᠤ ᠦᠢᠯᠡᠰ ᠤᠨ ᠬᠥᠭᠵᠢᠯᠲᠡ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠡᠵᠡᠩᠨᠡᠯᠲᠡ ᠶᠢᠨ ᠦᠢᠯᠡ ᠠᠵᠢᠯᠯᠠᠭ᠎ᠠ ᠶᠢᠨ ᠵᠢᠷᠤᠮᠵᠢᠯ᠂ ᠬᠢᠷᠢ ᠬᠡᠮ ᠤᠨ ᠪᠠᠷᠢᠮᠵᠢᠶ᠎ᠠ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠵᠤ ᠠᠬᠤᠶ ᠶᠢᠨ ᠠᠵᠢᠯᠯᠠᠭ᠎ᠠ ᠳᠤ ᠬᠤᠯᠪᠣᠭᠳᠠᠭᠰᠠᠨ ᠪᠣᠯ᠂ ᠲᠤᠭᠤᠷᠪᠢᠨ ᠪᠢᠴᠢᠬᠦ ᠨᠢᠭᠡᠴᠡ ᠠᠴᠠ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠣᠭᠲᠠᠭᠠᠯ ᠶᠣᠰᠣᠭᠠᠷ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠬᠢᠵᠦ᠂ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢᠨ ᠬᠦᠰᠦᠨᠦᠭᠲᠦ ᠶᠢ ᠬᠠᠩᠭᠠᠬᠤ ᠬᠡᠷᠡᠭᠲᠡᠶ︔      ︵ᠶᠢᠰᠦ︶ ᠲᠤᠰᠢᠶᠠᠬᠤ ᠴᠢᠬᠤᠯᠠ ᠲᠠᠢ ᠪᠤᠰᠤᠳ ᠮᠠᠲ᠋ᠧᠷᠢᠶᠠᠯ᠃      ᠬᠤᠷᠢᠨ ᠭᠤᠷᠪᠠᠳᠤᠭᠠᠷ ᠵᠦᠢᠯ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ ᠲᠥᠰᠦᠯ ᠤᠨ ᠬᠦᠷᠭᠡᠨ ᠬᠢᠨᠠᠭᠤᠯᠬᠤ ᠨᠣᠣᠷᠠᠭ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠬᠦᠷᠭᠡᠨ ᠬᠢᠨᠠᠭᠤᠯᠬᠤ ᠨᠣᠣᠷᠠᠭ ᠢ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠠᠷᠢᠭᠤᠴᠠᠨ ᠬᠢᠨᠠᠨ ᠪᠠᠶᠢᠴᠠᠭᠠᠨ᠎ᠠ᠃      ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠭᠤᠣᠯᠳᠠᠭᠤ ᠳᠣᠣᠷᠠᠬᠢ ᠬᠡᠳᠦᠨ ᠲᠠᠯ᠎ᠠ ᠪᠠᠷ ᠬᠢᠨᠠᠨ ᠪᠠᠶᠢᠴᠠᠭᠠᠨ᠎ᠠ᠄      ︵ᠨᠢᠭᠡ︶ ᠬᠠᠤᠯᠢ ᠲᠣᠭᠲᠠᠭᠠᠬᠤ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠬᠦ ᠡᠰᠡᠬᠦ︔      ︵ᠬᠤᠶᠠᠷ︶ ᠳᠡᠭᠡᠳᠦ ᠪᠠᠶᠢᠷᠢ ᠶᠢᠨ ᠬᠠᠤᠯᠢ ᠶᠢᠨ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠬᠦ ᠡᠰᠡᠬᠦ︔      ︵ᠭᠤᠷᠪᠠ︶ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢᠨ ᠱᠠᠭᠠᠷᠳᠠᠯᠭ᠎ᠠ ᠳᠤ ᠨᠡᠶᠢᠴᠡᠬᠦ ᠡᠰᠡᠬᠦ︔      ︵ᠲᠥᠷᠪᠡ︶ ᠬᠠᠮᠢᠶ᠎ᠠ ᠪᠥᠬᠦᠢ ᠬᠠᠤᠯᠢ ᠲᠣᠭᠲᠠᠭᠠᠯ᠂ ᠲᠥᠷᠢᠮ ᠲᠣᠭᠲᠠᠭᠠᠯ ᠯᠤᠭ᠎ᠠ ᠵᠣᠬᠢᠴᠠᠯᠳᠤᠵᠤ᠂ ᠵᠣᠯᠭᠠᠯᠳᠤᠵᠤ ᠪᠠᠶᠢᠬᠤ ᠡᠰᠡᠬᠦ︔      ︵ᠲᠠᠪᠤ︶ ᠲᠤᠰ ᠲᠣᠭᠲᠠᠭᠠᠯ ᠤᠨ ᠲᠠᠪᠤᠳᠤᠭᠠᠷ ᠵᠦᠢᠯ ᠤᠨ ᠲᠣᠭᠲᠠᠭᠠᠯ ᠳᠤ ᠨᠡᠶᠢᠴᠡᠬᠦ ᠡᠰᠡᠬᠦ︔      ︵ᠵᠢᠷᠭᠤᠭ᠎ᠠ︶ ᠬᠦᠷᠭᠡᠨ ᠬᠢᠨᠠᠭᠤᠯᠬᠤ ᠨᠤᠤᠷᠠᠭ ᠤᠨ ᠭᠤᠣᠯ ᠠᠰᠠᠭᠤᠳᠠᠯ ᠤᠨ ᠲᠤᠬᠠᠶ ᠬᠠᠮᠢᠶ᠎ᠠ ᠪᠦᠬᠦᠢ ᠰᠠᠯᠠᠭ᠎ᠠ ᠮᠥᠴᠢᠷ᠂ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠰᠠᠨᠠᠯ ᠢ ᠵᠥᠪ ᠰᠢᠢᠳᠪᠦᠷᠢᠯᠡᠭᠰᠡᠨ ᠡᠰᠡᠬᠦ︔      ︵ᠲᠤᠯᠤᠭ᠎ᠠ︶ ᠲᠣᠭᠲᠠᠭᠠᠭᠰᠠᠨ ᠭᠤᠣᠯ ᠲᠦᠷᠢᠮ ᠪᠤᠶᠤ ᠠᠷᠭ᠎ᠠ ᠬᠡᠮᠵᠢᠶ᠎ᠡ ᠨᠢ ᠦᠨᠡᠨᠬᠦ ᠴᠢᠬᠤᠯᠠ ᠲᠠᠢ ᠪᠠᠶᠢᠬᠤ ᠡᠰᠡᠬᠦ︔      ︵ᠨᠠᠢᠮᠠ︶ ᠬᠢᠨᠠᠨ ᠪᠠᠶᠢᠴᠠᠭᠠᠬᠤ ᠴᠢᠬᠤᠯᠠ ᠲᠠᠢ ᠪᠤᠰᠤᠳ ᠠᠭᠤᠯᠭ᠎ᠠ᠃       ᠬᠤᠷᠢᠨ ᠳᠥᠷᠪᠡᠳᠦᠭᠡᠷ ᠵᠦᠢᠯ ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠤᠨ ᠲᠥᠰᠦᠯ ᠤᠨ ᠬᠦᠷᠭᠡᠨ ᠬᠢᠨᠠᠭᠤᠯᠬᠤ ᠨᠣᠣᠷᠠᠭ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠬᠦᠷᠭᠡᠨ ᠬᠢᠨᠠᠭᠤᠯᠬᠤ ᠨᠣᠣᠷᠠᠭ ᠲᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠢᠨᠠᠨ ᠪᠠᠶᠢᠴᠠᠭᠠᠬᠤ ᠶᠢ ᠲᠦᠷ ᠬᠤᠶᠢᠰᠢᠯᠠᠭᠤᠯᠬᠤ ᠬᠡᠷᠡᠭᠲᠡᠢ᠄      ︵ᠨᠢᠭᠡ︶ ᠲᠣᠭᠲᠠᠭᠠᠯ ᠶᠣᠰᠣᠭᠠᠷ ᠢᠯᠡ ᠪᠠᠷ ᠰᠠᠨᠠᠯ ᠬᠤᠷᠢᠶᠠᠭᠰᠠᠨ ᠥᠭᠡᠢ︔      ︵ᠬᠤᠶᠠᠷ︶ ᠬᠠᠮᠢᠶ᠎ᠠ ᠪᠥᠬᠦᠢ ᠰᠠᠯᠠᠭ᠎ᠠ ᠮᠥᠴᠢᠷ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ ᠲᠥᠰᠦᠯ ᠤᠨ ᠬᠦᠷᠭᠡᠨ ᠬᠢᠨᠠᠭᠤᠯᠬᠤ ᠨᠤᠤᠷᠠᠭ ᠪᠣᠯᠤᠨ ᠵᠠᠰᠠᠭ ᠤᠨ ᠣᠷᠳᠣᠨ ᠤ ᠲᠥᠷᠢᠮ ᠲᠣᠭᠲᠠᠭᠠᠯ ᠤᠨ ᠬᠦᠷᠭᠡᠨ ᠬᠢᠨᠠᠭᠤᠯᠬᠤ ᠨᠤᠤᠷᠠᠭ ᠤᠨ ᠲᠠᠯ᠎ᠠ ᠪᠠᠷ ᠨᠡᠯᠢᠶᠡᠳ ᠶᠡᠭᠡ ᠮᠠᠷᠭᠤᠭᠠᠨ ᠲᠠᠢ ᠪᠠᠶᠢᠵᠤ᠂ ᠲᠤᠭᠤᠷᠪᠢᠨ ᠪᠢᠴᠢᠬᠦ ᠨᠢᠭᠡᠴᠡ ᠠᠴᠠ ᠬᠠᠮᠢᠶ᠎ᠠ ᠪᠥᠬᠦᠢ ᠰᠠᠯᠠᠭ᠎ᠠ ᠮᠥᠴᠢᠷ ᠲᠠᠢ ᠭᠦᠢᠴᠡᠳ ᠵᠥᠪᠳᠡᠯᠴᠡᠭᠰᠡᠨ ᠥᠭᠡᠢ︔      ︵ᠭᠤᠷᠪᠠ︶ ᠲᠤᠭᠤᠷᠪᠢᠨ ᠪᠢᠴᠢᠬᠦ ᠨᠢᠭᠡᠴᠡ ᠶᠢᠨ ᠭᠤᠣᠯ ᠬᠠᠷᠢᠭᠤᠴᠠᠯᠭᠠᠲᠠᠨ ᠭᠠᠷ ᠤᠨ ᠥᠰᠥᠭ ᠵᠢᠷᠤᠭᠰᠠᠨ ᠥᠭᠡᠢ︔      ︵ᠲᠦᠷᠪᠡ︶ ᠲᠤᠭᠤᠷᠪᠢᠨ ᠪᠢᠴᠢᠬᠦ ᠨᠢᠭᠡᠴᠡ ᠠᠴᠠ ᠬᠢᠨᠠᠨ ᠪᠠᠶᠢᠴᠠᠭᠠᠯᠭᠠᠬᠤ ᠶᠢ ᠲᠦᠷ ᠬᠤᠶᠢᠰᠢᠯᠠᠭᠤᠯᠬᠤ ᠪᠢᠴᠢᠭ ᠤᠨ ᠭᠤᠶᠤᠴᠢᠯᠠᠯ ᠭᠠᠷᠭᠠᠭᠰᠠᠨ︔      ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠬᠢᠨᠠᠨ ᠪᠠᠶᠢᠴᠠᠭᠠᠬᠤ ᠶᠢ ᠲᠦᠷ ᠬᠤᠶᠢᠰᠢᠯᠠᠭᠤᠯᠵᠤ ᠪᠣᠯᠤᠨ᠎ᠠ ᠭᠡᠵᠦ ᠲᠣᠭᠲᠠᠭᠠᠭᠰᠠᠨ ᠪᠤᠰᠤᠳ ᠪᠠᠶᠢᠳᠠᠯ ᠤᠳ᠃      ᠬᠤᠷᠢᠨ ᠲᠠᠪᠤᠳᠤᠭᠠᠷ ᠵᠦᠢᠯ ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠤᠨ ᠲᠥᠰᠥᠯ ᠤᠨ ᠬᠦᠷᠭᠡᠨ ᠬᠢᠨᠠᠭᠤᠯᠬᠤ ᠨᠣᠣᠷᠠᠭ ᠪᠣᠯᠣᠨ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠬᠦᠷᠭᠡᠨ ᠬᠢᠨᠠᠭᠤᠯᠬᠤ ᠨᠣᠣᠷᠠᠭ ᠲᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠲᠤᠭᠤᠷᠪᠢᠨ ᠪᠢᠴᠢᠬᠦ ᠨᠢᠭᠡᠴᠡ ᠳᠤ ᠪᠤᠴᠠᠭᠠᠬᠤ ᠬᠡᠷᠡᠭᠲᠡᠢ᠄      ︵ᠨᠢᠭᠡ︶ ᠬᠠᠤᠯᠢ ᠲᠣᠭᠲᠠᠭᠠᠬᠤ ᠨᠥᠬᠦᠴᠡᠯ ᠬᠠᠷᠠᠬᠠᠨ ᠪᠣᠯᠪᠠᠰᠤᠷᠠᠭᠠᠳᠤᠢ ᠪᠤᠶᠤ ᠴᠢᠬᠤᠯᠠ ᠶᠡᠭᠡ ᠬᠤᠪᠢᠷᠠᠯᠲᠠ ᠭᠠᠷᠤᠭᠰᠠᠨ︔      ︵ᠬᠤᠶᠠᠷ︶ ᠪᠤᠰᠤᠳ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢᠶᠠᠷ ᠳᠠᠮᠵᠢᠭᠤᠯᠤᠨ ᠠᠰᠠᠭᠤᠳᠠᠯ ᠢ ᠰᠢᠢᠳᠪᠦᠷᠢᠯᠡᠵᠦ ᠪᠣᠯᠬᠤ︔ ᡾      ︵ᠭᠤᠷᠪᠠ︶ ᠬᠠᠤᠯᠢ ᠶᠣᠰᠣᠴᠢ ᠴᠢᠨᠠᠷ᠂ ᠵᠦᠢ ᠶᠣᠰᠣᠴᠢ ᠴᠢᠨᠠᠷ ᠤᠨ ᠴᠢᠬᠤᠯᠠ ᠶᠡᠭᠡ ᠠᠰᠠᠭᠤᠳᠠᠯ ᠣᠷᠣᠰᠢᠵᠤ ᠪᠠᠶᠢᠬᠤ︔      ︵ᠲᠦᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠪᠤᠴᠠᠭᠠᠵᠤ ᠪᠣᠯᠤᠨ᠎ᠠ ᠭᠡᠵᠦ ᠲᠣᠭᠲᠠᠭᠠᠭᠰᠠᠨ ᠪᠤᠰᠤᠳ ᠪᠠᠶᠢᠳᠠᠯ ᠤᠳ᠃      ᠬᠤᠷᠢᠨ ᠵᠢᠷᠭᠤᠳᠤᠭᠠᠷ ᠵᠦᠢᠯ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠢᠨᠠᠨ ᠪᠠᠶᠢᠴᠠᠭᠠᠬᠤ ᠪᠠᠨ ᠲᠦᠷ ᠬᠤᠶᠢᠰᠢᠯᠠᠭᠤᠯᠬᠤ ᠪᠤᠶᠤ ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠤᠨ ᠲᠥᠰᠥᠯ ᠤᠨ ᠬᠦᠷᠭᠡᠨ ᠬᠢᠨᠠᠭᠤᠯᠬᠤ ᠨᠣᠣᠷᠠᠭ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠬᠦᠷᠭᠡᠨ ᠬᠢᠨᠠᠭᠤᠯᠬᠤ ᠨᠣᠣᠷᠠᠭ ᠢ ᠪᠤᠴᠠᠭᠠᠬᠤ ᠳᠤ ᠬᠦᠷᠪᠡᠯ᠂ ᠲᠤᠭᠤᠷᠪᠢᠨ ᠪᠢᠴᠢᠬᠦ ᠨᠢᠭᠡᠴᠡ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠢ᠃      ᠬᠤᠷᠢᠨ ᠳᠣᠯᠣᠳᠤᠭᠠᠷ ᠵᠦᠢᠯ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠤᠨ ᠲᠥᠰᠦᠯ ᠤᠨ ᠬᠦᠷᠭᠡᠨ ᠬᠢᠨᠠᠭᠤᠯᠬᠤ ᠨᠣᠣᠷᠠᠭ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠬᠦᠷᠭᠡᠨ ᠬᠢᠨᠠᠭᠤᠯᠬᠤ ᠨᠣᠣᠷᠠᠭ ᠲᠤ ᠬᠤᠯᠪᠣᠭᠳᠠᠭᠰᠠᠨ ᠭᠤᠣᠯ ᠠᠰᠠᠭᠤᠳᠠᠯ ᠢ ᠬᠤᠯᠪᠣᠭᠳᠠᠯ ᠪᠦᠬᠦᠢ ᠪᠠᠶᠢᠭᠤᠯᠭ᠎ᠠ᠂ ᠵᠣᠬᠢᠶᠠᠨ ᠪᠠᠶᠢᠭᠤᠯᠤᠯᠲᠠ ᠪᠠ ᠲᠤᠰᠬᠠᠢ ᠮᠡᠷᠭᠡᠵᠢᠯᠲᠡᠨ ᠳᠤ ᠬᠦᠷᠭᠡᠨ ᠥᠭᠴᠦ ᠰᠠᠨᠠᠯ ᠬᠤᠷᠢᠶᠠᠬᠤ ᠬᠡᠷᠡᠭᠲᠡᠢ᠃      ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ ᠲᠥᠰᠥᠯ ᠤᠨ ᠬᠦᠷᠭᠡᠨ ᠬᠢᠨᠠᠭᠤᠯᠬᠤ ᠨᠣᠣᠷᠠᠭ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠬᠦᠷᠭᠡᠨ ᠬᠢᠨᠠᠭᠤᠯᠬᠤ ᠨᠣᠣᠷᠠᠭ ᠵᠢᠴᠢ ᠲᠣᠳᠣᠷᠬᠠᠶᠢᠯᠠᠯᠲᠠ ᠶᠢ ᠬᠢᠨᠠᠨ ᠪᠠᠶᠢᠴᠠᠭᠠᠬᠤ ᠳᠠᠭᠠᠨ ᠨᠡᠶᠢᠭᠡᠮ ᠨᠡᠶᠢᠲᠡ ᠳᠤ ᠨᠡᠶᠢᠲᠡᠯᠡᠵᠦ᠂ ᠰᠠᠨᠠᠯ ᠬᠤᠷᠢᠶᠠᠵᠤ ᠪᠣᠯᠤᠨ᠎ᠠ᠃ ᠰᠠᠨᠠᠯ ᠬᠤᠷᠢᠶᠠᠬᠤ ᠬᠤᠭᠤᠴᠠᠭ᠎ᠠ ᠶᠢ ᠡᠩ ᠤᠨ ᠪᠠᠶᠢᠳᠠᠯ ᠳᠤ ᠭᠤᠴᠢᠨ ᠡᠳᠦᠷ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃      ᠬᠤᠷᠢᠨ ᠨᠠᠢᠮᠠᠳᠤᠭᠠᠷ ᠵᠦᠢᠯ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ ᠲᠥᠰᠦᠯ ᠤᠨ ᠬᠦᠷᠭᠡᠨ ᠬᠢᠨᠠᠭᠤᠯᠬᠤ ᠨᠣᠤᠷᠠᠭ ᠪᠠ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠬᠦᠷᠭᠡᠨ ᠬᠢᠨᠠᠭᠤᠯᠬᠤ ᠨᠣᠤᠷᠠᠭ ᠨᠢ ᠴᠢᠬᠤᠯᠠ ᠶᠡᠭᠡ ᠠᠰᠢᠭ ᠲᠤᠰᠠ ᠶᠢᠨ ᠲᠣᠬᠢᠷᠠᠭᠤᠯᠤᠯᠲᠠ ᠳᠤ ᠬᠤᠯᠪᠣᠭᠳᠠᠪᠠᠯ᠂ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠤᠲᠠᠯᠠᠯᠲᠠ ᠬᠢᠵᠦ ᠠᠰᠠᠭᠤᠨ ᠯᠠᠪᠯᠠᠵᠤ᠂ ᠬᠠᠮᠢᠶ᠎ᠠ ᠪᠥᠬᠦᠶ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠰᠣᠨᠣᠰᠬᠤ ᠬᠡᠷᠡᠭᠲᠡᠶ᠃ ᠨᠤᠲᠠᠯᠠᠯᠲᠠ ᠬᠢᠵᠦ ᠯᠠᠪᠯᠠᠬᠤ ᠳᠤ ᠰᠠᠭᠤᠳᠠᠯ ᠤᠨ ᠬᠤᠷᠠᠯ᠂ ᠨᠤᠲᠠᠯᠠᠯᠲᠠ ᠶᠢᠨ ᠬᠤᠷᠠᠯ᠂ ᠭᠤᠷᠪᠠᠳᠠᠬᠢ ᠡᠲᠡᠭᠡᠳ ᠲᠤ ᠨᠠᠶᠢᠳᠠᠨ ᠰᠤᠳᠤᠯᠤᠯᠲᠠ ᠬᠢᠬᠦ ᠵᠡᠷᠭᠡ ᠤᠯᠠᠨ ᠵᠦᠢᠯ ᠤᠨ ᠬᠡᠯᠪᠡᠷᠢ ᠶᠢ ᠬᠡᠷᠡᠭᠯᠡᠵᠦ ᠪᠣᠯᠤᠨ᠎ᠠ᠃      ᠬᠤᠷᠢ ᠶᠢᠰᠦᠳᠦᠭᠡᠷ ᠵᠦᠢᠯ ᠬᠠᠮᠢᠶ᠎ᠠ ᠪᠦᠬᠦᠢ ᠰᠠᠯᠠᠭ᠎ᠠ ᠮᠥᠴᠢᠷ ᠬᠠᠤᠯᠢ ᠳᠦᠷᠢᠮ ᠳᠦᠷᠢᠮ ᠲᠣᠭᠲᠠᠭᠠᠯ ᠤᠨ ᠬᠦᠷᠭᠡᠨ ᠬᠢᠨᠠᠭᠤᠯᠬᠤ ᠨᠣᠣᠷᠠᠭ ᠲᠤ ᠬᠤᠯᠪᠣᠭᠳᠠᠭᠰᠠᠨ ᠭᠤᠣᠯ ᠠᠷᠭ᠎ᠠ ᠬᠡᠮᠵᠢᠶ᠎ᠡ᠂ ᠬᠠᠮᠢᠶᠠᠷᠤᠯᠲᠠ ᠶᠢᠨ ᠪᠠᠶᠢᠭᠤᠯᠤᠯ᠂ ᠡᠷᠬᠡ ᠶᠢᠨ ᠠᠵᠢᠯ ᠤᠨ ᠬᠤᠪᠢᠶᠠᠷᠢᠯᠠᠯ ᠵᠡᠷᠭᠡ ᠠᠰᠠᠭᠤᠳᠠᠯ ᠳᠤ ᠠᠳᠠᠯᠢ ᠪᠤᠰᠤ ᠰᠠᠨᠠᠯ ᠲᠠᠢ ᠪᠣᠯ᠂ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠣᠬᠢᠴᠠᠭᠤᠯᠵᠤ᠂ ᠰᠠᠨᠠᠯ ᠢ ᠨᠢᠭᠡᠳᠭᠡᠬᠦ ᠪᠠᠷ ᠴᠢᠷᠮᠠᠶᠢᠬᠤ ᠬᠡᠷᠡᠭᠲᠡᠶ᠃      ᠨᠡᠯᠢᠶᠡᠳ ᠶᠡᠭᠡ ᠮᠠᠷᠭᠤᠭᠠᠨ ᠲᠠᠢ ᠴᠢᠬᠤᠯᠠ ᠬᠠᠤᠯᠢ ᠲᠣᠭᠲᠠᠭᠠᠬᠤ ᠵᠦᠢᠯᠡᠰ ᠢ ᠬᠤᠳᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ  ᠬᠠᠮᠢᠶ᠎ᠠ ᠪᠦᠬᠦᠢ ᠲᠤᠰᠬᠠᠶ ᠮᠡᠷᠭᠡᠵᠢᠯᠲᠡᠨ᠂ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠳᠤ ᠨᠠᠶᠢᠳᠠᠵᠤ ᠦᠨᠡᠯᠡᠨ ᠵᠢᠱᠢᠭᠦᠯᠵᠦ ᠪᠣᠯᠤᠨ᠎ᠠ᠂ ᠦᠨᠡᠯᠡᠨ ᠵᠢᠱᠢᠭᠰᠡᠨ ᠦᠷ᠎ᠡ ᠳ᠋ᠦᠩ ᠢ ᠬᠤᠳᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠯᠠᠪᠠᠯᠬᠤ ᠰᠠᠨᠠᠯ ᠪᠣᠯᠭᠠᠨ᠎ᠠ᠃      ᠭᠦᠢᠴᠡᠳ ᠵᠣᠬᠢᠴᠠᠭᠤᠯᠬᠤ ᠪᠠᠷ ᠳᠠᠮᠵᠢᠭᠠᠳ ᠰᠠᠨᠠᠯ ᠨᠢᠭᠡᠳᠴᠦ ᠳᠡᠶᠢᠯᠬᠦ ᠦᠭᠡᠢ ᠪᠣᠯ᠂ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠭᠤᠣᠯ ᠠᠰᠠᠭᠤᠳᠠᠯ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠨᠠᠯ ᠪᠠ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠰᠠᠨᠠᠯ ᠢ ᠴᠠᠭ ᠲᠤᠬᠠᠶ ᠳᠤᠨᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠤᠳᠤᠷᠢᠳᠤᠭᠤᠯᠤᠨ ᠵᠣᠬᠢᠴᠠᠭᠤᠯᠬᠤ ᠪᠤᠶᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠲᠣᠭᠲᠠᠭᠠᠯᠭᠠᠬᠤ ᠬᠡᠷᠡᠭᠲᠡᠶ᠃      ᠭᠤᠴᠢᠳᠤᠭᠠᠷ ᠵᠦᠢᠯ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠡᠯ᠎ᠡ ᠲᠠᠯ᠎ᠠ ᠶᠢᠨ ᠬᠢᠨ ᠤ ᠰᠠᠨᠠᠯ ᠢ ᠨᠠᠷᠢᠨ ᠬᠢᠨᠠᠮᠠᠭᠠᠢ ᠬᠤᠷᠢᠶᠠᠩᠭᠤᠶᠢᠯᠠᠵᠤ᠂ ᠡᠮᠬᠢᠳᠬᠡᠵᠦ᠂ ᠰᠤᠳᠤᠯᠬᠤ ᠶᠢᠨ ᠬᠠᠮᠲᠤ ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠤᠨ ᠲᠥᠰᠥᠯ ᠤᠨ ᠬᠦᠷᠭᠡᠨ ᠬᠢᠨᠠᠭᠤᠯᠬᠤ ᠨᠣᠣᠷᠠᠭ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠬᠦᠷᠭᠡᠨ ᠬᠢᠨᠠᠭᠤᠯᠬᠤ ᠨᠣᠣᠷᠠᠭ ᠢ ᠬᠢᠨᠠᠨ ᠪᠠᠶᠢᠴᠠᠭᠠᠵᠤ᠂ ᠵᠠᠰᠠᠪᠤᠷᠢ ᠣᠷᠣᠭᠤᠯᠵᠤ᠂ ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠤᠨ ᠲᠥᠰᠥᠯ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠲᠥᠰᠥᠯ ᠵᠢᠴᠢ ᠲᠥᠰᠦᠯ ᠤᠨ ᠲᠣᠳᠣᠷᠬᠠᠶᠢᠯᠠᠯᠲᠠ ᠶᠢ ᠪᠦᠷᠢᠯᠳᠦᠭᠦᠯᠬᠦ ᠬᠡᠷᠡᠭᠲᠡᠢ᠃      ᠭᠤᠴᠢᠨ ᠨᠢᠭᠡᠳᠦᠭᠡᠷ ᠵᠦᠢᠯ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ ᠲᠥᠰᠦᠯ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠲᠥᠰᠦᠯ ᠵᠢᠴᠢ ᠲᠥᠰᠦᠯ ᠤᠨ ᠲᠣᠳᠣᠷᠬᠠᠶᠢᠯᠠᠯᠲᠠ ᠶᠢ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠭᠠᠷ ᠤᠨ ᠦᠰᠦᠭ ᠵᠢᠷᠤᠬᠤ ᠶᠢᠨ ᠬᠠᠮᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ ᠬᠢᠨᠠᠨ ᠵᠥᠪᠯᠡᠬᠦ ᠬᠡᠷᠡᠭᠲᠡᠢ᠃      ᠲᠠᠪᠤᠳᠤᠭᠠᠷ ᠪᠦᠯᠦᠭ ᠲᠣᠭᠲᠠᠭᠠᠬᠤ᠂ ᠨᠡᠶᠢᠲᠡᠯᠡᠬᠦ      ᠭᠤᠴᠢᠨ ᠬᠤᠶᠠᠳᠤᠭᠠᠷ ᠵᠦᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ ᠲᠥᠰᠦᠯ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠲᠥᠰᠦᠯ ᠢ ᠬᠢᠨᠠᠨ ᠵᠥᠪᠯᠡᠬᠦ ᠳᠤ᠂ ᠲᠤᠭᠤᠷᠪᠢᠨ ᠪᠢᠴᠢᠭᠰᠡᠨ ᠨᠢᠭᠡᠴᠡ ᠠᠴᠠ ᠨᠣᠣᠷᠠᠭᠯᠠᠭᠰᠠᠨ ᠲᠣᠳᠣᠷᠬᠠᠶᠢᠯᠠᠯᠲᠠ ᠬᠢᠵᠦ᠂ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠢᠨᠠᠨ ᠪᠠᠶᠢᠴᠠᠭᠠᠭᠰᠠᠨ ᠲᠣᠳᠣᠷᠬᠠᠶᠢᠯᠠᠯᠲᠠ ᠬᠢᠬᠦ ᠬᠡᠷᠡᠭᠲᠡᠢ᠃        ᠭᠤᠴᠢᠨ ᠭᠤᠷᠪᠠᠳᠤᠭᠠᠷ ᠵᠦᠢᠯ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ ᠲᠥᠰᠦᠯ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠪᠤᠶᠤ ᠪᠥᠬᠦᠳᠡ ᠬᠤᠷᠠᠯ ᠢᠶᠠᠷ ᠲᠣᠭᠲᠠᠭᠠᠵᠤ᠂ ᠬᠤᠲᠠ ᠶᠢᠨ ᠳᠠᠷᠤᠭ᠎ᠠ ᠵᠥᠪᠯᠡᠯᠭᠡ ᠳᠤ ᠭᠠᠷ ᠤᠨ ᠦᠰᠦᠭ ᠵᠢᠷᠤᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠤᠶᠤ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠬᠢᠨᠠᠨ ᠵᠥᠪᠯᠡᠨ᠎ᠡ᠃      ᠭᠤᠴᠢᠨ ᠳᠥᠷᠪᠡᠳᠦᠭᠡᠷ ᠵᠦᠢᠯ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠪᠤᠶᠤ ᠪᠥᠬᠦᠳᠡ ᠬᠤᠷᠠᠯ ᠢᠶᠠᠷ ᠲᠣᠭᠲᠠᠭᠠᠵᠤ᠂ ᠬᠤᠲᠠ ᠶᠢᠨ ᠳᠠᠷᠤᠭ᠎ᠠ ᠭᠠᠷ ᠤᠨ ᠦᠰᠦᠭ ᠵᠢᠷᠤᠵᠤ ᠵᠠᠷᠯᠢᠭ ᠢᠶᠠᠷ ᠨᠡᠶᠢᠲᠡᠯᠡᠨ᠎ᠡ᠃      ᠭᠤᠴᠢᠨ ᠲᠠᠪᠤᠳᠤᠭᠠᠷ ᠵᠦᠢᠯ ᠵᠠᠰᠠᠭ ᠤᠨ ᠣᠷᠳᠣᠨ ᠤ ᠲᠦᠷᠢᠮ ᠲᠣᠭᠲᠠᠭᠠᠯ ᠢ ᠨᠡᠶᠢᠲᠡᠯᠡᠬᠦ ᠵᠠᠷᠯᠢᠭ ᠲᠤ ᠲᠣᠭᠲᠠᠭᠠᠭᠰᠠᠨ ᠪᠠᠶᠢᠭᠤᠯᠭ᠎ᠠ᠂ ᠳ᠋ᠤᠭᠠᠷᠯᠠᠯ᠂ ᠲᠦᠷᠢᠮ ᠲᠣᠭᠲᠠᠭᠠᠯ ᠤᠨ ᠨᠡᠷᠡᠶᠢᠳᠦᠯ᠂ ᠪᠠᠲᠤᠯᠠᠭᠰᠠᠨ ᠡᠳᠦᠷ ᠰᠠᠷ᠎ᠠ᠂ ᠬᠡᠷᠡᠭᠵᠢᠭᠦᠯᠬᠦ ᠡᠳᠦᠷ ᠰᠠᠷ᠎ᠠ᠂ ᠬᠤᠳᠠ ᠶᠢᠨ ᠳᠠᠷᠤᠭ᠎ᠠ ᠶᠢᠨ ᠭᠠᠷ ᠤᠨ ᠦᠰᠦᠭ ᠪᠠ ᠨᠡᠶᠢᠲᠡᠯᠡᠭᠰᠡᠨ ᠡᠳᠦᠷ ᠰᠠᠷ᠎ᠠ ᠶᠢ ᠲᠣᠳᠣᠷᠬᠠᠶ ᠪᠢᠴᠢᠬᠦ ᠬᠡᠷᠡᠭᠲᠡᠶ᠃      ᠭᠤᠴᠢᠨ ᠵᠢᠷᠭᠤᠳᠤᠭᠠᠷ ᠵᠦᠢᠯ ᠵᠠᠰᠠᠭ ᠤᠨ ᠣᠷᠳᠣᠨ ᠤ ᠲᠦᠷᠢᠮ ᠲᠣᠭᠲᠠᠭᠠᠯ ᠢ ᠭᠠᠷ ᠤᠨ ᠥᠰᠥᠭ ᠵᠢᠷᠤᠵᠤ ᠨᠡᠶᠢᠲᠡᠯᠡᠭᠰᠡᠨ ᠤ ᠳᠠᠷᠠᠭ᠎ᠠ᠂ ︽ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ︾ ︽ᠬᠥᠬᠡᠬᠤᠲᠠ ᠶᠢᠨ ᠡᠳᠦᠷ ᠤᠨ ᠰᠣᠨᠢᠨ︾ ᠪᠣᠯᠤᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶᠡᠨ ᠳᠤ ᠴᠠᠭ ᠲᠤᠬᠠᠶ ᠳᠤᠨᠢ ᠨᠡᠶᠢᠲᠡᠯᠡᠬᠦ ᠬᠡᠷᠡᠭᠲᠡᠶ᠃      ᠭᠤᠴᠢᠨ ᠳᠣᠯᠣᠳᠤᠭᠠᠷ ᠵᠦᠢᠯ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠭᠤᠴᠢᠨ ᠡᠳᠦᠷ ᠤᠨ ᠳᠠᠷᠠᠭ᠎ᠠ ᠠᠴᠠ ᠬᠡᠷᠡᠭᠵᠢᠭᠦᠯᠬᠦ ᠬᠡᠷᠡᠭᠲᠡᠶ᠃ ᠤᠯᠤᠰ ᠤᠨ ᠠᠮᠤᠷ ᠲᠦᠪᠰᠢᠨ ᠳᠤ ᠬᠤᠯᠪᠣᠭᠳᠠᠬᠤ ᠪᠤᠶᠤ ᠨᠡᠶᠢᠲᠡᠯᠡᠭᠰᠡᠨ ᠳᠠᠷᠤᠶ ᠳᠤᠨᠢ ᠬᠡᠷᠡᠭᠵᠢᠭᠦᠯᠬᠦ ᠥᠬᠡᠶ ᠪᠣᠯ ᠵᠠᠰᠠᠭ ᠤᠨ ᠣᠷᠳᠣᠨ ᠤ ᠲᠦᠷᠢᠮ ᠲᠣᠭᠲᠠᠭᠠᠯ ᠢ ᠬᠡᠷᠡᠭᠵᠢᠭᠦᠯᠬᠦ ᠳᠤ ᠬᠠᠷᠰᠢ ᠪᠣᠯᠬᠤ ᠵᠡᠷᠭᠡ ᠬᠠᠤᠯᠢ ᠪᠠᠷ ᠲᠣᠭᠲᠠᠭᠠᠭᠰᠠᠨ ᠪᠠᠶᠢᠳᠠᠯ ᠲᠠᠢ ᠪᠣᠯ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ ᠪᠣᠯᠤᠨ᠎ᠠ᠃      ᠵᠢᠷᠭᠤᠳᠤᠭᠠᠷ ᠪᠦᠯᠦᠭ ᠳᠠᠩᠰᠠᠯᠠᠬᠤ᠂ ᠲᠠᠶᠢᠯᠪᠤᠷᠢᠯᠠᠬᠤ᠂ ᠦᠨᠡᠯᠡᠨ ᠵᠢᠱᠢᠬᠦ      ᠭᠤᠴᠢᠨ ᠨᠠᠢᠮᠠᠳᠤᠭᠠᠷ ᠵᠦᠢᠯ ᠵᠠᠰᠠᠭ ᠤᠨ ᠣᠷᠳᠣᠨ ᠤ ᠲᠥᠷᠢᠮ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠭᠤᠴᠢᠨ ᠡᠳᠦᠷ ᠤᠨ ᠳᠣᠲᠣᠷ᠎ᠠ᠂ ᠬᠤᠳᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠳᠠᠩᠰᠠᠯᠠᠭᠤᠯᠬᠤ ᠬᠡᠷᠡᠭᠲᠡᠶ᠃      ᠭᠤᠴᠢ ᠶᠢᠰᠦᠳᠦᠭᠡᠷ ᠵᠦᠢᠯ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠠᠶᠢᠯᠪᠤᠷᠢᠯᠠᠬᠤ ᠡᠷᠬᠡ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠬᠠᠷᠢᠶᠠᠯᠠᠭᠳᠠᠨ᠎ᠠ᠃      ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠲᠣᠭᠲᠠᠭᠠᠯ ᠢ ᠪᠣᠳᠠᠲᠠᠶ ᠠᠭᠤᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠴᠢᠬᠤᠯᠠᠲᠠᠶ ᠪᠤᠶᠤ ᠲᠣᠭᠲᠠᠭᠠᠭᠰᠠᠨ ᠤ ᠲᠠᠷᠠᠭ᠎ᠠ ᠰᠢᠨ᠎ᠡ ᠪᠠᠶᠢᠳᠠᠯ ᠭᠠᠷᠴᠤ ᠲᠦᠷᠢᠮ ᠲᠣᠭᠲᠠᠭᠠᠯ ᠢ ᠬᠡᠷᠡᠭᠯᠡᠬᠦ ᠦᠨᠳᠦᠰᠦ ᠪᠠᠷᠢᠮᠲᠠ ᠶᠢ ᠲᠣᠳᠣᠷᠬᠠᠶᠢᠯᠠᠬᠤ ᠴᠢᠬᠤᠯᠠᠲᠠᠶ ᠪᠣᠯ᠂ ᠵᠠᠰᠠᠭ ᠤᠨ ᠣᠷᠳᠣᠨ ᠤ ᠲᠦᠷᠢᠮ ᠲᠣᠭᠲᠠᠭᠠᠯ ᠢ ᠬᠡᠷᠡᠭᠵᠢᠭᠦᠯᠬᠦ ᠪᠠᠶᠢᠭᠤᠯᠭ᠎ᠠ ᠠᠴᠠ ᠰᠠᠨᠠᠯ ᠳᠤᠷᠠᠳᠬᠤ ᠶᠢᠨ ᠬᠠᠮᠲᠤ ᠬᠤᠳᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠢᠨᠠᠨ ᠪᠠᠶᠢᠴᠠᠭᠠᠯᠭᠠᠬᠤ ᠪᠤᠶᠤ ᠬᠤᠳᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠰᠢᠭᠤᠳ ᠰᠠᠨᠠᠯ ᠳᠤᠷᠠᠳᠴᠤ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠲᠠᠷᠠᠭ᠎ᠠ ᠨᠡᠶᠢᠭᠡᠮ ᠳᠤ ᠨᠡᠶᠢᠲᠡᠯᠡᠬᠦ ᠬᠡᠷᠡᠭᠲᠡᠢ᠃      ᠲᠦᠷᠢᠮ ᠲᠣᠭᠲᠠᠭᠠᠯ ᠤᠨ ᠲᠠᠶᠢᠯᠪᠤᠷᠢᠯᠠᠯᠲᠠ ᠨᠢ ᠲᠦᠷᠢᠮ ᠲᠣᠭᠲᠠᠭᠠᠯ ᠲᠠᠢ ᠠᠳᠠᠯᠢᠬᠠᠨ ᠬᠦᠴᠦᠨ ᠲᠠᠢ᠃      ᠳᠥᠴᠢᠳᠦᠭᠡᠷ ᠵᠦᠢᠯ ᠵᠠᠰᠠᠭ ᠤᠨ ᠣᠷᠳᠣᠨ ᠤ ᠳᠦᠷᠢᠮ ᠲᠣᠭᠲᠠᠭᠠᠯ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠬᠡᠷᠡᠭᠵᠢᠭᠦᠯᠬᠦ ᠪᠠᠶᠢᠭᠤᠯᠭ᠎ᠠ ᠠᠴᠠ ᠬᠠᠤᠯᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠶᠢ ᠥᠷᠨᠢᠭᠦᠯᠬᠦ ᠬᠡᠷᠡᠭᠲᠡᠶ᠃ ᠴᠢᠬᠤᠯᠠ ᠲᠠᠢ ᠦᠶ᠎ᠡ ᠳᠤ᠂ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠬᠡᠷᠡᠭᠵᠢᠭᠦᠯᠬᠦ ᠪᠠᠶᠢᠭᠤᠯᠭ᠎ᠠ ᠲᠠᠢ ᠬᠠᠮᠲᠤᠷᠠᠨ ᠦᠨᠡᠯᠡᠨ ᠵᠢᠱᠢᠯᠲᠡ ᠬᠢᠵᠦ ᠪᠣᠯᠣᠨ᠎ᠠ᠃      ︵ᠨᠢᠭᠡ︶ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠪᠣᠯᠭᠠᠨ ᠳᠡᠭᠡᠭᠰᠢᠯᠡᠭᠦᠯᠬᠦ ᠪᠠᠷ ᠲᠥᠯᠥᠪᠯᠡᠭᠰᠡᠨ︔      ︵ᠬᠤᠶᠠᠷ︶ ᠴᠢᠬᠤᠯᠠ ᠶᠡᠭᠡ ᠵᠠᠰᠠᠪᠤᠷᠢ ᠣᠷᠣᠭᠤᠯᠬᠤ ᠪᠠᠷ ᠲᠥᠯᠥᠪᠯᠡᠭᠰᠡᠨ︔      ︵ᠭᠤᠷᠪᠠ︶ ᠬᠦᠴᠦᠨ ᠦᠭᠡᠢ ᠪᠣᠯᠭᠠᠬᠤ ᠪᠠᠷ ᠲᠥᠯᠥᠪᠯᠡᠵᠦ ᠪᠠᠶᠢᠭ᠎ᠠ ᠪᠣᠯᠪᠠᠴᠤ ᠨᠡᠯᠢᠶᠡᠳ ᠶᠡᠭᠡ ᠮᠠᠷᠭᠤᠭᠠᠨ ᠲᠠᠢ︔      ︵ᠲᠦᠷᠪᠡ︶ ᠠᠵᠤ ᠠᠬᠤᠶ ᠨᠡᠶᠢᠭᠡᠮ ᠤᠨ ᠬᠥᠭᠵᠢᠯᠲᠡ ᠪᠤᠶᠤ ᠤᠯᠠᠨ ᠨᠡᠶᠢᠲᠡ ᠶᠢᠨ ᠠᠰᠢᠭ ᠲᠤᠰᠠ ᠲᠠᠢ ᠨᠢᠭᠲᠠ ᠬᠤᠯᠪᠣᠭ᠎ᠠ ᠲᠠᠢ ᠮᠥᠷᠲᠡᠭᠡᠨ ᠬᠡᠷᠡᠭᠵᠢᠭᠦᠯᠦᠭᠡᠳ ᠪᠦᠬᠦᠯᠢ ᠲᠠᠪᠤᠨ ᠵᠢᠯ ᠪᠣᠯᠤᠭᠰᠠᠨ︔      ︵ᠲᠠᠪᠤ︶ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠵᠢᠴᠢ ᠨᠡᠶᠢᠭᠡᠮ ᠨᠡᠶᠢᠲᠡ ᠶᠢᠨ ᠲᠤᠰᠬᠠᠭᠰᠠᠨ ᠠᠰᠠᠭᠤᠳᠠᠯ ᠨᠡᠯᠢᠶᠡᠳ ᠲᠥᠪᠯᠡᠷᠡᠩᠭᠦᠶ ᠪᠠᠶᠢᠬᠤ      ︵ᠵᠢᠷᠭᠤᠭ᠎ᠠ︶ ᠦᠨᠡᠯᠡᠨ ᠵᠢᠱᠢᠬᠦ ᠴᠢᠬᠤᠯᠠᠲᠠᠶ ᠪᠤᠰᠤᠳ ᠪᠠᠶᠢᠳᠠᠯ᠃      ᠵᠠᠰᠠᠭ ᠤᠨ ᠣᠷᠳᠣᠨ ᠤ ᠲᠦᠷᠢᠮ ᠲᠣᠭᠲᠠᠭᠠᠯ ᠢ ᠬᠡᠷᠡᠭᠵᠢᠭᠦᠯᠬᠦ ᠪᠠᠶᠢᠭᠤᠯᠭ᠎ᠠ ᠪᠤᠶᠤ ᠬᠤᠳᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠠᠮᠢᠶ᠎ᠠ ᠪᠦᠬᠦᠢ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠡ᠂ ᠲᠤᠰᠬᠠᠢ ᠮᠡᠷᠭᠡᠵᠢᠯ ᠤᠨ ᠪᠠᠶᠢᠴᠠᠭᠠᠯᠲᠠ ᠶᠢᠨ ᠪᠠᠶᠢᠭᠤᠯᠤᠮᠵᠢ ᠵᠡᠷᠭᠡ ᠵᠣᠬᠢᠶᠠᠨ ᠪᠠᠶᠢᠭᠤᠯᠤᠯᠲᠠ ᠳᠤ ᠨᠠᠶᠢᠳᠠᠵᠤ ᠬᠠᠤᠯᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠬᠢᠯᠭᠡᠵᠦ ᠪᠣᠯᠤᠨ᠎ᠠ᠃      ᠳᠡᠭᠡᠳᠦ ᠪᠠᠶᠢᠷᠢ ᠶᠢᠨ ᠬᠠᠤᠯᠢ ᠳᠤ ᠲᠤᠬᠢᠷᠠᠭᠤᠯᠤᠯᠳᠠ ᠬᠢᠭᠰᠡᠨ ᠪᠤᠶᠤ ᠪᠠᠴᠢᠮ ᠪᠠᠶᠢᠳᠠᠯ ᠳᠤ ᠲᠤᠯᠭᠠᠷᠠᠭᠰᠠᠨ ᠠᠴᠠ ᠪᠤᠯᠵᠤ ᠵᠠᠰᠠᠭ ᠤᠨ ᠣᠷᠳᠣᠨ ᠤ ᠲᠦᠷᠢᠮ ᠲᠣᠭᠲᠠᠭᠠᠯ ᠳᠤ ᠵᠠᠰᠠᠪᠤᠷᠢ ᠣᠷᠣᠭᠤᠯᠬᠤ ᠴᠢᠬᠤᠯᠠᠲᠠᠢ ᠪᠣᠯ᠂ ᠬᠠᠤᠯᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠬᠢᠬᠦ ᠦᠭᠡᠢ ᠪᠠᠶᠢᠵᠤ ᠪᠣᠯᠤᠨ᠎ᠠ᠃      ᠳᠥᠴᠢᠨ ᠨᠢᠭᠡᠳᠦᠭᠡᠷ ᠵᠦᠢᠯ ᠬᠠᠤᠯᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠳᠤ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠬᠠᠤᠯᠢ ᠲᠣᠭᠲᠠᠭᠠᠬᠤ ᠶᠠᠰᠤ ᠴᠢᠨᠠᠷ᠂ ᠬᠡᠷᠡᠭᠵᠢᠭᠦᠯᠬᠦ ᠦᠷ᠎ᠡ ᠠᠰᠢᠭ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠨᠥᠯᠥᠭᠡ ᠵᠡᠷᠭᠡ ᠳᠤ ᠪᠠᠶᠢᠴᠠᠭᠠᠯᠲᠠ ᠪᠠ ᠦᠨᠡᠯᠡᠯᠲᠡ ᠬᠢᠵᠦ᠂ ᠦᠷᠭᠦᠯᠵᠢᠯᠡᠨ ᠬᠡᠷᠡᠭᠵᠢᠭᠦᠯᠬᠦ᠂ ᠵᠠᠰᠠᠪᠤᠷᠢ ᠣᠷᠣᠭᠤᠯᠬᠤ ᠪᠤᠶᠤ ᠬᠦᠴᠦᠨ ᠦᠭᠡᠢ ᠪᠣᠯᠭᠠᠬᠤ ᠰᠠᠨᠠᠭᠤᠯᠭ᠎ᠠ ᠳᠤᠷᠠᠳᠴᠤ᠂ ᠬᠠᠤᠯᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠭᠰᠡᠨ ᠮᠡᠳᠡᠭᠦᠯᠦᠯᠲᠡ ᠶᠢ ᠪᠦᠷᠢᠯᠳᠦᠭᠦᠯᠬᠦ ᠬᠡᠷᠡᠭᠲᠡᠶ᠃ ᠦᠨᠡᠯᠡᠨ ᠵᠢᠱᠢᠭᠰᠡᠨ ᠦᠷ᠎ᠡ ᠳ᠋ᠦᠩ ᠢ ᠵᠠᠰᠠᠭ ᠤᠨ ᠣᠷᠳᠣᠨ ᠤ ᠬᠠᠮᠢᠶ᠎ᠠ ᠪᠦᠬᠦᠢ ᠲᠦᠷᠢᠮ ᠲᠣᠭᠲᠠᠭᠠᠯ ᠳᠤ ᠵᠠᠰᠠᠪᠤᠷᠢ ᠣᠷᠣᠭᠤᠯᠬᠤ᠂ ᠲᠡᠭᠦᠨ ᠢ ᠬᠦᠴᠦᠨ ᠦᠭᠡᠢ ᠪᠣᠯᠭᠠᠬᠤ ᠶᠢᠨ ᠴᠢᠬᠤᠯᠠ ᠯᠠᠪᠯᠠᠯᠲᠠ ᠪᠣᠯᠭᠠᠨ᠎ᠠ᠃      ᠳᠥᠴᠢᠨ ᠬᠤᠶᠠᠳᠤᠭᠠᠷ ᠵᠦᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠵᠢᠴᠢ ᠳᠡᠭᠡᠳᠦ ᠪᠠᠶᠢᠷᠢ ᠶᠢᠨ ᠬᠠᠤᠯᠢ ᠶᠢ ᠲᠣᠭᠲᠠᠭᠠᠭᠰᠠᠨ᠂ ᠵᠠᠰᠠᠪᠤᠷᠢ ᠣᠷᠣᠭᠤᠯᠤᠭᠰᠠᠨ᠂ ᠬᠦᠴᠦᠨ ᠦᠭᠡᠢ ᠪᠣᠯᠭᠠᠭᠰᠠᠨ ᠪᠠᠶᠢᠳᠠᠯ ᠢ ᠦᠨᠳᠦᠰᠦᠯᠡᠨ᠂ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠡᠮᠬᠢᠯᠡᠨ ᠲᠢᠭᠯᠡᠬᠦ ᠠᠵᠢᠯ ᠢ ᠴᠠᠭ ᠲᠤᠬᠠᠶ ᠳᠤᠨᠢ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠶ᠃      ᠳᠥᠴᠢᠨ ᠭᠤᠷᠪᠠᠳᠤᠭᠠᠷ ᠵᠦᠢᠯ ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠪᠠ ᠵᠠᠰᠠᠭ ᠤᠨ ᠣᠷᠳᠣᠨ ᠤ ᠲᠦᠷᠢᠮ ᠲᠣᠭᠲᠠᠭᠠᠯ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠬᠡᠷᠡᠭᠵᠢᠭᠦᠯᠬᠦ ᠪᠠᠶᠢᠭᠤᠯᠭ᠎ᠠ ᠪᠤᠶᠤ ᠬᠤᠳᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠴᠠᠭ ᠲᠤᠬᠠᠢ ᠳᠤᠨᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠳᠤ ᠵᠠᠰᠠᠪᠤᠷᠢ ᠣᠷᠣᠭᠤᠯᠬᠤ ᠪᠤᠶᠤ ᠬᠦᠴᠦᠨ ᠦᠭᠡᠢ ᠪᠣᠯᠭᠠᠬᠤ ᠰᠠᠨᠠᠭᠤᠯᠭ᠎ᠠ ᠳᠤᠷᠠᠳᠬᠤ ᠬᠡᠷᠡᠭᠲᠡᠢ᠄      ︵ᠨᠢᠭᠡ︶ ᠰᠢᠨ᠎ᠡ ᠪᠠᠷ ᠲᠣᠭᠲᠠᠭᠠᠭᠰᠠᠨ ᠳᠡᠭᠡᠳᠦ ᠪᠠᠶᠢᠷᠢ ᠶᠢᠨ ᠬᠠᠤᠯᠢ ᠪᠤᠶᠤ ᠤᠯᠤᠰ ᠤᠨ ᠬᠠᠮᠢᠶ᠎ᠠ ᠪᠦᠬᠦᠢ ᠲᠣᠭᠲᠠᠭᠠᠯ ᠲᠠᠢ ᠬᠠᠷᠰᠢᠯᠳᠤᠭᠰᠠᠨ︔      ︵ᠬᠤᠶᠠᠷ︶ ᠦᠨᠳᠦᠰᠦᠯᠡᠯ ᠪᠣᠯᠭᠠᠭᠰᠠᠨ ᠳᠡᠭᠡᠳᠦ ᠪᠠᠶᠢᠷᠢ ᠶᠢᠨ ᠬᠠᠤᠯᠢ ᠳᠤ ᠨᠢᠭᠡᠨᠲᠡ ᠵᠠᠰᠠᠪᠤᠷᠢ ᠣᠷᠣᠭᠤᠯᠤᠭᠰᠠᠨ ᠪᠤᠶᠤ ᠬᠦᠴᠦᠨ ᠦᠭᠡᠢ ᠪᠣᠯᠭᠠᠭᠰᠠᠨ︔      ︵ᠭᠤᠷᠪᠠ︶ ᠨᠢᠭᠡᠨᠲᠡ ᠰᠢᠨ᠎ᠡ ᠪᠠᠷ ᠨᠡᠶᠢᠲᠡᠯᠡᠭᠰᠡᠨ ᠬᠠᠤᠯᠢ ᠴᠠᠭᠠᠵᠠ᠂ ᠬᠠᠤᠯᠢ ᠳᠦᠷᠢᠮ᠂ ᠲᠦᠷᠢᠮ ᠲᠣᠭᠲᠠᠭᠠᠯ ᠢᠶᠠᠷ ᠣᠷᠣᠯᠠᠭᠳᠠᠭᠰᠠᠨ︔      ︵ᠲᠦᠷᠪᠡ︶ ᠲᠤᠬᠢᠷᠡᠭᠤᠯᠦᠯᠳᠠ ᠬᠢᠭᠰᠡᠨ ᠡᠲᠡᠭᠡᠳ ᠨᠢ ᠨᠢᠭᠡᠨᠲᠡ ᠦᠭᠡᠢ ᠪᠣᠯᠣᠭᠰᠠᠨ ᠪᠤᠶᠤ ᠬᠤᠪᠢᠷᠠᠯᠲᠠ ᠭᠠᠷᠤᠭᠰᠠᠨ︔      ︵ᠲᠠᠪᠤ︶ ᠬᠡᠷᠡᠭᠵᠢᠭᠦᠯᠬᠦ ᠭᠤᠣᠯ ᠴᠣᠭᠴᠠ ᠳᠤ ᠬᠤᠪᠢᠷᠠᠯᠲᠠ ᠭᠠᠷᠤᠭᠰᠠᠨ︔      ︵ᠵᠢᠷᠭᠤᠭ᠎ᠠ︶ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠬᠤ ᠦᠭᠡᠢ ᠪᠣᠯᠣᠭᠰᠠᠨ︔      ︵ᠲᠤᠯᠤᠭ᠎ᠠ︶ ᠵᠠᠰᠠᠪᠤᠷᠢ ᠣᠷᠣᠭᠤᠯᠬᠤ ᠪᠤᠶᠤ ᠬᠦᠴᠦᠨ ᠥᠭᠡᠢ ᠪᠣᠯᠭᠠᠬᠤ ᠴᠢᠬᠤᠯᠠ ᠲᠠᠢ ᠪᠤᠰᠤᠳ ᠪᠠᠶᠢᠳᠠᠯ      ᠳᠣᠯᠣᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ      ᠳᠥᠴᠢᠨ ᠳᠥᠷᠪᠡᠳᠦᠭᠡᠷ ᠵᠦᠢᠯ ᠵᠠᠰᠠᠭ ᠤᠨ ᠣᠷᠳᠣᠨ ᠤ ᠳᠦᠷᠢᠮ ᠲᠣᠭᠲᠠᠭᠠᠯ ᠳᠤ ᠵᠠᠰᠠᠪᠤᠷᠢ ᠣᠷᠣᠭᠤᠯᠬᠤ ᠪᠤᠶᠤ ᠲᠡᠭᠦᠨ ᠢ ᠬᠦᠴᠦᠨ ᠦᠭᠡᠶ ᠪᠣᠯᠭᠠᠬᠤ ᠳᠠᠷᠠᠭᠠᠯᠠᠯ ᠲᠤᠰ ᠠᠷᠭ᠎ᠠ ᠶᠢᠨ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠣᠭᠲᠠᠭᠠᠬᠤ ᠳᠠᠷᠠᠭᠠᠯᠠᠯ ᠤᠨ ᠬᠤᠯᠪᠣᠭᠳᠠᠯ ᠪᠦᠬᠦᠢ ᠲᠣᠭᠲᠠᠭᠠᠯ ᠢ ᠵᠢᠷᠤᠮᠯᠠᠨ᠎ᠠ᠃      ᠳᠥᠴᠢᠨ ᠲᠠᠪᠤᠳᠤᠭᠠᠷ ᠵᠦᠢᠯ ᠲᠤᠰ ᠲᠣᠭᠲᠠᠭᠠᠯ ᠢ 2021 ᠣᠨ ᠤ 9 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号