12 ᠳ᠋ᠤᠭᠠᠷ ᠰᠠᠷ᠎ᠠ ᠶᠢᠨ 6 ᠤ ᠡᠳᠦᠷ ᠤᠨ 24 ᠴᠠᠭ ᠪᠣᠯᠳᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2021/12/7
     2021 ᠣᠨ ᠤ 12 ᠳ᠋ᠤᠭᠠᠷ ᠰᠠᠷ᠎ᠠ ᠶᠢᠨ 6 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠳᠤ ᠰᠡᠵᠢᠭᠯᠡᠯᠲᠡᠶ ᠡᠪᠡᠳᠴᠢᠨ ᠤ ᠵᠢᠱᠢᠶ᠎ᠡ ᠰᠢᠨ᠎ᠡ ᠪᠠᠷ ᠨᠡᠮᠡᠭᠳᠡᠭᠰᠡᠨ ᠥᠬᠡᠶ᠂ ᠣᠷᠤᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 55 ︵ᠴᠥᠮ ᠬᠥᠯᠥᠨ ᠪᠤᠶᠢᠷ ᠤᠨ ᠮᠠᠨᠵᠤᠤᠷ ᠬᠤᠲᠠ ᠳᠤ︶ ᠨᠡᠮᠡᠭᠳᠡᠪᠡ᠂ ᠡᠭᠦᠨ ᠳᠤ 2 ᠨᠢ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠣᠯᠠᠭᠰᠠᠨ ᠡᠪᠡᠳᠴᠢᠨ ᠤ ᠵᠢᠱᠢᠶ᠎ᠡ ᠪᠠᠷ ᠤᠯᠠᠷᠢᠪᠠ ︵ᠴᠥᠮ ᠬᠥᠯᠥᠨ ᠪᠤᠶᠢᠷ ᠤᠨ ᠮᠠᠨᠵᠤᠤᠷ ᠬᠤᠲᠠ ᠳᠤ︶᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ︵ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠳᠤ︶ ᠨᠡᠮᠡᠭᠳᠡᠪᠡ᠃ ᠰᠢᠨ᠎ᠡ ᠪᠠᠷ ᠨᠡᠮᠡᠭᠳᠡᠭᠰᠡᠨ ᠲᠤᠳᠤᠯᠠᠭᠰᠠᠨ ᠡᠪᠡᠳᠴᠢᠨ ᠤ ᠵᠢᠱᠢᠶ᠎ᠡ ᠪᠠ  ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠶᠢᠨ ᠪᠣᠳᠠᠲᠠᠶ ᠪᠠᠶᠢᠳᠠᠯ ᠨᠢ ᠳᠣᠤᠷᠠᠬᠢ ᠮᠡᠲᠦ᠄      ᠡᠪᠡᠳᠴᠢᠨ ᠤ ᠵᠢᠱᠢᠶ᠎ᠡ 359 ᠠᠴᠠ 360᠄ ᠮᠠᠨᠵᠤᠤᠷ ᠬᠤᠲᠠ ᠶᠢᠨ 12 ᠳ᠋ᠤᠭᠠᠷ ᠰᠠᠷ᠎ᠠ ᠶᠢᠨ 5 ᠤ ᠡᠳᠦᠷ ᠣᠨᠣᠰᠢᠯᠠᠭᠰᠠᠨ  ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠵᠢᠱᠢᠶ᠎ᠡ ᠪᠠᠷ ᠤᠯᠠᠷᠢᠪᠠ᠃      ᠡᠪᠡᠳᠴᠢᠨ ᠤ ᠵᠢᠱᠢᠶ᠎ᠡ 361 ᠠᠴᠠ 372᠄ ᠴᠥᠮ ᠮᠠᠨᠵᠤᠤᠷ ᠬᠤᠲᠠ ᠶᠢᠨ ᠪᠢᠲᠡᠭᠦᠮᠵᠢᠯᠡᠨ ᠡᠵᠡᠮᠳᠡᠵᠦ ᠪᠠᠶᠢᠭ᠎ᠠ ᠣᠷᠣᠨ ᠳᠣᠲᠣᠷᠠᠬᠢ ᠬᠥᠮᠥᠰ ᠤᠨ ᠪᠥᠭᠡᠮ ᠬᠦᠴᠢᠯ ᠤᠨ ᠰᠢᠭᠰᠢᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠠᠮᠳᠤ ᠶᠢᠨ ᠣᠨᠤᠰᠢᠯᠠᠯᠲᠠ ᠪᠠᠷ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠪᠠᠷ ᠣᠨᠤᠰᠢᠯᠠᠪᠠ᠃      ᠡᠪᠡᠳᠴᠢᠨ ᠤ ᠵᠢᠱᠢᠶ᠎ᠡ 373 ᠠᠴᠠ 405᠄ ᠴᠥᠮ ᠮᠠᠨᠵᠤᠤᠷ ᠬᠤᠲᠠ ᠶᠢᠨ ᠲᠥᠪᠯᠡᠷᠡᠭᠦᠯᠦᠨ ᠲᠤᠰᠠᠭᠠᠷᠯᠠᠬᠤ ᠬᠤᠭᠤᠴᠠᠭᠠᠨ ᠳᠠᠬᠢ ᠪᠥᠭᠡᠮ ᠬᠦᠴᠢᠯ ᠤᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠠᠮᠳᠤ ᠶᠢᠨ ᠣᠨᠤᠰᠢᠯᠠᠯᠲᠠ ᠪᠠᠷ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠪᠠᠷ ᠣᠨᠤᠰᠢᠯᠠᠪᠠ᠃      ᠡᠪᠡᠳᠴᠢᠨ ᠤ ᠵᠢᠱᠢᠶ᠎ᠡ 406᠄ ᠮᠠᠨᠵᠤᠤᠷ ᠬᠤᠲᠠ ᠠᠴᠠ ᠭᠤᠣᠯᠳᠠᠯᠭ᠎ᠠ ᠲᠠᠢ ᠬᠥᠮᠥᠰ ᠲᠤ ᠬᠢᠭᠰᠡᠨ ᠪᠥᠭᠡᠮ ᠬᠦᠴᠢᠯ ᠤᠨ ᠰᠢᠭᠰᠢᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠠᠮᠳᠤ ᠶᠢᠨ ᠣᠨᠤᠰᠢᠯᠠᠯᠲᠠ ᠪᠠᠷ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠪᠠᠷ ᠣᠨᠤᠰᠢᠯᠠᠪᠠ᠃      ᠡᠪᠡᠳᠴᠢᠨ ᠤ ᠵᠢᠱᠢᠶ᠎ᠡ 407 ᠠᠴᠠ 413᠄ ᠴᠥᠮ ᠮᠠᠨᠵᠤᠤᠷ ᠬᠤᠲᠠ ᠶᠢᠨ ᠭᠡᠷ ᠲᠡᠭᠡᠨ ᠲᠤᠰᠠᠭᠠᠷᠯᠠᠵᠤ ᠪᠠᠶᠢᠭ᠎ᠠ ᠬᠥᠮᠥᠰ ᠲᠤ ᠬᠢᠭᠰᠡᠨ ᠪᠥᠭᠡᠮ ᠬᠦᠴᠢᠯ ᠤᠨ ᠰᠢᠭᠰᠢᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠠᠮᠳᠤ ᠶᠢᠨ ᠣᠨᠤᠰᠢᠯᠠᠯᠲᠠ ᠪᠠᠷ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠪᠠᠷ ᠣᠨᠤᠰᠢᠯᠠᠪᠠ᠃       ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1᠄ ᠰᠢᠨ᠎ᠡ ᠪᠠᠷᠭᠤ ᠪᠠᠷᠠᠭᠤᠨ ᠬᠤᠰᠢᠭᠤᠨ ᠤ ᠲᠥᠪᠯᠡᠷᠡᠭᠦᠯᠦᠨ ᠲᠤᠰᠠᠭᠠᠷᠯᠠᠬᠤ ᠬᠤᠭᠤᠴᠠᠭᠠᠨ ᠳᠠᠬᠢ ᠪᠥᠭᠡᠮ ᠬᠦᠴᠢᠯ ᠤᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠠᠮᠳᠤ ᠶᠢᠨ ᠣᠨᠤᠰᠢᠯᠠᠯᠲᠠ ᠪᠠᠷ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠪᠠᠷ ᠣᠨᠤᠰᠢᠯᠠᠪᠠ᠃      ᠣᠳᠣᠬᠠᠨ ᠳᠤ᠂ ᠳᠡᠭᠡᠷ᠎ᠡ ᠳᠤᠷᠠᠳᠤᠭᠰᠠᠨ ᠬᠥᠮᠦᠰ ᠢ ᠨᠢᠭᠡᠨᠲᠡ ᠲᠤᠭᠲᠠᠭᠰᠠᠨ ᠡᠮᠨᠡᠯᠭᠡ ᠶᠢᠨ ᠬᠤᠷᠢᠶᠠᠨ ᠳᠤ ᠰᠢᠯᠵᠢᠭᠦᠯᠦᠨ ᠬᠦᠷᠭᠡᠵᠦ ᠲᠤᠰᠠᠭᠠᠷᠯᠠᠨ ᠡᠮᠴᠢᠯᠡᠵᠦ᠂ ᠬᠤᠯᠪᠣᠭᠳᠠᠯ ᠪᠦᠬᠦᠢ ᠲᠠᠬᠤᠯ ᠡᠪᠡᠳᠴᠢᠨ ᠤ ᠪᠠᠶᠢᠴᠠᠭᠠᠯᠲᠠ᠂ ᠵᠢᠭᠰᠠᠭᠠᠨ ᠪᠠᠶᠢᠴᠠᠭᠠᠬᠤ ᠵᠡᠷᠭᠡ ᠠᠵᠢᠯ ᠢ ᠶᠠᠭ ᠬᠢᠵᠦ ᠪᠠᠶᠢᠨ᠎ᠠ᠃      2021 ᠣᠨ ᠤ 12 ᠳ᠋ᠤᠭᠠᠷ ᠰᠠᠷ᠎ᠠ ᠶᠢᠨ 6 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠤᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 415 ︵ᠡᠭᠦᠨ ᠳᠤ ᠂ ᠬᠥᠯᠥᠨ ᠪᠣᠶᠢᠷ ᠤᠨ ᠮᠠᠨᠵᠤᠤᠷ ᠬᠤᠲᠠ ᠳᠤ 377᠂ ᠵᠠᠯᠠᠶᠢᠨᠠᠭᠤᠷ ᠲᠣᠭᠤᠷᠢᠭ ᠲᠤ 32᠂ ᠰᠢᠨ᠎ᠡ ᠪᠠᠷᠭᠤ ᠪᠠᠷᠠᠭᠤᠨ ᠬᠤᠰᠢᠭᠤᠨ ᠳᠤ 4᠂ ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠲᠤ ᠮᠠᠨᠵᠤᠤᠷ ᠬᠤᠲᠠ ᠲᠠᠢ ᠬᠤᠯᠪᠣᠭᠳᠠᠭᠰᠠᠨ ᠲᠣᠳᠤᠯᠠᠭᠰᠠᠨ ᠡᠪᠡᠳᠴᠢᠨ ᠤ ᠵᠢᠱᠢᠶ᠎ᠡ 2︶᠂ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠳᠠᠭᠴᠢ 1 ︵ᠬᠥᠯᠥᠨ ᠪᠣᠶᠢᠷ ᠬᠤᠲᠠ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠳᠤ︶ ᠪᠠᠶᠢᠵᠤ᠂ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃ ︵ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠰᠦᠯᠵᠢᠶ᠎ᠡ︶
 
ᠢᠷᠡᠯᠲᠡ᠄ ᠥᠪᠥᠷ ᠮᠣᠩᠭᠤᠯ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号