| | | 1 ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ | ᠤ ᠨᠠᠮ ᠤᠨ ᠬᠤᠷᠢᠶᠠᠨ ᠤ ᠱᠦᠵᠢ ᠶᠦᠨ ᠬᠠᠶ ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ | ᠬᠤᠷᠠᠯᠳᠤᠭᠤᠯᠵᠤ᠂ ᠦᠴᠤᠸᠠᠨ ᠰᠢᠶᠠᠨ ᠤ 2021 ᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ | ᠨᠡᠶᠢᠭᠡᠮ ᠠᠷᠠᠳ ᠤᠨ ᠠᠮᠢᠳᠤᠷᠠᠯ᠂ ᠬᠥᠳᠡᠭᠡ ᠠᠵᠤ ᠠᠬᠤᠶ ᠬᠥᠳᠡᠭᠡ ᠲᠣᠰᠬᠤᠨ ᠤ ᠬᠥᠭᠵᠢᠯᠲᠡ᠂ ᠬᠤᠲᠠ ᠬᠥᠳᠡᠭᠡ | ᠶᠢᠨ ᠪᠥᠲᠥᠭᠡᠨ ᠪᠠᠶᠢᠭᠤᠯᠤᠯᠲᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ | ᠢ ᠬᠥᠭᠵᠢᠭᠦᠯᠦᠨ ᠮᠠᠨᠳᠤᠭᠤᠯᠬᠤ ᠵᠢᠴᠢ ᠠᠵᠤ ᠠᠬᠤᠶ ᠶᠢᠨ ᠨᠡᠭᠡᠭᠡᠯᠲᠡ ᠶᠢᠨ ᠣᠷᠣᠨ᠂ ᠡᠯ᠎ᠡ ᠰᠢᠶᠠᠩ ᠪᠠᠯᠭᠠᠰᠤᠨ ᠤ | ᠭᠤᠤᠯᠳᠠᠯᠭ᠎ᠠ ᠲᠠᠢ ᠲᠥᠷᠥᠯ ᠵᠦᠶᠯ ᠢ ᠠᠬᠢᠭᠤᠯᠤᠭᠰᠠᠨ ᠪᠠᠶᠢᠳᠠᠯ ᠢ ᠰᠣᠨᠣᠰᠪᠠ᠃ | ᠶᠦᠨ ᠬᠠᠶ ᠵᠢᠭᠠᠵᠤ ᠭᠠᠷᠭᠠᠭᠰᠠᠨ ᠨᠢ᠂ ᠬᠤᠳᠠᠯᠳᠤᠭ᠎ᠠ ᠡᠷᠭᠢᠯᠡᠬᠦ ᠰᠠᠶᠢᠨ ᠰᠠᠶᠢᠬᠠᠨ ᠣᠷᠴᠢᠨ ᠨᠥᠬᠦᠴᠡᠯ ᠪᠣᠯ | ᠦᠶᠯᠡᠳᠪᠦᠷᠢᠯᠡᠯ ᠤᠨ ᠬᠦᠴᠦᠨ ᠮᠥᠨ᠂ ᠰᠠᠭᠠᠳ ᠥᠬᠡᠶ ᠡᠷᠭᠢᠯᠲᠡ᠂ ᠴᠢᠨᠠᠷ ᠰᠠᠶᠢᠲᠠᠶ ᠬᠥᠭᠵᠢᠯᠲᠡ ᠶᠢ ᠨᠠᠩ | ᠰᠠᠶᠢᠲᠤᠷ ᠠᠬᠢᠭᠤᠯᠬᠤ ᠶᠢᠨ ᠴᠢᠬᠤᠯᠠ ᠨᠥᠬᠦᠴᠡᠯ ᠮᠥᠨ᠃ ᠪᠦᠬᠦ ᠰᠢᠶᠠᠨ ᠢᠶᠠᠷ ᠢᠶᠠᠨ ᠪᠦᠬᠦ ᠲᠠᠯ᠎ᠠ ᠪᠠ ᠪᠠᠶᠢᠯᠳᠤᠬᠤ | ᠪᠤᠳᠤᠯᠭ᠎ᠠ ᠶᠢᠨ ᠦᠨᠳᠦᠷᠴᠡ ᠠᠴᠠ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠪᠠ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠠᠵᠢᠯ ᠤᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠬᠤᠳᠠᠯᠳᠤᠭ᠎ᠠ | ᠡᠷᠬᠢᠯᠡᠬᠦ ᠣᠷᠴᠢᠨ ᠨᠥᠬᠦᠴᠡᠯ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠦᠨᠡᠨ ᠬᠦ ᠴᠢᠬᠤᠯᠠ | ᠡᠭᠦᠷᠭᠡ ᠪᠣᠯᠭᠠᠨ ᠦᠨᠡᠨ ᠬᠦ ᠠᠳᠬᠤᠵᠤ ᠪᠣᠳᠠᠲᠠᠢ ᠬᠢᠬᠦ ᠬᠡᠷᠡᠭᠲᠡᠢ᠃ ᠠᠵᠢᠯ ᠤᠨ ᠰᠤᠷᠲᠠᠯ ᠢᠶᠠᠨ ᠴᠢᠨᠠᠭᠰᠢᠳᠠ | ᠬᠤᠪᠢᠷᠠᠭᠤᠯᠵᠤ᠂ ᠦᠴᠤᠸᠠᠨ ᠤ ᠰᠢᠨ᠎ᠡ ᠲᠦᠷᠢ ᠲᠥᠷᠬᠦ ᠶᠢ ᠱᠤᠭᠤᠵᠤ᠂ ᠦᠴᠤᠸᠠᠨ ᠤ ᠠᠮᠢ ᠠᠬᠤᠢ ᠣᠷᠴᠢᠨ | ᠲᠣᠭᠤᠷᠢᠨ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ᠂ ᠨᠡᠶᠢᠭᠡᠮ ᠤᠨ ᠣᠷᠴᠢᠨ ᠲᠣᠭᠤᠷᠢᠨ ᠢ | ᠰᠠᠶᠢᠵᠢᠷᠠᠭᠤᠯᠬᠤ ᠶᠢᠨ ᠵᠡᠷᠭᠡ ᠪᠠᠷ ᠦᠴᠤᠸᠠᠨ ᠰᠢᠶᠠᠨ ᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ | ᠰᠠᠶᠢᠵᠢᠷᠠᠭᠤᠯᠬᠤ ᠬᠡᠷᠡᠭᠲᠡᠢ᠃ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠠ ᠦᠴᠤᠸᠠᠨ ᠤ ᠪᠣᠳᠠᠲᠤ ᠪᠠᠶᠢᠳᠠᠯ | ᠳᠤ ᠨᠡᠶᠢᠴᠡᠭᠰᠡᠨ ᠤᠷᠢᠲᠠᠯ ᠳᠣᠣᠷ᠎ᠠ ᠠᠷᠠᠯᠵᠢᠶᠠᠴᠢᠨ ᠤᠷᠢᠬᠤ ᠶᠢ ᠶᠠᠷᠢᠯᠴᠠᠵᠤ᠂ ᠴᠢᠬᠤᠯᠠ ᠪᠦᠬᠦᠢ ᠬᠡᠷᠡᠭᠵᠢᠭᠦᠯᠬᠦ | ᠲᠦᠷᠦᠯ ᠵᠦᠢᠯ ᠢ ᠠᠬᠢᠭᠤᠯᠵᠤ᠂ ᠠᠷᠠᠯᠵᠢᠶᠠᠴᠢᠨ ᠢᠶᠠᠷ ᠠᠷᠠᠯᠵᠢᠶᠠᠴᠢᠨ ᠢ ᠡᠷᠢᠵᠦ᠂ ᠴᠡᠭ ᠠᠴᠠ ᠴᠡᠭ ᠲᠤ | ᠠᠷᠠᠯᠵᠢᠶᠠᠴᠢᠨ ᠤᠷᠢᠵᠤ᠂ ᠠᠷᠠᠯᠵᠢᠶᠠᠴᠢᠨ ᠤᠷᠢᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ ᠭᠡᠪᠡ᠃ | ᠶᠦᠨ ᠬᠠᠢ ᠱᠠᠭᠠᠷᠳᠠᠭᠰᠠᠨ ᠨᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠢ | ᠬᠡᠷᠡᠭᠵᠢᠭᠦᠯᠬᠦ ᠶᠠᠪᠤᠴᠠ ᠳᠤ᠂ ᠦᠴᠤᠸᠠᠨ ᠰᠢᠶᠠᠨ ᠠᠵᠠ ᠲᠣᠬᠢᠶᠠᠯ ᠢ ᠠᠮᠵᠢᠵᠤ᠂ ᠢᠵᠢ ᠪᠦᠷᠢᠳᠦᠭᠦᠯᠦᠨ ᠲᠦᠷᠦᠯ | ᠵᠦᠢᠯ ᠨᠡᠮᠡᠵᠦ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠥᠯᠥᠪᠵᠢᠭᠦᠯᠭᠡ ᠲᠠᠢ ᠪᠠᠶᠢᠵᠤ᠂ ᠲᠦᠷᠦᠯ ᠵᠦᠢᠯ | ᠤᠨ ᠪᠠᠶᠢᠷᠢᠰᠢᠭᠤᠯᠤᠯᠲᠠ ᠶᠢ ᠤᠷᠢᠳᠴᠢᠯᠠᠨ ᠪᠣᠳᠣᠯᠬᠢᠯᠠᠵᠤ᠂ ᠪᠣᠷᠣᠭᠠᠨ ᠠᠴᠠ ᠡᠮᠦᠨ᠎ᠡ ᠪᠡᠯᠡᠳᠬᠡᠯ ᠬᠢᠬᠦ ᠬᠡᠷᠡᠭᠲᠡᠢ᠃ | ᠵᠠᠪᠠᠯ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ | ᠪᠣᠯᠭᠠᠵᠤ᠂ ᠴᠢᠨᠠᠷ ᠰᠠᠶᠢᠲᠠᠶ ᠬᠥᠭᠵᠢᠭᠦᠯᠵᠦ᠂ ᠦᠴᠤᠸᠠᠨ ᠰᠢᠶᠠᠨ ᠤ ᠪᠣᠳᠠᠲᠤ ᠪᠠᠶᠢᠳᠠᠯ ᠲᠠᠢ ᠨᠡᠶᠢᠴᠡᠵᠦ᠂ ᠭᠠᠵᠠᠷ | ᠣᠷᠣᠨ ᠤ ᠠᠵᠤ ᠠᠬᠤᠶ ᠶᠢᠨ ᠬᠥᠭᠵᠢᠯᠲᠡ ᠶᠢᠨ ᠣᠨᠴᠠᠯᠢᠭ ᠢ ᠳᠣᠪᠣᠶᠢᠯᠭᠠᠵᠤ᠂ ᠪᠥᠬᠦ ᠰᠢᠶᠠᠨ ᠳᠤ ᠭᠠᠵᠠᠷ ᠪᠣᠯᠭᠠᠨ | ᠳᠤ ᠴᠡᠴᠡᠭᠯᠡᠬᠦ ᠵᠢᠵᠢᠭ ᠲᠥᠷᠥᠯ ᠵᠦᠶᠯ ᠢ ᠪᠦᠷᠢᠯᠳᠦᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠬᠠᠳᠠᠭᠠᠯᠠᠬᠤ | ᠲᠥᠷᠥᠯ ᠵᠦᠶᠯ ᠢ ᠪᠣᠯᠪᠠᠰᠤᠷᠠᠭᠤᠯᠬᠤ ᠪᠠᠷ ᠭᠤᠤᠯ ᠪᠣᠯᠭᠠᠵᠤ᠂ ᠬᠥᠳᠡᠭᠡ ᠲᠣᠰᠬᠤᠨ ᠠᠴᠠ ᠰᠢᠶᠠᠩ ᠪᠠᠯᠭᠠᠰᠤ᠂ | ᠬᠦᠷᠢᠶᠡᠯᠡᠩ ᠲᠣᠭᠤᠷᠢᠭ ᠤᠨ ᠳᠣᠲᠣᠷ᠎ᠠ ᠠᠴᠠ ᠬᠦᠷᠢᠶᠡᠯᠡᠩ ᠲᠣᠭᠤᠷᠢᠭ ᠤᠨ ᠭᠠᠳᠠᠨ᠎ᠠ ᠬᠦᠷᠲᠡᠯ᠎ᠡ᠂ ᠢᠷᠡᠭᠡᠳᠦᠶ ᠶᠢᠨ | ᠬᠥᠭᠵᠢᠯᠲᠡ ᠶᠢᠨ ᠬᠡᠷᠡᠭᠴᠡᠭᠡ ᠶᠢ ᠬᠠᠩᠭᠠᠵᠤ᠂ ᠠᠷᠠᠳ ᠤᠨ ᠠᠮᠢᠳᠤᠷᠠᠯ ᠤᠨ ᠬᠦᠷᠢᠶᠡᠨ ᠤ ᠠᠵᠢᠯ ᠢ ᠨᠢᠭᠡ ᠯᠡ | ᠠᠳᠠᠯᠢ ᠪᠠᠷ ᠪᠣᠳᠠᠲᠠᠶ ᠨᠠᠷᠢᠯᠢᠭ ᠠᠳᠬᠤᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠪᠠᠷᠢᠮᠲᠠᠯᠠᠵᠤ᠂ ᠲᠥᠷᠥᠯ ᠵᠦᠶᠯ ᠤᠨ ᠡᠵᠡᠩᠨᠡᠯᠲᠡ ᠶᠢᠨ ᠠᠵᠤ ᠠᠬᠤᠶ ᠶᠢᠨ ᠦᠷ᠎ᠡ ᠠᠰᠢᠭ᠂ ᠨᠡᠶᠢᠭᠡᠮ | ᠤᠨ ᠦᠷ᠎ᠡ ᠠᠰᠢᠭ ᠪᠠ ᠠᠮᠢ ᠠᠬᠤᠶ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ ᠭᠡᠪᠡ᠃ |