ᠦᠴᠤᠸᠠᠨ ᠰᠢᠶᠠᠨ ᠤᠯᠤᠰ ᠲᠥᠷᠥ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠠᠷᠪᠠᠨ ᠭᠤᠷᠪᠠᠳᠤᠭᠠᠷ ᠤᠳᠠᠭᠠᠨ ᠤ ᠪᠠᠶᠢᠩᠭᠤ ᠶᠢᠨ ᠭᠡᠰᠢᠭᠦᠳ ᠤᠨ ᠬᠤᠷᠠᠯ  ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/2/4
     1 ᠰᠠᠷ᠎ᠠ ᠶᠢᠨ 29   ᠤ ᠡᠳᠦᠷ᠂ ᠦᠴᠤᠸᠠᠨ ᠰᠢᠶᠠᠨ ᠤᠯᠤᠰ ᠲᠥᠷᠥ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠠᠷᠪᠠᠨ ᠭᠤᠷᠪᠠᠳᠤᠭᠠᠷ ᠤᠳᠠᠭᠠᠨ ᠤ ᠪᠠᠶᠢᠩᠭᠤ ᠶᠢᠨ ᠭᠡᠰᠢᠭᠦᠳ ᠤᠨ ᠬᠤᠷᠠᠯ ᠬᠤᠷᠠᠯᠳᠤᠭᠤᠯᠵᠤ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠯᠢ ᠰᠢᠶᠠ ᠬᠤᠷᠠᠯ ᠡᠷᠭᠢᠯᠡᠵᠦ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠴᠦᠨ ᠮᠧᠶ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠡᠯ᠎ᠡ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃      ᠬᠤᠷᠠᠯ ᠠᠴᠠ ᠱᠢ ᠲᠠᠢ ᠹᠧᠩ ᠱᠦᠵᠢ ᠶᠢᠨ ᠪᠥᠬᠦ ᠣᠷᠣᠨ ᠤ ᠤᠳᠤᠷᠢᠳᠬᠤ ᠺᠠᠳ᠋ᠷ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠶᠠᠷᠢᠭᠰᠠᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ  ᠶᠢᠨ ᠵᠥᠪᠯᠡᠯᠭᠡᠨ ᠤ ᠦᠴᠤᠸᠠᠨ ᠰᠢᠶᠠᠨ ᠤ ᠶᠢᠰᠦᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠤ ᠣᠷᠣᠰᠢᠯ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠴᠤᠸᠠᠨ ᠰᠢᠶᠠᠨ ᠤ ᠶᠢᠰᠦᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠢ ᠬᠢᠨᠠᠨ ᠶᠠᠷᠢᠯᠴᠠᠵᠤ᠂ ᠶᠢᠰᠦᠳᠦᠭᠡᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠠᠴᠠ ᠨᠠᠰᠢᠬᠢ ᠰᠠᠨᠠᠯ ᠵᠥᠪᠯᠡᠯᠭᠡ  ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠪᠠ᠃      ᠵᠠᠩ ᠯᠢ ᠰᠢᠶᠠ ᠵᠢᠭᠠᠵᠤ ᠭᠠᠷᠭᠠᠭᠰᠠᠨ ᠨᠢ᠂ 2021 ᠣᠨ ᠪᠣᠯ ᠨᠠᠮ ᠪᠠᠶᠢᠭᠤᠯᠤᠭᠳᠠᠭᠰᠠᠨ 100 ᠵᠢᠯ ᠤᠨ ᠤᠢ᠂ 《 ᠠᠷᠪᠠᠨ ᠳᠥᠷᠪᠡᠳᠦᠭᠡᠷ ᠲᠠᠪᠤᠨ ᠵᠢᠯ 》   ᠤᠨ ᠲᠥᠯᠥᠪᠵᠢᠭᠦᠯᠭᠡ ᠶᠢ ᠬᠡᠷᠡᠭᠵᠢᠭᠦᠯᠬᠦ ᠡᠬᠢᠯᠡᠯᠲᠡ ᠶᠢᠨ ᠵᠢᠯ ᠪᠣᠯᠤᠨ᠎ᠠ᠃ ᠥᠩᠭᠡᠷᠡᠭᠰᠡᠨ ᠨᠢᠭᠡ ᠵᠢᠯ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ  ᠶᠢᠨ ᠬᠤᠷᠢᠶ᠎ᠠ ᠪᠦᠬᠦ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠢ ᠪᠦᠯᠬᠦᠮᠳᠡᠭᠦᠯᠦᠨ ᠳᠠᠭᠠᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠪᠠᠷ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠪᠠᠬᠢᠵᠢᠭᠦᠯᠬᠦ ᠭᠤᠣᠯ ᠲᠡᠩᠭᠡᠯᠢᠭ ᠪᠣᠯᠭᠠᠵᠤ᠂ 《 ᠬᠤᠣᠰ ᠵᠠᠭᠤᠨ ᠵᠢᠯ 》 ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠦᠢᠯᠡᠴᠢᠯᠡᠬᠦ ᠪᠠᠷ ᠠᠵᠢᠯ ᠤᠨ ᠭᠤᠣᠯ ᠰᠢᠵᠢᠮ ᠪᠣᠯᠭᠠᠵᠤ᠂ ᠮᠠᠨ ᠤ ᠰᠢᠶᠠᠨ  ᠤ ᠠᠵᠤ ᠠᠬᠤᠢ ᠨᠡᠶᠢᠭᠡᠮ ᠤᠨ ᠬᠥᠭᠵᠢᠯᠲᠡ ᠪᠣᠯᠤᠨ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ ᠶᠢᠨ ᠪᠠᠶᠢᠭᠤᠯᠤᠯᠲᠠ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠡᠢ ᠭᠡᠪᠡ᠃      ᠵᠠᠩ ᠯᠢ ᠰᠢᠶᠠ ᠴᠢᠬᠤᠯᠠᠴᠢᠯᠠᠭᠰᠠᠨ ᠨᠢ᠂ 2021 ᠣᠨ ᠳᠤ ᠰᠢᠶᠠᠨ ᠤ ᠤᠯᠤᠰ ᠲᠦᠷᠦ ᠶᠢᠨ ᠵᠥᠪᠯᠡᠯᠭᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ ᠶᠡᠭᠡ ᠲᠤᠭ ᠢ ᠥᠨᠳᠥᠷ ᠮᠠᠨᠳᠤᠭᠤᠯᠬᠤ ᠬᠡᠷᠡᠭᠲᠡᠢ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ  ᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠂ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ ᠪᠥᠭᠦᠳᠡ ᠬᠤᠷᠠᠯ᠂ ᠭᠤᠷᠪᠠᠳᠤᠭᠠᠷ ᠪᠥᠭᠦᠳᠡ ᠬᠤᠷᠠᠯ᠂ ᠳᠥᠷᠪᠡᠳᠦᠭᠡᠷ ᠪᠥᠭᠦᠳᠡ ᠬᠤᠷᠠᠯ᠂ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠂《 ᠳᠥᠷᠪᠡᠨ ᠤᠬᠠᠮᠰᠠᠷ 》 ᠢ ᠦᠨᠡᠨᠬᠦ ᠴᠢᠩᠭᠠᠳᠬᠠᠵᠤ᠂《 ᠳᠥᠷᠪᠡᠨ ᠢᠲᠡᠭᠡᠯ 》 ᠢᠶᠠᠨ ᠪᠠᠲᠤᠳᠬᠠᠵᠤ᠂《 ᠬᠤᠶᠠᠷ ᠢ ᠬᠠᠮᠠᠭᠠᠯᠠᠬᠤ 》 ᠶᠢ ᠪᠡᠶᠡᠯᠡᠭᠦᠯᠵᠦ᠂ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠬᠠᠬᠤ ᠶᠢ ᠬᠠᠷᠢᠯᠴᠠᠨ ᠨᠡᠪᠲᠡᠷᠡᠯᠴᠡᠭᠦᠯᠬᠦ ᠶᠢ ᠪᠠᠷᠢᠮᠲᠠᠯᠠᠵᠤ᠂ ᠠᠷᠭ᠎ᠠ ᠤᠬᠠᠭᠠᠨ ᠭᠠᠷᠭᠠᠵᠤ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠤᠤᠰ ᠴᠢᠭᠯᠡᠯ ᠢᠶᠠᠷ ᠬᠦᠴᠦᠯᠡᠬᠦ᠂ ᠲᠤᠰᠬᠠᠶ ᠵᠥᠪᠯᠡᠬᠦ ᠪᠠᠶᠢᠭᠤᠯᠤᠮᠵᠢ ᠶᠢᠨ ᠦᠶᠯᠡᠳᠦᠯ ᠢ ᠪᠠᠳᠠᠷᠠᠭᠤᠯᠵᠤ᠂ ᠥᠷᠭᠡᠨ ᠤᠯᠠᠨ ᠤᠯᠤᠰ ᠲᠦᠷᠦ  ᠶᠢᠨ ᠵᠥᠪᠯᠡᠯᠭᠡᠨ ᠤ ᠭᠡᠰᠢᠭᠦᠳ ᠪᠠ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠦᠰ ᠢ ᠥᠷᠭᠡᠨ ᠢᠶᠠᠷ ᠪᠦᠯᠬᠦᠮᠳᠡᠭᠦᠯᠦᠨ ᠳᠠᠶᠢᠴᠢᠯᠠᠵᠤ᠂ ᠰᠢᠶᠠᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠪᠠᠨ ᠳᠥᠷᠪᠡᠳᠦᠭᠡᠷ ᠪᠥᠬᠦᠳᠡ ᠬᠤᠷᠠᠯ ᠤᠨ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠂ ᠭᠤᠤᠯ ᠠᠵᠢᠯ ᠲᠠᠢ ᠨᠢᠭᠲᠠ ᠤᠶᠠᠯᠳᠤᠭᠤᠯᠤᠨ᠂ ᠶᠡᠭᠡ ᠲᠠᠯ᠎ᠠ  ᠳᠤ ᠪᠦᠬᠦ ᠬᠦᠴᠦᠨ ᠢᠶᠠᠷ ᠢᠶᠠᠨ ᠦᠢᠯᠡᠴᠢᠯᠡᠵᠦ᠂ ᠣᠯᠠᠨ ᠲᠦᠮᠡᠨ ᠳᠤ ᠦᠨᠡᠨ ᠰᠡᠳᠬᠢᠯ ᠠᠴᠠ ᠪᠠᠨ ᠦᠢᠯᠡᠴᠢᠯᠡᠨ᠂ ᠤᠯᠤᠰ ᠲᠥᠷᠥ ᠶᠢᠨ ᠵᠥᠪᠯᠡᠯᠭᠡ ᠶᠢ ᠬᠢᠨᠠᠮᠠᠭᠠᠶ ᠭᠦᠢᠴᠡᠳᠬᠡᠵᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠡᠷᠬᠡ ᠲᠤᠰᠢᠶᠠᠯ ᠢ ᠨᠠᠶᠢᠳᠠᠪᠤᠷᠢᠵᠢᠭᠤᠯᠵᠤ᠂ ᠴᠠᠭ ᠦᠶ᠎ᠡ  ᠲᠠᠢ ᠵᠡᠷᠭᠡ ᠪᠠᠷ ᠤᠷᠤᠭᠰᠢᠯᠠᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠥᠷᠨᠢᠩᠭᠦᠢ ᠬᠥᠭᠵᠢᠯᠲᠡ ᠶᠢ ᠠᠬᠢᠭᠤᠯᠵᠤ᠂ ᠮᠠᠨ ᠤ ᠰᠢᠶᠠᠨ ᠳᠤ《 ᠠᠮᠢ ᠠᠬᠤᠶ ᠶᠢᠨ ᠰᠢᠶᠠᠨ᠂ ᠪᠣᠬᠢᠷᠳᠤᠯ ᠦᠭᠡᠢ ᠰᠢᠶᠠᠨ 》 ᠤ ᠪᠥᠲᠦᠭᠡᠨ ᠪᠠᠶᠢᠭᠤᠯᠤᠯᠲᠠ ᠶᠢᠨ ᠠᠬᠢᠴᠠ ᠶᠢ ᠲᠥᠷᠭᠡᠳᠬᠡᠵᠤ᠂《 ᠠᠮᠢ ᠠᠬᠤᠶ ᠶᠢᠨ ᠦᠴᠤᠸᠠᠨ᠂ ᠦᠵᠡᠰᠬᠦᠯᠡᠩᠲᠦ ᠰᠠᠶᠢᠬᠠᠨ ᠦᠴᠤᠸᠠᠨ᠂ ᠵᠣᠯ ᠵᠢᠷᠭᠠᠯᠲᠤ ᠦᠴᠤᠸᠠᠨ 》 ᠢ ᠪᠠᠶᠢᠭᠤᠯᠬᠤ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠬᠥᠮᠦᠨ ᠤ ᠰᠡᠳᠬᠢᠯ ᠢ ᠨᠢᠭᠲᠠᠷᠠᠭᠤᠯᠤᠨ᠂ ᠣᠶᠤᠨ ᠤᠬᠠᠭᠠᠨ ᠢ ᠨᠢᠭᠲᠠᠷᠠᠭᠤᠯᠵᠤ᠂ ᠬᠦᠴᠦᠨ  ᠢᠶᠠᠨ ᠨᠢᠭᠲᠠᠷᠠᠭᠤᠯᠬᠤ ᠬᠡᠷᠡᠭᠲᠡᠢ ᠭᠡᠪᠡ᠃      ᠵᠠᠩ ᠯᠢ ᠰᠢᠶᠠ ᠴᠢᠬᠤᠯᠠᠴᠢᠯᠠᠭᠰᠠᠨ ᠨᠢ᠂ ᠤᠳᠠᠯ ᠦᠭᠡᠢ ᠬᠤᠷᠠᠯᠳᠤᠬᠤ ᠪᠠᠷ ᠪᠠᠶᠢᠭ᠎ᠠ ᠳᠤᠮᠳᠠᠳᠤ ᠤᠯᠤᠰ  ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠴᠤᠸᠠᠨ ᠰᠢᠶᠠᠨ ᠤ ᠶᠢᠰᠦᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠳᠤ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠰᠢᠶᠠᠨ ᠤ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠬᠤᠷᠠᠯ ᠤᠨ ᠰᠤᠷᠲᠠᠯ ᠢ ᠰᠠᠶᠢᠵᠢᠷᠠᠭᠤᠯᠬᠤ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠳᠠᠭᠠᠭᠤᠯᠬᠤ ᠦᠢᠯᠡᠳᠦᠯ ᠦᠵᠡᠭᠦᠯᠵᠦ᠂ ᠬᠤᠷᠠᠯ ᠳᠤ ᠣᠷᠣᠯᠴᠠᠬᠤ ᠨᠤᠷᠮ᠎ᠠ ᠪᠠᠨ ᠪᠠᠲᠤᠯᠠᠵᠤ᠂ ᠤᠶᠤᠨ ᠤᠬᠠᠭᠠᠨ ᠢᠶᠠᠨ ᠲᠥᠪᠯᠡᠷᠡᠭᠦᠯᠦᠨ ᠬᠤᠷᠠᠯ ᠢ ᠰᠠᠶᠢᠲᠤᠷ ᠬᠤᠷᠠᠯᠳᠤᠭᠤᠯᠵᠤ᠂ ᠰᠤᠷᠲᠠᠯ ᠴᠢᠬᠡᠴᠢ ᠣᠪᠣᠷ ᠲᠥᠪ ᠬᠤᠷᠠᠯ ᠤᠨ ᠣᠷᠴᠢᠨ ᠢ ᠪᠤᠢ ᠪᠣᠯᠭᠠᠵᠤ᠂ ᠬᠤᠷᠠᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠪᠡ᠃ ᠰᠢᠶᠠᠨ ᠤ ᠨᠠᠮ ᠤᠨ ᠬᠤᠷᠢᠶ᠎ᠠ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠳᠤ ᠬᠦᠨᠳᠦ ᠬᠦᠰᠡᠯ ᠨᠠᠶᠢᠳᠠᠯᠭ᠎ᠠ ᠲᠠᠯᠪᠢᠵᠤ᠂ ᠵᠢᠯ ᠤᠨ ᠡᠴᠦᠰ ᠤᠨ ᠴᠠᠭ ᠪᠠᠴᠢᠮ ᠲᠤᠯᠭᠠᠮ᠎ᠠ ᠠᠵᠢᠯ ᠬᠦᠨᠳᠦ ᠨᠦᠰᠡᠷ ᠪᠠᠶᠢᠵᠤ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠬᠠᠷᠢᠭᠤᠴᠠᠯᠭ᠎ᠠ ᠬᠦᠨᠳᠦ ᠪᠠᠶᠢᠨ᠎ᠠ᠂ ᠦᠴᠤᠸᠠᠨ ᠰᠢᠶᠠᠨ ᠤ《 ᠠᠷᠪᠠᠨ ᠳᠥᠷᠪᠡᠳᠦᠭᠡᠷ ᠲᠠᠪᠤᠨ ᠵᠢᠯ 》 ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠠᠶᠢᠲᠤᠷ ᠬᠢᠨᠠᠨ ᠵᠥᠪᠯᠡᠵᠦ᠂《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢᠨ ᠠᠯᠤᠰ ᠤᠨ ᠬᠠᠷᠠᠯᠲᠠ ᠶᠢ ᠰᠠᠶᠢᠲᠤᠷ ᠲᠣᠭᠲᠠᠭᠠᠬᠤ ᠪᠣᠯ ᠰᠢᠶᠠᠨ ᠤ ᠤᠯᠤᠰ ᠲᠥᠷᠥ  ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠴᠢᠳᠠᠪᠤᠷᠢ ᠶᠢᠨ ᠰᠢᠯᠭᠠᠯᠲᠠ ᠪᠣᠯᠤᠨ᠎ᠠ᠃ ᠪᠠᠶᠢᠩᠭᠤ  ᠶᠢᠨ ᠭᠡᠰᠢᠭᠦᠳ ᠦᠵᠡᠯ ᠰᠠᠨᠠᠭᠠᠨ ᠤ ᠲᠠᠯ᠎ᠠ ᠪᠠᠷ ᠴᠢᠬᠤᠯᠠᠴᠢᠯᠠᠬᠤ ᠪᠠᠨ ᠳᠡᠭᠡᠭᠰᠢᠯᠡᠭᠦᠯᠵᠦ᠂ ᠢᠯᠡᠳᠬᠡᠯ ᠢ ᠬᠢᠨᠠᠨ ᠶᠠᠷᠢᠯᠴᠠᠬᠤ ᠳᠠᠭᠠᠨ ᠨᠠᠷᠢᠨ ᠬᠢᠨᠠᠮᠠᠭᠠᠢ ᠬᠠᠷᠢᠭᠤᠴᠠᠵᠤ᠂ ᠡᠩ ᠤᠨ ᠠᠵᠢᠯ ᠤᠨ ᠪᠠᠶᠢᠷᠢ ᠳᠡᠭᠡᠷ᠎ᠡ ᠪᠠᠨ ᠴᠢᠳᠠᠪᠤᠷᠢ ᠪᠠᠨ ᠳᠡᠭᠡᠭᠰᠢᠯᠡᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ  ᠶᠢ ᠬᠦᠰᠡᠵᠦ ᠪᠠᠶᠢᠨ᠎ᠠ᠃ ᠡᠭᠦᠨ ᠤ ᠬᠠᠮᠲᠤ ᠭᠡᠰᠢᠭᠦᠳ ᠥᠪᠥᠷ ᠮᠣᠩᠭᠤᠯ ᠤᠨ ᠤᠯᠤᠰ ᠲᠥᠷᠥ ᠶᠢᠨ ᠵᠥᠪᠯᠡᠯᠭᠡᠨ ᠤ ᠡᠭᠦᠯᠡᠨ ᠲᠠᠪᠴᠠᠩ ᠢ ᠰᠠᠶᠢᠲᠤᠷ ᠠᠰᠢᠭᠯᠠᠵᠤ᠂ ᠰᠠᠨᠠᠯ ᠳᠤᠷᠠᠳᠤᠯᠭ᠎ᠠ ᠲᠤᠰᠢᠶᠠᠬᠤ ᠪᠠ ᠭᠦᠶᠴᠡᠳᠬᠡᠵᠦ ᠬᠠᠷᠢᠭᠤ ᠥᠭᠬᠦ ᠮᠡᠳᠡᠭᠡ ᠵᠠᠩᠭᠢᠵᠢᠯᠲᠠ ᠶᠢᠨ ᠠᠵᠢᠯ ᠢ ᠲᠤᠷᠰᠢᠨ ᠬᠡᠷᠡᠭᠵᠢᠭᠦᠯᠵᠦ᠂ ᠣᠳᠣᠬᠢᠴᠢᠯᠠᠭᠰᠠᠨ ᠦᠶᠯᠡᠴᠢᠯᠡᠭᠡᠨ ᠤ ᠲᠣᠤᠷ ᠰᠦᠯᠵᠢᠶ᠎ᠡ ᠪᠠᠷ ᠳᠠᠮᠵᠢᠭᠤᠯᠤᠨ᠂ ᠤᠯᠤᠰ ᠲᠥᠷᠥ ᠶᠢᠨ ᠵᠥᠪᠯᠡᠯᠭᠡᠨ ᠬᠢᠭᠡᠳ ᠭᠡᠰᠢᠭᠦᠳ ᠢ ᠵᠣᠯᠭᠠᠭᠤᠯᠬᠤ ᠠᠵᠢᠯ ᠢ ᠨᠠᠩ ᠳᠥᠭᠦᠮ ᠳᠥᠲᠡ᠂ ᠢᠯᠡ ᠲᠣᠳᠣ᠂ ᠥᠨᠳᠥᠷ ᠪᠦᠲᠦᠮᠵᠢᠲᠡᠶ ᠪᠣᠯᠭᠠᠵᠤ᠂ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号