ᠶᠠᠨ ᠢ᠂ ᠯᠢᠦᠶ ᡁᠢ ᠭᠠᠩ ᠪᠦᠯᠬᠦᠮ ᠳᠠᠭᠠᠭᠤᠯᠤᠨ ᠬᠠᠷᠠᠭᠤᠯ ᠪᠠᠯᠭᠠᠰᠤᠨ ᠤ ᠬᠦᠴᠢᠷᠳᠡᠯᠲᠡᠶ ᠣᠯᠠᠨ ᠲᠦᠮᠡᠨ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2021/2/5
     ᠴᠠᠭᠠᠨ ᠰᠠᠷ᠎ᠠ ᠣᠶᠢᠷᠠᠳᠴᠤ ᠪᠠᠶᠢᠭ᠎ᠠ ᠦᠶ᠎ᠡ ᠳᠤ᠂ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠴᠢᠷᠳᠡᠯᠲᠡᠶ ᠣᠯᠠᠨ ᠲᠦᠮᠡᠨ ᠳᠤ ᠬᠦᠷᠭᠡᠵᠤ᠂ ᠦᠨᠳᠦᠰᠦᠨ ᠱᠠᠲᠤᠨ ᠤ ᠬᠦᠴᠢᠷᠳᠡᠯᠲᠡᠶ ᠣᠯᠠᠨ ᠲᠦᠮᠡᠨ ᠤ ᠪᠠᠶᠠᠷ ᠬᠥᠷ ᠲᠠᠢ ᠥᠯᠵᠡᠶ ᠪᠡᠯᠭᠡ ᠲᠠᠢ ᠴᠠᠭᠠᠨ ᠰᠠᠷ᠎ᠠ ᠶᠢ ᠥᠩᠭᠡᠷᠡᠭᠦᠯᠬᠦ ᠶᠢ ᠦᠨᠡᠨᠬᠦ ᠪᠠᠲᠤᠯᠠᠬᠤ ᠶᠢᠨ ᠲᠤᠰᠠᠲᠠ᠂ ᠰᠢᠶᠠᠨ  ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠠᠨ ᠢ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠯᠢᠦᠶ ᡁᠢ ᠭᠠᠩ ᠪᠦᠯᠬᠦᠮ ᠳᠠᠭᠠᠭᠤᠯᠤᠨ ᠬᠠᠷᠠᠭᠤᠯ ᠪᠠᠯᠭᠠᠰᠤ ᠳᠤ ᠭᠦᠨᠵᠡᠭᠡᠶᠢᠷᠡᠨ ᠬᠦᠴᠢᠷᠳᠡᠯᠲᠡᠶ ᠣᠯᠠᠨ ᠲᠦᠮᠡᠨ ᠢ ᠪᠣᠯᠭᠤᠭᠠᠨ ᠲᠣᠬᠤᠨᠢᠭᠤᠯᠪᠠ᠃ ᠲᠡᠳᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠵᠦ᠂ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃      ᠲᠣᠬᠤᠨᠢᠭᠤᠯᠬᠤ ᠶᠠᠪᠤᠴᠠ ᠳᠤ᠂ ᠶᠠᠨ ᠢ᠂ ᠯᠢᠦᠢ ᡁᠢ ᠭᠠᠩ ᠶᠠᠳᠠᠭᠤ ᠬᠦᠴᠢᠷᠳᠡᠯᠲᠡᠢ ᠤᠯᠠᠨ ᠲᠦᠮᠡᠨ ᠢ ᠲᠣᠬᠤᠨᠢᠭᠤᠯᠬᠤ ᠮᠥᠩᠭᠦ ᠪᠠ ᠴᠠᠭᠠᠨ ᠰᠠᠷ᠎ᠠ ᠶᠢᠨ ᠰᠠᠶᠢᠨ ᠰᠠᠶᠢᠬᠠᠨ ᠵᠥᠩᠨᠡᠯ ᠳᠡᠪᠰᠢᠭᠦᠯᠵᠦ᠂ ᠡᠷᠦᠭᠡ ᠪᠣᠯᠭᠠᠨ ᠳᠤ ᠤᠯᠠᠨ ᠲᠦᠮᠡᠨ ᠲᠠᠢ ᠭᠦᠨᠵᠡᠭᠡᠢ ᠶᠠᠷᠢᠯᠴᠠᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠪᠡᠶ᠎ᠡ ᠶᠢᠨ ᠪᠠᠶᠢᠳᠠᠯ᠂ ᠭᠡᠷ ᠪᠦᠯᠢ ᠶᠢᠨ ᠪᠠᠶᠢᠳᠠᠯ ᠢ ᠨᠠᠷᠢᠨ ᠠᠰᠠᠭᠤᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠢ ᠢᠲᠡᠭᠡᠯ ᠵᠣᠷᠢᠭ ᠢᠶᠠᠨ ᠬᠥᠪᠴᠢᠯᠡᠵᠦ᠂ ᠠᠮᠢᠳᠤᠷᠠᠯ ᠳᠤ ᠡᠷᠡᠰ ᠬᠠᠨᠳᠤᠵᠤ᠂ ᠥᠪᠡᠷ ᠤᠨ ᠴᠢᠷᠮᠠᠶᠢᠯᠭ᠎ᠠ ᠪᠠ ᠤᠯᠠᠨ ᠤ ᠬᠠᠮᠲᠤ ᠶᠢᠨ ᠬᠠᠪᠰᠤᠷᠤᠯᠭ᠎ᠠ ᠳᠣᠣᠷ᠎ᠠ᠂ ᠡᠷᠲᠡᠬᠡᠨ ᠬᠦᠴᠢᠷ ᠢ ᠲᠤᠭᠤᠯᠬᠤ ᠬᠡᠷᠡᠭᠲᠡᠢ ᠭᠡᠵᠦ ᠵᠣᠷᠢᠭᠵᠢᠭᠤᠯᠪᠠ᠃ ᠶᠠᠨ ᠢ ᠬᠠᠮᠲᠤ ᠶᠠᠪᠤᠭ᠎ᠠ ᠺᠠᠳ᠋ᠷᠴᠤᠳ ᠲᠤ ᠲᠡᠳᠡᠨ ᠤ ᠠᠮᠢᠳᠤᠷᠠᠯ ᠢ ᠢᠯᠡᠭᠦᠬᠡᠨ ᠬᠠᠯᠠᠮᠵᠢᠯᠠᠵᠤ᠂ ᠲᠡᠳᠡᠨ ᠤ ᠬᠦᠴᠢᠷ ᠵᠣᠪᠠᠭᠤᠷᠢ ᠶᠢ ᠴᠠᠭ ᠲᠤᠬᠠᠢ ᠳᠤᠨᠢ ᠰᠢᠢᠳᠪᠦᠷᠢᠯᠡᠵᠦ᠂ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ᠂ ᠲᠡᠳᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠴᠠᠭ ᠢᠮᠠᠭᠲᠠ ᠮᠡᠳᠡᠷᠡᠭᠦᠯᠬᠦ ᠬᠡᠷᠡᠭᠲᠡᠢ ᠭᠡᠵᠦ ᠵᠠᠬᠢᠪᠠ᠃      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢ ᠠᠷᠠᠳ ᠣᠯᠠᠨ ᠤ ᠡᠷᠡᠭᠦᠯ ᠮᠡᠨᠳᠦ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠲᠠᠢ ᠬᠤᠯᠪᠣᠭᠳᠠᠨ᠎ᠠ᠂ ᠶᠠᠨ ᠢ ᠵᠢᠭᠠᠵᠤ ᠭᠠᠷᠭᠠᠭᠰᠠᠨ ᠨᠢ᠂ ᠴᠠᠭᠠᠨ ᠰᠠᠷ᠎ᠠ ᠶᠢᠨ ᠬᠤᠭᠤᠴᠠᠭᠠᠨ ᠳᠤ ᠭᠠᠳᠠᠨ᠎ᠠ ᠣᠷᠣᠨ ᠠᠴᠠ ᠨᠤᠲᠤᠭ ᠲᠠᠭᠠᠨ ᠪᠤᠴᠠᠬᠤ ᠬᠥᠮᠦᠰ ᠠᠯᠬᠤᠮ ᠠᠯᠬᠤᠮ ᠢᠶᠠᠷ ᠣᠯᠠᠰᠢᠷᠠᠵᠤ ᠪᠠᠶᠢᠨ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠣᠰᠣᠭᠠᠷ᠂ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠣᠳᠣᠬᠠᠨ ᠳᠤ ᠴᠠᠭᠠᠨ ᠰᠠᠷ᠎ᠠ ᠤᠳᠠᠯ ᠥᠬᠡᠶ ᠬᠦᠷᠴᠦ ᠢᠷᠡᠬᠦ ᠪᠣᠯᠤᠯ᠎ᠠ᠂ ᠡᠷᠬᠡᠪᠰᠢ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ ᠰᠠᠭᠤᠭᠠᠯᠢ ᠠᠷᠠᠳ ᠤᠨ ᠪᠠᠶᠢᠳᠠᠯ ᠢ ᠤᠶᠢᠯᠠᠭᠠᠨ ᠵᠢᠭᠰᠠᠭᠠᠬᠤ ᠠᠵᠢᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠠᠴᠠ ᠪᠤᠴᠠᠵᠤ ᠢᠷᠡᠭᠰᠡᠨ ᠬᠥᠮᠦᠰ ᠢ ᠳᠡᠭᠡᠳᠦ ᠱᠠᠲᠤᠨ  ᠤ ᠱᠠᠭᠠᠷᠳᠠᠯᠭ᠎ᠠ ᠶᠣᠰᠣᠭᠠᠷ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠵᠦ᠂ ᠣᠯᠠᠨ ᠲᠦᠮᠡᠨ ᠤ ᠠᠮᠤᠷ ᠲᠦᠪᠰᠢᠨ ᠥᠯᠵᠡᠶ ᠪᠡᠯᠭᠡ ᠲᠠᠢ ᠰᠢᠨᠡᠯᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃      ᠴᠠᠭᠠᠨ ᠰᠠᠷ᠎ᠠ ᠶᠢᠨ ᠬᠤᠭᠤᠴᠠᠭᠠᠨ ᠳᠤ ᠬᠤᠸᠠᠷ ᠫᠤᠤᠵᠢᠩ᠂ ᠲᠦᠶᠮᠡᠷ ᠤᠨ ᠨᠥᠯᠥᠭᠡ ᠪᠠᠷ ᠭᠠᠯ ᠤᠨ ᠠᠶᠤᠯ ᠣᠯᠠᠨ ᠡᠭᠦᠰᠳᠡᠭ᠂ ᠯᠢᠣᠢ ᡁᠢ ᠭᠠᠩ ᠱᠠᠭᠠᠷᠳᠠᠭᠰᠠᠨ ᠨᠢ᠂ ᠤᠳᠤᠷᠢᠳᠬᠤ ᠺᠠᠳ᠋ᠷᠴᠤᠳ ᠲᠦᠶᠮᠡᠷ ᠢ ᠰᠡᠷᠭᠡᠶᠢᠯᠡᠬᠦ ᠠᠵᠢᠯ ᠢ ᠤᠷᠢᠳᠴᠢᠯᠠᠨ ᠰᠠᠶᠢᠲᠤᠷ ᠬᠢᠵᠤ᠂ ᠠᠷᠠᠳ ᠣᠯᠠᠨ ᠤ ᠪᠠᠶᠠᠷ ᠬᠥᠷ ᠲᠠᠢ ᠥᠯᠵᠡᠶ ᠪᠡᠯᠭᠡ ᠲᠠᠢ ᠴᠠᠭᠠᠨ ᠰᠠᠷ᠎ᠠ  ᠶᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠶ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号