ᠶᠦᠨ ᠬᠠᠶ ᠨᠢᠭᠡᠳᠦᠭᠡᠷ ᠲᠣᠬᠤᠨᠢᠭᠤᠯᠬᠤ ᠳᠤᠭᠤᠶᠢᠯᠠᠩ ᠢ ᠳᠠᠭᠠᠭᠤᠯᠤᠨ ᠴᠠᠭᠠᠨ ᠰᠠᠷ᠎ᠠ ᠠᠴᠠ ᠡᠮᠦᠨ᠎ᠡ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/2/1
     1 ᠰᠠᠷ᠎ᠠ ᠶᠢᠨ 27   ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ  ᠤ ᠨᠠᠮ ᠤᠨ ᠬᠤᠷᠢᠶᠠᠨ ᠤ ᠱᠦᠵᠢ ᠶᠦᠨ ᠬᠠᠶ ᠴᠠᠭᠠᠨ ᠰᠠᠷ᠎ᠠ ᠶᠢᠨ ᠨᠢᠭᠡᠳᠦᠭᠡᠷ ᠲᠣᠬᠤᠨᠢᠭᠤᠯᠬᠤ ᠳᠤᠭᠤᠶᠢᠯᠠᠩ ᠢ ᠳᠠᠭᠠᠭᠤᠯᠤᠨ᠂ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠬᠡᠷ ᠪᠦᠯᠢ ᠶᠢᠨ ᠬᠢᠨ ᠴᠧᠨ ᠯᠢ ᠰᠢᠶᠠ᠂ ᠣᠨᠴᠠ ᠬᠦᠴᠢᠷᠳᠡᠯᠲᠡᠶ ᠠᠵᠢᠯᠲᠠᠨ ᠸᠠᠩ ᠵᠢᠶᠦ᠋ᠨ᠂ ᠠᠬᠠᠮᠠᠳ ᠺᠠᠳ᠋ᠷ ᠯᠢ ᠺᠠᠶ᠂ ᠣᠨᠴᠠ ᠬᠦᠴᠢᠷᠳᠡᠯᠲᠡᠶ ᠵᠡᠮᠳᠡᠭ ᠬᠥᠮᠦᠨ ᠵᠢᠶᠠ ᠫᠧᠶ ᠢᠤᠢ᠂ ᠬᠥᠳᠡᠯᠮᠦᠷᠢ ᠶᠢᠨ ᠵᠢᠱᠢᠶᠡᠴᠢ ᠢᠤᠢ ᠬᠠᠶ ᠴᠢᠤᠸᠠᠨ᠂ ᠶᠠᠳᠠᠭᠤ ᠬᠦᠴᠢᠷᠳᠡᠯᠲᠡᠶ ᠬᠡᠦᠬᠡᠳ ᠯᠢᠦ ᠰᠢᠤᠢ ᠴᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯᠲᠠᠨ ᠸᠠᠩ ᠯᠢ ᠵᠢᠶᠦ᠋ᠨ ᠢ ᠤᠷᠢᠳ ᠬᠤᠵᠢᠳ ᠪᠣᠯᠭᠤᠭᠠᠨ ᠲᠣᠬᠤᠨᠢᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠫᠧᠩ ᠱᠤᠤ ᠴᠥᠩ ᠪᠠᠷ᠎ᠠ ᠪᠤᠯᠵᠤ ᠲᠣᠬᠤᠨᠢᠭᠤᠯᠪᠠ      ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠭᠡᠷ ᠪᠦᠯᠢ ᠶᠢᠨ ᠬᠢᠨ ᠴᠧᠨ ᠯᠢ ᠰᠢᠶᠠ ᠶᠢᠨ ᠭᠡᠷ ᠲᠤ᠂ ᠶᠦᠨ ᠬᠠᠢ ᠲᠡᠭᠦᠨ ᠳᠤ ᠲᠣᠬᠤᠨᠢᠭᠤᠯᠬᠤ ᠮᠥᠩᠭᠦ ᠪᠣᠯᠤᠨ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠦ᠂ ᠴᠧᠨ ᠯᠢ ᠰᠢᠶᠠ ᠶᠢᠨ ᠣᠳᠣᠬᠠᠨ ᠤ ᠠᠮᠢᠳᠤᠷᠠᠯ ᠤᠨ ᠪᠠᠶᠢᠳᠠᠯ ᠪᠣᠯᠤᠨ ᠬᠡᠦᠬᠡᠳ ᠤᠨ ᠰᠤᠷᠤᠯᠭ᠎ᠠ ᠶᠢᠨ ᠪᠠᠶᠢᠳᠠᠯ ᠢ ᠨᠠᠷᠢᠨ ᠯᠠᠪᠯᠠᠨ ᠠᠰᠠᠭᠤᠭᠰᠠᠨ ᠪᠥᠭᠡᠳ ᠲᠡᠳᠡᠨ ᠢ ᠢᠲᠡᠭᠡᠯ ᠵᠣᠷᠢᠭ ᠢᠶᠠᠨ ᠬᠥᠪᠴᠢᠯᠡᠵᠦ᠂ ᠪᠡᠶ᠎ᠡ ᠪᠠᠨ ᠭᠠᠮᠨᠠᠭᠠᠷᠠᠢ᠂ ᠨᠠᠮ ᠪᠣᠯᠤᠨ ᠵᠠᠰᠠᠭ ᠤᠨ ᠣᠷᠳᠣᠨ ᠤ ᠬᠠᠯᠠᠮᠵᠢᠯᠠᠯ ᠪᠣᠯᠤᠨ ᠬᠠᠪᠰᠤᠷᠤᠯᠭ᠎ᠠ ᠳᠣᠣᠷ᠎ᠠ᠂ ᠯᠠᠪᠲᠠᠢ ᠬᠦᠴᠢᠷᠳᠡᠯ ᠠᠴᠠ ᠭᠠᠷᠴᠤ ᠰᠠᠶᠢᠨ ᠰᠠᠶᠢᠬᠠᠨ ᠠᠮᠢᠳᠤᠷᠠᠯ ᠢ ᠲᠠᠬᠢᠨ ᠡᠳ᠋ᠯᠡᠨ᠎ᠡ ᠭᠡᠵᠦ ᠵᠣᠷᠢᠭᠵᠢᠭᠤᠯᠪᠠ᠃      ᠸᠠᠩ ᠵᠢᠶᠦ᠋ᠨ᠂ ᠵᠢᠶᠠ ᠫᠸᠢ ᠢᠦ᠋ᠶ ᠶᠢᠨ ᠬᠡᠷ ᠲᠤ᠂ ᠶᠦᠨ ᠬᠠᠶ ᠲᠡᠳᠡᠨ ᠤ ᠬᠡᠷ ᠪᠦᠯᠢ ᠶᠢᠨ ᠪᠠᠶᠢᠳᠠᠯ ᠪᠠ ᠪᠡᠶ᠎ᠡ ᠮᠠᠬᠠᠪᠣᠳ ᠤᠨ ᠪᠠᠶᠢᠳᠠᠯ ᠢ ᠨᠠᠷᠢᠨ ᠣᠶᠢᠯᠠᠭᠠᠭᠰᠠᠨ ᠤ ᠳᠠᠷᠠᠭ᠎ᠠ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ  ᠬᠢᠨ ᠬᠦᠴᠢᠷᠳᠡᠯᠲᠡᠶ ᠣᠯᠠᠨ ᠲᠦᠮᠡᠨ ᠤ ᠬᠡᠷ ᠲᠤ ᠪᠠᠶᠢᠩᠭᠤ ᠭᠦᠨᠵᠡᠭᠡᠶᠢᠷᠡᠵᠦ᠂ ᠲᠡᠳᠡᠨ ᠤ ᠦᠶᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠬᠦᠴᠢᠷᠳᠡᠯᠲᠡᠶ ᠣᠯᠠᠨ ᠲᠦᠮᠡᠨ ᠤ ᠬᠠᠯᠠᠭᠤᠨ ᠳᠤᠯᠠᠭᠠᠨ ᠢ ᠦᠨᠡᠨ ᠬᠦ ᠬᠠᠯᠠᠮᠵᠢᠯᠠᠵᠤ᠂ ᠣᠨᠴᠠᠭᠠᠶ ᠬᠦᠴᠢᠷᠳᠡᠯᠲᠡᠶ ᠬᠡᠷ ᠪᠦᠯᠢ ᠳᠤ ᠨᠠᠩ ᠣᠯᠠᠨ ᠬᠠᠷᠠᠭᠠᠯᠵᠠᠯ ᠦᠵᠡᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠲᠡᠳᠡᠨ ᠤ ᠦᠶᠯᠡᠳᠪᠦᠷᠢᠯᠡᠯ ᠠᠮᠢᠳᠤᠷᠠᠯ ᠤᠨ ᠳᠤᠮᠳᠠᠬᠢ ᠵᠠᠷᠢᠮ ᠬᠦᠴᠢᠷᠳᠡᠯ ᠪᠠ ᠪᠣᠳᠠᠲᠠᠶ ᠠᠰᠠᠭᠤᠳᠠᠯ ᠢ ᠰᠢᠶᠳᠪᠦᠷᠢᠯᠡᠬᠦ ᠬᠡᠷᠡᠭᠲᠡᠶ ᠭᠡᠵᠦ ᠵᠢᠭᠠᠵᠤ ᠭᠠᠷᠭᠠᠪᠠ᠃      ᠶᠠᠳᠠᠭᠤ ᠬᠦᠴᠢᠷᠳᠡᠯᠲᠡᠢ ᠬᠡᠦᠬᠡᠳ ᠯᠢᠦ ᠰᠢᠤᠢ ᠴᠢᠨ ᠤ ᠭᠡᠷ ᠲᠤ᠂ ᠶᠦᠨ ᠬᠠᠢ ᠲᠡᠳᠡᠨ ᠲᠠᠢ ᠳᠣᠲᠣᠨᠣ ᠪᠠᠷ ᠶᠠᠷᠢᠯᠴᠠᠵᠤ ᠯᠢᠦ ᠰᠢᠤᠢ ᠴᠢᠨ ᠤ ᠰᠤᠷᠤᠯᠭ᠎ᠠ ᠠᠮᠢᠳᠤᠷᠠᠯ ᠤᠨ ᠪᠠᠶᠢᠳᠠᠯ ᠢ ᠣᠶᠢᠯᠠᠭᠠᠪᠠ᠂ ᠶᠦᠨ ᠬᠠᠢ ᠯᠢᠦ ᠰᠢᠤᠢ ᠴᠢᠨ ᠰᠤᠷᠤᠯᠭ᠎ᠠ ᠠᠮᠢᠳᠤᠷᠠᠯ ᠤᠨ ᠳᠤᠮᠳᠠᠬᠢ ᠬᠦᠴᠢᠷᠳᠡᠯ ᠪᠠ ᠠᠰᠠᠭᠤᠳᠠᠯ ᠳᠤ ᠵᠥᠪ ᠬᠠᠨᠳᠤᠵᠤ᠂ ᠰᠢᠨ᠎ᠡ ᠮᠡᠳᠡᠯᠭᠡ  ᠶᠢ ᠰᠠᠶᠢᠲᠤᠷ ᠰᠤᠷᠤᠯᠴᠠᠵᠤ᠂ ᠰᠢᠨ᠎ᠡ ᠴᠢᠳᠠᠪᠤᠷᠢ ᠶᠢ ᠡᠵᠡᠮᠰᠢᠵᠦ᠂ ᠰᠢᠨ᠎ᠡ ᠡᠷᠳᠡᠮ ᠴᠢᠳᠠᠪᠤᠷᠢ ᠶᠢ ᠨᠡᠮᠡᠭᠳᠡᠭᠦᠯᠵᠦ᠂ ᠥᠪᠡᠷ ᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠰᠣᠷᠣᠭᠰᠠᠨ ᠢᠶᠠᠷ ᠢᠶᠠᠨ ᠨᠤᠲᠤᠭ᠂ ᠨᠡᠶᠢᠭᠡᠮ ᠳᠤ ᠠᠴᠢ ᠬᠠᠷᠢᠭᠤᠯᠠᠬᠤ ᠶᠢ ᠬᠦᠰᠡᠪᠡ᠃      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯᠳᠠᠨ ᠸᠠᠩ ᠯᠢ ᠵᠢᠶᠦ᠋ᠨ ᠢ ᠲᠣᠬᠤᠨᠢᠭᠤᠯᠬᠤ ᠳᠠᠭᠠᠨ᠂ ᠶᠦᠨ ᠬᠠᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠴᠠᠭ ᠮᠥᠴᠡ ᠳᠤ᠂ ᠡᠮᠴᠢᠯᠡᠭᠡᠨ ᠤ ᠠᠵᠢᠯᠲᠠᠳ ᠭᠡᠷ ᠪᠦᠯᠢ ᠪᠠᠨ ᠦᠷᠡᠭᠳᠡᠭᠦᠯᠵᠦ᠂ ᠤᠯᠠᠨ ᠢ ᠬᠠᠷᠠᠭᠠᠯᠵᠠᠵᠤ᠂ ᠵᠣᠷᠢᠭᠲᠠᠢ ᠪᠠᠷ 《 ᠰᠥᠷᠭᠡᠦ ᠤᠷᠤᠭᠰᠢᠯᠠᠵᠤ 》ᠬᠤᠪᠸᠢ ᠶᠢ ᠲᠤᠰᠠᠯᠠᠬᠤ ᠠᠵᠢᠯ ᠳᠤ ᠣᠷᠣᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ《 ᠦᠬᠦᠯ  ᠠᠴᠠ ᠠᠪᠤᠷᠠᠨ ᠰᠢᠷᠬᠠᠲᠤᠭᠰᠠᠳ ᠢ ᠲᠡᠩᠬᠡᠷᠡᠭᠦᠯᠬᠦ 》 ᠠᠭᠤᠤ ᠬᠠᠶᠢᠷ᠎ᠠ ᠶᠢᠨ ᠵᠣᠷᠢᠭ ᠰᠠᠨᠠᠭ᠎ᠠ ᠶᠢ ᠲᠠᠶᠢᠯᠪᠤᠷᠢᠯᠠᠵᠠᠢ᠂ ᠡᠭᠦᠨ ᠢ ᠪᠢᠳᠡ ᠬᠥᠮᠦᠨ ᠪᠦᠬᠦᠨ ᠰᠤᠷᠤᠯᠴᠠᠭᠤᠰᠢᠳᠠᠢ ᠶᠤᠮ ᠭᠡᠪᠡ᠃ ᠶᠦᠨ ᠬᠠᠢ ᠵᠢᠭᠠᠵᠤ ᠭᠠᠷᠭᠠᠭᠰᠠᠨ ᠨᠢ᠂ ᠣᠳᠣᠬᠠᠨ ᠳᠤ ᠡᠪᠦᠯ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠨ᠎ᠠ᠂ ᠡᠮᠴᠢᠯᠡᠭᠡᠨ ᠤ ᠠᠵᠢᠯᠲᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠵᠡᠷᠭᠡ ᠪᠠᠷ᠂ ᠨᠡᠩ ᠴᠤ ᠥᠪᠡᠷ ᠢ ᠪᠠᠨ ᠰᠠᠶᠢᠲᠤᠷ ᠬᠠᠮᠠᠭᠠᠯᠠᠬᠤ ᠬᠡᠷᠡᠭᠲᠡᠢ᠂ ᠡᠭᠦᠨ ᠤ ᠵᠡᠷᠭᠡ ᠪᠠᠷ ᠠᠯᠮᠠᠶᠢᠷᠠᠨ ᠲᠠᠶᠢᠪᠤᠰᠢᠷᠠᠬᠤ ᠦᠵᠡᠯ ᠰᠠᠨᠠᠭ᠎ᠠ ᠶᠢ ᠡᠷᠡᠰ ᠲᠡᠪᠴᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠲᠡᠷᠡ ᠶᠣᠰᠣᠭᠠᠷ ᠨᠢ ᠨᠠᠷᠢᠯᠢᠭ ᠨᠠᠶᠢᠳᠠᠪᠤᠷᠢᠵᠢᠭᠤᠯᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠡᠷᠡᠰ ᠰᠠᠶᠢᠲᠤᠷ ᠬᠠᠮᠠᠭᠠᠯᠠᠬᠤ ᠬᠡᠷᠡᠭᠲᠡᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号