12 ᠳ᠋ᠤᠭᠠᠷ ᠰᠠᠷ᠎ᠠ ᠶᠢᠨ 7 ᠤ ᠡᠳᠦᠷ ᠤᠨ 0 — 24 ᠴᠠᠭ ᠪᠣᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠳᠤ ᠰᠡᠵᠢᠭᠯᠡᠯᠲᠡᠶ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠥᠬᠡᠶ | ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠥᠬᠡᠶ᠂ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ | ᠵᠢᠱᠢᠶ᠎ᠡ 34 ︵ᠬᠥᠯᠥᠨ ᠪᠤᠶᠢᠷ ᠤᠨ ᠮᠠᠨᠵᠤᠤᠷ ᠬᠤᠲᠠ ᠳᠤ 32᠂ ᠰᠢᠨ᠎ᠡ ᠪᠠᠷᠭᠤ ᠪᠠᠷᠠᠭᠤᠨ ᠬᠤᠰᠢᠭᠤᠨ ᠳᠤ 2︶ | ᠰᠢᠨ᠎ᠡ ᠪᠠᠷ ᠨᠡᠮᠡᠭᠳᠡᠵᠡᠶ᠂ ᠡᠭᠦᠨ ᠳᠤ 1 ᠨᠢ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ | ᠲᠣᠳᠤᠯᠠᠭᠰᠠᠨ ᠡᠪᠡᠳᠴᠢᠨ ᠤ ᠵᠢᠱᠢᠶ᠎ᠡ ᠪᠠᠷ ᠤᠯᠠᠷᠢᠪᠠ ︵ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠪᠠᠷᠠᠭᠤᠨ | ᠬᠤᠩᠰᠢᠭᠤᠨ ᠳᠤ︶᠃ ᠰᠢᠨ᠎ᠡ ᠪᠠᠷ ᠨᠡᠮᠡᠭᠳᠡᠭᠰᠡᠨ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠶᠢᠨ | ᠪᠣᠳᠠᠲᠠᠶ ᠪᠠᠶᠢᠳᠠᠯ ᠨᠢ ᠳᠣᠤᠷᠠᠬᠢ ᠮᠡᠲᠦ᠄ | ᠲᠣᠳᠤᠯᠠᠭᠰᠠᠨ ᠡᠪᠡᠳᠴᠢᠨ ᠤ ᠵᠢᠱᠢᠶ᠎ᠡ 414᠄ ᠰᠢᠨ᠎ᠡ ᠪᠠᠷᠭᠤ ᠪᠠᠷᠠᠭᠤᠨ ᠬᠤᠰᠢᠭᠤᠨ ᠤ 12 ᠳ᠋ᠤᠭᠠᠷ | ᠰᠠᠷ᠎ᠠ ᠶᠢᠨ 6 ᠤ ᠡᠳᠦᠷ ᠣᠨᠣᠰᠢᠯᠠᠭᠰᠠᠨ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠳᠠᠭᠴᠢ ᠠᠴᠠ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠵᠢᠱᠢᠶ᠎ᠡ ᠪᠠᠷ ᠤᠯᠠᠷᠢᠪᠠ᠃ | ᠲᠣᠳᠤᠯᠠᠭᠰᠠᠨ ᠡᠪᠡᠳᠴᠢᠨ ᠤ ᠵᠢᠱᠢᠶ᠎ᠡ 415 ᠠᠴᠠ 418᠄ ᠴᠥᠮ ᠮᠠᠨᠵᠤᠤᠷ ᠬᠤᠲᠠ ᠶᠢᠨ ᠪᠢᠲᠡᠭᠦᠮᠵᠢᠯᠡᠨ | ᠡᠵᠡᠮᠳᠡᠵᠦ ᠪᠠᠶᠢᠭ᠎ᠠ ᠣᠷᠣᠨ ᠳᠤᠲᠤᠷᠠᠬᠢ ᠬᠥᠮᠦᠰ ᠤᠨ ᠪᠥᠭᠡᠮ ᠬᠦᠴᠢᠯ ᠤᠨ ᠰᠢᠭᠰᠢᠨ ᠪᠠᠶᠢᠴᠠᠭᠠᠯᠲᠠ ᠳᠤ ᠠᠷᠭ᠎ᠠ | ᠴᠢᠨᠠᠷ ᠢᠯᠡᠷᠡᠵᠦ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠠᠮᠲᠤ ᠶᠢᠨ ᠣᠨᠤᠰᠢᠯᠠᠯᠲᠠ ᠪᠠᠷ ᠰᠢᠨ᠎ᠡ | ᠲᠢᠲᠢᠮᠯᠢᠭ ᠠᠭᠤᠰᠬᠢᠨ ᠥᠷᠪᠢᠰᠦᠯ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠪᠠᠷ ᠣᠨᠤᠰᠢᠯᠠᠪᠠ᠃ | ᠲᠣᠳᠤᠯᠠᠭᠰᠠᠨ ᠡᠪᠡᠳᠴᠢᠨ ᠤ ᠵᠢᠱᠢᠶ᠎ᠡ 419 ᠠᠴᠠ 443᠄ ᠴᠥᠮ ᠮᠠᠨᠵᠤᠤᠷ ᠬᠤᠲᠠ ᠶᠢᠨ | ᠲᠥᠪᠯᠡᠷᠡᠭᠦᠯᠦᠨ ᠲᠤᠰᠠᠭᠠᠷᠯᠠᠬᠤ ᠬᠤᠭᠤᠴᠠᠭᠠᠨ ᠳᠠᠬᠢ ᠪᠥᠭᠡᠮ ᠬᠦᠴᠢᠯ ᠤᠨ ᠪᠠᠶᠢᠴᠠᠭᠠᠯᠲᠠ ᠳᠤ ᠠᠷᠭ᠎ᠠ ᠴᠢᠨᠠᠷ | ᠢᠯᠡᠷᠡᠵᠦ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠠᠮᠲᠤ ᠶᠢᠨ ᠣᠨᠤᠰᠢᠯᠠᠯᠲᠠ ᠪᠠᠷ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠪᠠᠷ ᠣᠨᠤᠰᠢᠯᠠᠪᠠ᠃ | ᠲᠣᠳᠤᠯᠠᠭᠰᠠᠨ ᠡᠪᠡᠳᠴᠢᠨ ᠤ ᠵᠢᠱᠢᠶ᠎ᠡ 444 ᠠᠴᠠ 446᠄ ᠴᠥᠮ ᠮᠠᠨᠵᠤᠤᠷ ᠬᠤᠲᠠ ᠶᠢᠨ ᠬᠢᠨ | ᠬᠡᠷ ᠲᠡᠭᠡᠨ ᠲᠤᠰᠠᠭᠠᠷᠯᠠᠵᠤ ᠪᠠᠶᠢᠭ᠎ᠠ ᠬᠥᠮᠦᠰ ᠤᠨ ᠪᠥᠭᠡᠮ ᠬᠦᠴᠢᠯ ᠤᠨ ᠰᠢᠭᠰᠢᠨ ᠪᠠᠶᠢᠴᠠᠭᠠᠯᠲᠠ ᠳᠤ ᠠᠷᠭ᠎ᠠ ᠴᠢᠨᠠᠷ | ᠢᠯᠡᠷᠡᠵᠦ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠠᠮᠲᠤ ᠶᠢᠨ ᠣᠨᠤᠰᠢᠯᠠᠯᠲᠠ ᠪᠠᠷ ᠰᠢᠨ᠎ᠡ ᠲᠢᠲᠢᠮᠯᠢᠭ | ᠠᠭᠤᠰᠬᠢᠨ ᠥᠷᠪᠢᠰᠦᠯ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠪᠠᠷ ᠣᠨᠤᠰᠢᠯᠠᠪᠠ᠃ | ᠲᠣᠳᠤᠯᠠᠭᠰᠠᠨ ᠡᠪᠡᠳᠴᠢᠨ ᠤ ᠵᠢᠱᠢᠶ᠎ᠡ 447᠄ ᠰᠢᠨ᠎ᠡ ᠪᠠᠷᠭᠤ ᠪᠠᠷᠠᠭᠤᠨ ᠬᠤᠰᠢᠭᠤᠨ ᠤ ᠲᠥᠪᠯᠡᠷᠡᠭᠦᠯᠦᠨ | ᠲᠤᠰᠠᠭᠠᠷᠯᠠᠬᠤ ᠬᠤᠭᠤᠴᠠᠭᠠᠨ ᠳᠠᠬᠢ ᠪᠥᠭᠡᠮ ᠬᠦᠴᠢᠯ ᠤᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ ᠲᠤᠰᠬᠠᠶ | ᠮᠡᠷᠭᠡᠵᠢᠯᠲᠡᠨ ᠤ ᠳᠤᠭᠤᠶᠢᠯᠠᠩ ᠤᠨ ᠬᠠᠮᠲᠣ ᠶᠢᠨ ᠣᠨᠤᠰᠢᠯᠠᠯᠲᠠ ᠪᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠲᠣᠳᠤᠯᠠᠭᠰᠠᠨ ᠡᠪᠡᠳᠴᠢᠨ ᠤ ᠵᠢᠱᠢᠶ᠎ᠡ ᠪᠠᠷ ᠣᠨᠤᠰᠢᠯᠠᠪᠠ᠃ | ᠣᠳᠣᠬᠠᠨ ᠳᠤ᠂ ᠳᠡᠭᠡᠷ᠎ᠡ ᠳᠤᠷᠠᠳᠤᠭᠰᠠᠨ ᠬᠥᠮᠦᠰ ᠢ ᠴᠥᠮ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ | ᠰᠢᠯᠵᠢᠭᠦᠯᠦᠨ ᠬᠦᠷᠭᠡᠵᠦ ᠲᠤᠰᠠᠭᠠᠷᠯᠠᠨ ᠡᠮᠴᠢᠯᠡᠵᠦ ᠪᠠᠶᠢᠨ᠎ᠠ᠂ ᠬᠤᠯᠪᠣᠭᠳᠠᠯ ᠪᠥᠬᠦᠶ ᠲᠠᠬᠤᠯ ᠡᠪᠡᠳᠴᠢᠨ ᠤ | ᠪᠠᠶᠢᠴᠠᠭᠠᠯᠲᠠ᠂ ᠵᠢᠭᠰᠠᠭᠠᠨ ᠪᠠᠶᠢᠴᠠᠭᠠᠬᠤ ᠵᠡᠷᠭᠡ ᠠᠵᠢᠯ ᠮᠥᠨ ᠬᠦ ᠶᠠᠪᠤᠭᠳᠠᠵᠤ ᠪᠠᠶᠢᠨ᠎ᠠ᠃ | 12 ᠳ᠋ᠤᠭᠠᠷ ᠰᠠᠷ᠎ᠠ ᠶᠢᠨ 7 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 449 ︵ᠬᠥᠯᠥᠨ ᠪᠤᠶᠢᠷ ᠤᠨ | ᠮᠠᠨᠵᠤᠤᠷ ᠬᠤᠲᠠ ᠳᠤ 409᠂ ᠵᠠᠯᠠᠶᠢᠨᠠᠭᠤᠷ ᠲᠣᠭᠤᠷᠢᠭ ᠲᠤ 32᠂ ᠰᠢᠨ᠎ᠡ ᠪᠠᠷᠭᠤ ᠪᠠᠷᠠᠭᠤᠨ ᠬᠤᠰᠢᠭᠤᠨ ᠳᠤ 6 | ᠪᠣᠶ︔ ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠲᠤ ᠮᠠᠨᠵᠤᠤᠷ ᠬᠤᠲᠠ ᠲᠠᠢ ᠬᠤᠯᠪᠤᠭᠳᠠᠭᠰᠠᠨ | ᠲᠣᠳᠤᠯᠠᠭᠰᠠᠨ ᠡᠪᠡᠳᠴᠢᠨ ᠤ ᠵᠢᠱᠢᠶ᠎ᠡ 2 ᠪᠣᠶ︶ ᠪᠠᠶᠢᠵᠤ᠂ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ | ᠲᠤᠰᠠᠭᠠᠷᠯᠠᠨ ᠡᠮᠴᠢᠯᠡᠵᠦ᠂ ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ | ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ | ᠃(ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ | ᠵᠦᠪᠯᠡᠯ ᠤᠨ ᠠᠯᠪᠠᠨ ᠰᠦᠯᠵᠢᠶ᠎ᠡ︶ |