ᠰᠢᠨᠬᠤᠸᠠ ᠬᠤᠷᠢᠶᠠᠨ ᠤ ᠪᠡᠭᠡᠵᠢᠩ ᠤᠨ 2 ᠰᠠᠷ᠎ᠠ ᠶᠢᠨ 1 ᠤ ᠡᠳᠦᠷ ᠤᠨ ᠮᠡᠳᠡᠭᠡ ︵ᠵᠢᠶᠠᠩ ᠯᠢᠨ᠂ ᠳ᠋ᠧᠦ | ᠬᠤᠤ︶ ᠰᠤᠷᠪᠤᠯᠵᠢᠯᠠᠭᠴᠢ 1 ᠤ ᠡᠳᠦᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠶᠠᠮᠤᠨ ᠠᠴᠠ ᠣᠶᠢᠯᠠᠭᠠᠭᠰᠠᠨ ᠢᠶᠠᠷ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠶᠠᠮᠤᠨ ᠣᠶᠢᠷ᠎ᠠ ᠳᠤ ᠮᠡᠳᠡᠭᠳᠡᠯ ᠪᠠᠭᠤᠯᠭᠠᠵᠤ᠂ 2 ᠰᠠᠷ᠎ᠠ ᠶᠢᠨ 1 ᠤ ᠡᠳᠦᠷ ᠠᠴᠠ 3 ᠰᠠᠷ᠎ᠠ ᠶᠢᠨ 31 ᠤ ᠡᠳᠦᠷ | ᠪᠤᠯᠳᠠᠯᠠᠭᠢ ᠴᠠᠭᠠᠨ ᠰᠠᠷ᠎ᠠ ᠶᠢᠨ ᠤᠷᠢᠳ ᠬᠤᠵᠢᠳ ᠢᠶᠠᠷ ᠪᠥᠬᠦ ᠤᠯᠤᠰ ᠤᠨ ᠬᠡᠪᠴᠢᠶᠡᠨ ᠳᠤ ︽ᠴᠠᠭᠠᠨ ᠰᠠᠷ᠎ᠠ ᠶᠢ | ᠤᠭᠲᠤᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠳᠤ ᠦᠯᠡᠳᠡᠭᠡᠵᠦ ᠪᠣᠯᠪᠠᠰᠤᠷᠠᠯ ᠬᠦᠷᠭᠡᠭᠦ︾ | ᠲᠤᠰᠬᠠᠶ ᠠᠵᠢᠯ ᠥᠷᠨᠢᠭᠦᠯᠵᠦ᠂ ᠠᠵᠤ ᠠᠬᠤᠶᠢᠯᠠᠯ ᠤᠨ ᠲᠤᠬᠠᠶ ᠶᠢᠨ ᠭᠠᠵᠠᠷ ᠲᠠᠭᠠᠨ ᠰᠢᠨᠡᠯᠡᠬᠦ ᠠᠵᠢᠯᠲᠠᠨ | ᠠᠵᠢᠯᠴᠢᠨ ᠳᠤ ᠪᠣᠯᠪᠠᠰᠤᠷᠠᠯ ᠬᠠᠩᠭᠠᠬᠤ ᠶᠢ ᠵᠣᠷᠢᠭᠵᠢᠭᠤᠯᠵᠤ᠂ ᠬᠥᠯᠥᠰᠥᠨ ᠠᠵᠢᠯᠴᠢᠨ ᠰᠦᠯᠵᠢᠶᠡᠨ ᠳᠡᠭᠡᠷᠡᠬᠢ ᠪᠠ | ᠰᠦᠯᠵᠢᠶᠡᠨ ᠭᠠᠳᠠᠨᠠᠬᠢ ᠪᠣᠯᠪᠠᠰᠤᠷᠠᠯ ᠳᠤ ᠣᠷᠣᠯᠴᠠᠪᠠᠯ ᠣᠯᠠᠨ ᠵᠦᠢᠯ ᠤᠨ ᠨᠥᠬᠦᠪᠥᠷᠢ ᠭᠥᠷᠳᠡᠵᠦ ᠪᠣᠯᠤᠨ᠎ᠠ ᠭᠡᠵᠦ | ᠱᠠᠭᠠᠷᠳᠠᠪᠠ᠃ | ᠮᠡᠳᠡᠭᠳᠡᠯ ᠳᠤ᠂ ᠡᠯ᠎ᠡ ᠭᠠᠵᠠᠷ ᠤᠨ ᠬᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠳᠤ ᠦᠯᠡᠳᠡᠭᠡᠬᠦ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠯ᠎ᠡ ᠲᠥᠷᠥᠯ ᠤᠨ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ | ᠴᠠᠬ ᠰᠤᠯᠢᠵᠤ ᠠᠮᠠᠷᠠᠨ ᠠᠵᠢᠯ ᠤᠨ ᠠᠮᠠᠷᠠᠯᠲᠠ ᠪᠠᠨ ᠠᠪᠤᠭᠰᠠᠨ ᠥᠬᠡᠶ ᠪᠠ ᠠᠵᠢᠯ ᠤᠨ ᠪᠠᠶᠢᠷᠢ ᠳᠠᠭᠠᠨ ᠦᠯᠡᠳᠡᠭᠰᠡᠨ | ᠠᠵᠢᠯᠲᠠᠨ ᠠᠵᠢᠯᠴᠢᠨ ᠵᠢᠴᠢ ᠲᠤᠬᠠᠶ ᠶᠢᠨ ᠭᠠᠵᠠᠷ ᠲᠠᠭᠠᠨ ᠰᠢᠨᠡᠯᠡᠬᠦ᠂ ᠠᠵᠤ ᠠᠬᠤᠶᠢᠯᠠᠯ ᠳᠠᠭᠠᠨ ᠠᠮᠠᠷᠠᠬᠰᠠᠨ | ᠠᠵᠢᠯᠲᠠᠨ ᠠᠵᠢᠯᠴᠢᠨ ᠳᠤ ᠨᠠᠷᠢᠯᠢᠭ ᠣᠨᠣᠴᠠᠲᠠᠶ᠂ ᠬᠠᠨᠳᠤᠯᠭᠠᠲᠤ ᠴᠢᠨᠠᠷᠲᠠᠶ ᠪᠣᠯᠪᠠᠰᠤᠷᠠᠯ ᠤᠨ ᠦᠢᠯᠡᠴᠢᠯᠡᠭᠡ | ᠬᠠᠩᠭᠠᠬᠤ ᠬᠡᠷᠡᠭᠲᠡᠶ᠃ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠵᠠᠬᠢᠶᠠᠯᠠᠭᠠᠳᠤ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ ᠠᠵᠢᠯ ᠢ ᠦᠷᠨᠢᠭᠦᠯᠬᠦ ᠶᠢᠨ ᠬᠠᠮᠳᠤ | ᠠᠵᠤ ᠠᠬᠤᠶᠢᠯᠠᠯ ᠤᠨ ᠠᠵᠢᠯ ᠤᠨ ᠪᠠᠶᠢᠷᠢ ᠳᠠᠭᠠᠨ ᠦᠯᠡᠳᠡᠭᠰᠡᠡ ᠬᠥᠮᠦᠰ ᠤᠨ ᠪᠣᠯᠪᠠᠰᠤᠷᠠᠯ ᠳᠤ ᠲᠣᠭᠲᠠᠭᠠᠯ | ᠶᠣᠰᠣᠭᠠᠷ ᠪᠣᠯᠪᠠᠰᠤᠷᠠᠯ ᠤᠨ ᠨᠥᠬᠦᠪᠥᠷᠢ᠂ ᠠᠮᠢᠳᠤᠷᠠᠯ ᠤᠨ ᠵᠠᠷᠤᠳᠠᠯ ᠤᠨ ᠨᠥᠬᠦᠪᠥᠷᠢ ᠪᠠ ᠵᠠᠮ ᠬᠠᠷᠢᠯᠴᠠᠭᠠᠨ ᠤ | ᠨᠥᠬᠦᠪᠥᠷᠢ ᠵᠡᠷᠭᠡ ᠶᠢ ᠬᠦᠷᠲᠡᠭᠡᠵᠦ ᠪᠣᠯᠤᠨ᠎ᠠ ᠭᠡᠵᠦ ᠱᠠᠭᠠᠷᠳᠠᠪᠠ᠃ | ᠮᠡᠳᠡᠭᠳᠡᠯ ᠳᠤ᠂ ᠡᠯ᠎ᠡ ᠭᠠᠵᠠᠷ ᠤᠨ ᠬᠢᠨ ᠠᠵᠢᠯ ᠢᠶᠠᠷ ᠪᠣᠯᠪᠠᠰᠤᠷᠠᠯ ᠢ ᠣᠷᠣᠯᠠᠭᠤᠯᠬᠤ ᠶᠠᠪᠤᠳᠠᠯ ᠢ ᠠᠵᠢᠯ ᠤᠨ | ᠪᠠᠶᠢᠷᠢ ᠶᠢ ᠲᠣᠭᠲᠠᠪᠤᠷᠢᠵᠢᠭᠤᠯᠤᠨ ᠠᠵᠢᠯ ᠳᠤ ᠦᠯᠡᠳᠡᠭᠡᠵᠦ ᠪᠣᠯᠪᠠᠰᠤᠷᠠᠯ ᠬᠦᠷᠲᠡᠭᠡᠬᠦ ᠴᠢᠬᠤᠯᠠ ᠠᠷᠭ᠎ᠠ ᠬᠡᠮᠵᠢᠶ᠎ᠡ | ᠪᠣᠯᠭᠠᠵᠤ᠂ ᠲᠣᠭᠲᠠᠭᠠᠯ ᠶᠣᠰᠣᠭᠠᠷ ᠠᠵᠢᠯ ᠢᠶᠠᠷ ᠪᠣᠯᠪᠠᠰᠤᠷᠠᠯ ᠢ ᠣᠷᠣᠯᠠᠭᠤᠯᠬᠤ ᠶᠢ ᠬᠡᠷᠡᠭᠵᠢᠭᠦᠯᠬᠦ ᠬᠤᠭᠤᠴᠠᠭ᠎ᠠ ᠶᠢ | ᠡᠨᠡ ᠵᠢᠯ ᠤᠨ 12 ᠰᠠᠷ᠎ᠠ ᠪᠣᠯᠲᠠᠯ᠎ᠠ ᠤᠷᠲᠤᠳᠬᠠᠵᠤ ᠪᠣᠯᠬᠤ ᠪᠥᠭᠡᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ | ᠨᠥᠬᠦᠪᠥᠷᠢ ᠶᠢᠨ ᠪᠠᠷᠢᠮᠵᠢᠶ᠎ᠠ ᠶᠢ ᠵᠣᠬᠢᠰᠲᠠᠶ ᠳᠡᠭᠡᠭᠰᠢᠯᠡᠭᠦᠯᠵᠦ ᠪᠣᠯᠤᠨ᠎ᠠ᠃ ᠭᠠᠷᠲᠠᠨ ᠬᠦᠢᠴᠡᠳᠭᠡᠭᠦ ᠦᠢᠯᠡᠴᠢᠯᠡᠭᠡ ᠶᠢ | ᠰᠢᠯᠢᠳᠡᠭᠵᠢᠭᠦᠯᠵᠦ᠂ ᠠᠵᠢᠯ ᠢᠶᠠᠷ ᠪᠣᠯᠪᠠᠰᠤᠷᠠᠯ ᠢ ᠣᠷᠣᠯᠠᠭᠤᠯᠬᠤ ᠡᠯ᠎ᠡ ᠵᠦᠢᠯ ᠤᠨ ᠦᠢᠯᠡᠴᠢᠯᠡᠭᠡᠨ ᠤ | ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ︽ᠪᠦᠬᠦᠨ ᠢ ᠳᠠᠭᠠᠭᠠᠨ ᠬᠦᠢᠴᠡᠳᠭᠡᠭᠦ︾ ᠪᠠ ︽ᠲᠦᠷᠭᠡᠨ | ᠬᠦᠢᠴᠡᠳᠭᠡᠭᠦ︾ ᠶᠢ ᠬᠡᠷᠡᠭᠵᠢᠭᠦᠯᠵᠦ᠂ ᠨᠥᠬᠦᠪᠥᠷᠢ ᠪᠠᠯᠠ ᠮᠥᠩᠭᠦ ᠶᠢ ᠰᠦᠯᠵᠢᠶ᠎ᠡ ᠪᠠᠷ ᠭᠤᠶᠤᠴᠢᠯᠠᠨ ᠠᠪᠬᠤ ᠠᠷᠭ᠎ᠠ | ᠵᠠᠮ ᠢ ᠪᠠᠶᠢᠭᠤᠯᠤᠨ᠂ ᠬᠢᠨᠠᠨ ᠬᠠᠷᠭᠤᠭᠤᠯᠵᠤ ᠣᠯᠭᠤᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ ᠭᠡᠵᠦ | ᠵᠢᠭᠠᠵᠤ ᠭᠠᠷᠭᠠᠪᠠ᠃ | ᠲᠤᠰᠬᠠᠶ ᠠᠵᠢᠯ ᠤᠨ ᠬᠤᠭᠤᠴᠠᠭᠠᠨ ᠳᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠶᠠᠮᠤᠨ ᠨᠡᠶᠢᠭᠡᠮ ᠠᠴᠠ ᠰᠢᠯᠢᠨ ᠰᠣᠩᠭᠤᠵᠤ ᠲᠠᠨᠢᠯᠴᠠᠭᠤᠯᠤᠭᠰᠠᠨ 54 ᠰᠦᠯᠵᠢᠶᠡᠨ ᠳᠡᠭᠡᠷᠡᠬᠢ | ᠪᠣᠯᠪᠠᠰᠤᠷᠠᠯ ᠤᠨ ᠲᠠᠪᠴᠠᠩ ᠤᠨ ᠪᠠᠶᠢᠭᠤᠯᠤᠮᠵᠢ ᠨᠢ ᠲᠠᠰᠤᠷᠠᠯᠲᠠ ᠥᠬᠡᠶ ᠦᠢᠯᠡᠴᠢᠯᠡᠭᠡ ᠬᠠᠩᠭᠠᠵᠤ᠂ | ᠳᠠᠩᠰᠠᠯᠠᠭᠤᠯᠬᠤ ᠪᠠ ᠰᠤᠷᠤᠯᠴᠠᠯᠭ᠎ᠠ ᠶᠢᠨ ᠬᠡᠪ ᠤᠨ ᠠᠵᠢᠯᠯᠠᠭᠠᠨ ᠢ ᠦᠨᠡᠨ ᠬᠦ ᠪᠠᠲᠤᠯᠠᠬᠤ ᠪᠣᠯᠤᠨ᠎ᠠ᠃ ︽ᠳᠤᠮᠳᠠᠳᠤ | ᠤᠯᠤᠰ ᠤᠨ ᠠᠵᠢᠯ ᠮᠡᠷᠭᠡᠵᠢᠯ ᠤᠨ ᠪᠣᠯᠪᠠᠰᠤᠷᠠᠯ ᠤᠨ ᠰᠦᠯᠵᠢᠶ᠎ᠡ︾ ᠵᠡᠷᠭᠡ ᠲᠠᠪᠴᠠᠩ ᠴᠤ ᠰᠦᠯᠵᠢᠶᠡᠨ ᠳᠡᠭᠡᠷᠡᠬᠢ | ᠪᠣᠯᠪᠠᠰᠤᠷᠠᠯ ᠤᠨ ᠡᠬᠢ ᠪᠠᠶᠠᠯᠢᠭ ᠵᠢᠴᠢ ᠬᠠᠷᠠᠭᠠᠨ ᠳᠠᠪᠲᠠᠮᠵᠢ ᠶᠢᠨ ᠬᠢᠴᠢᠶᠡᠯ᠂ ᠡᠯᠧᠺᠲᠷᠣᠨ ᠨᠣᠮ ᠪᠢᠴᠢᠭ᠂ | ᠬᠢᠴᠢᠶᠡᠯ ᠤᠨ ᠲᠣᠨᠤᠭ᠂ ᠺᠠᠷᠲ᠋ᠣᠨ ᠵᠢᠷᠤᠭ ᠵᠡᠷᠭᠡ ᠠᠵᠢᠯ ᠮᠡᠷᠭᠡᠵᠢᠯ ᠤᠨ ᠪᠣᠯᠪᠠᠰᠤᠷᠠᠯ ᠤᠨ ᠵᠢᠭᠠᠨ ᠰᠤᠷᠭᠠᠯᠲᠠ ᠶᠢᠨ | ᠡᠬᠢ ᠪᠠᠶᠠᠯᠢᠭ ᠢ ᠦᠨ᠎ᠡ ᠲᠥᠯᠥᠪᠦᠷᠢ ᠥᠬᠡᠶ ᠪᠠᠷ ᠬᠠᠩᠭᠠᠬᠤ ᠪᠣᠯᠤᠨ᠎ᠠ᠃ ᠰᠦᠯᠵᠢᠶᠡᠨ ᠳᠡᠭᠡᠷᠡᠬᠢ ᠪᠣᠯᠪᠠᠰᠤᠷᠠᠯ ᠳᠤ | ᠣᠷᠣᠯᠴᠠᠭᠰᠠᠨ ᠪᠥᠭᠡᠳ ᠵᠣᠬᠢᠬᠤ ᠬᠢᠴᠢᠶᠡᠯ ᠤᠨ ᠪᠣᠯᠪᠠᠰᠤᠷᠠᠯ ᠳᠤ ᠬᠢᠷᠢ ᠲᠡᠩᠴᠡᠭᠰᠡᠨ ᠭᠡᠷᠡᠴᠢ ᠣᠯᠤᠭᠰᠠᠨ | ᠰᠤᠷᠤᠭᠴᠢᠳ ᠲᠤ ᠲᠣᠭᠲᠠᠭᠠᠯ ᠶᠣᠰᠣᠭᠠᠷ ᠪᠣᠯᠪᠠᠰᠤᠷᠠᠯ ᠤᠨ ᠨᠥᠬᠦᠪᠥᠷᠢ ᠣᠯᠭᠤᠨ᠎ᠠ᠃ | ᠮᠡᠳᠡᠭᠳᠡᠯ ᠳᠤ ᠪᠠᠰᠠ ᠡᠯ᠎ᠡ ᠭᠠᠵᠠᠷ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨ ᠠᠵᠢᠯ ᠳᠠᠭᠠᠨ ᠦᠯᠡᠳᠡᠭᠰᠡᠨ ᠬᠥᠮᠦᠰ ᠲᠤ ᠬᠠᠨᠳᠤᠭᠤᠯᠤᠨ ᠨᠠᠭᠠᠳᠤ | ᠵᠠᠬ᠎ᠠ ᠳᠠᠭᠠᠨ 3 ᠤᠳᠠᠭ᠎ᠠ ᠠᠴᠠ ᠳᠡᠭᠡᠭᠰᠢ ᠠᠵᠢᠯ ᠮᠡᠷᠭᠡᠵᠢᠯ ᠤᠨ ᠪᠣᠯᠪᠠᠰᠤᠷᠠᠯ ᠤᠨ ᠮᠡᠳᠡᠭᠡ ᠵᠠᠩᠭᠢ ᠬᠠᠩᠭᠠᠵᠤ᠂ | ᠪᠣᠯᠪᠠᠰᠤᠷᠠᠯ ᠤᠨ ᠲᠥᠷᠥ ᠶᠢᠨ ᠪᠣᠳᠣᠯᠭ᠎ᠠ ᠶᠢᠨ ᠵᠥᠪᠯᠡᠯᠭᠡ ᠶᠢ ᠠᠳᠠᠬ ᠲᠠᠭᠠᠨ 1 ᠤᠳᠠᠭ᠎ᠠ ᠥᠭᠴᠦ᠂ | ᠲᠣᠬᠢᠷᠠᠮᠵᠢᠲᠠᠶ ᠪᠣᠯᠪᠠᠰᠤᠷᠠᠯ ᠤᠨ ᠲᠥᠷᠥᠯ ᠵᠦᠢᠯ ᠢ ᠠᠳᠠᠬ ᠲᠠᠭᠠᠨ 1 ᠲᠠᠨᠢᠯᠴᠠᠭᠤᠯᠬᠤ ᠬᠡᠷᠡᠭᠲᠡᠶ᠃ | ᠪᠣᠯᠪᠠᠰᠤᠷᠠᠯ ᠤᠨ ᠨᠥᠬᠦᠪᠥᠷᠢ ᠪᠡᠯᠡ ᠮᠥᠩᠭᠦ ᠪᠠᠷ ᠠᠵᠤ ᠠᠬᠤᠶᠢᠯᠠᠯ ᠢ ᠰᠢᠭᠤᠳ ᠨᠦᠭᠦᠪᠦᠷᠢᠯᠡᠭᠦ ᠠᠵᠢᠯ ᠤᠨ | ᠡᠷᠴᠢᠮ ᠢ ᠨᠡᠮᠡᠭᠳᠡᠭᠦᠯᠵᠦ᠂ ᠠᠵᠤ ᠠᠬᠤᠶᠢᠯᠠᠯ ᠪᠤᠶᠤ ᠪᠣᠯᠪᠠᠰᠤᠷᠠᠯ ᠤᠨ ᠪᠠᠶᠢᠭᠤᠯᠤᠮᠵᠢ ᠶᠢᠨ ᠥᠷᠨᠢᠭᠦᠯᠦᠭᠰᠡᠨ | ᠪᠣᠯᠪᠠᠰᠤᠷᠠᠯ ᠵᠢᠴᠢ ᠠᠵᠢᠯ ᠢᠶᠠᠷ ᠪᠣᠯᠪᠠᠰᠤᠷᠠᠯ ᠢ ᠣᠷᠣᠯᠠᠭᠤᠯᠬᠤ ᠳᠤ ᠵᠣᠬᠢᠬᠤ ᠬᠠᠷᠢᠴᠠᠯ ᠪᠦᠭᠦᠢ ᠪᠣᠯᠪᠠᠰᠤᠷᠠᠯ ᠤᠨ | ᠨᠥᠬᠦᠪᠥᠷᠢ ᠶᠢᠨ ᠪᠡᠯᠡ ᠮᠥᠩᠭᠦ ᠶᠢ ᠤᠷᠢᠳ ᠢᠶᠠᠷ ᠰᠠᠯᠭᠠᠨ ᠥᠭᠴᠦ ᠪᠣᠯᠤᠨ᠎ᠠ ᠭᠡᠵᠦ ᠱᠠᠭᠠᠷᠳᠠᠪᠠ᠃ |