ᠦᠴᠤᠸᠠᠨ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠳᠤᠭᠤᠶᠢᠯᠠᠩ ᠬᠤᠪᠢᠶᠠᠨ ᠶᠠᠷᠢᠯᠴᠠᠪᠠ
ᠨᠡᠶᠢᠲᠡᠯᠡᠭᠰᠡᠨ ᠴᠠᠭ᠄
2021/2/7
     2 ᠰᠠᠷ᠎ᠠ ᠶᠢᠨ 6   ᠤ ᠡᠳᠦᠷ ᠤᠨ ᠦᠳᠡ ᠶᠢᠨ ᠬᠤᠶᠢᠨ᠎ᠠ᠂ ᠦᠴᠤᠸᠠᠨ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠳᠤ ᠣᠷᠣᠯᠴᠠᠭᠰᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠢᠯᠡᠳᠬᠡᠯ᠂ ᠤᠯᠤᠰ ᠲᠥᠷᠥ ᠶᠢᠨ ᠵᠥᠪᠯᠡᠯᠭᠡᠨ ᠤ ᠰᠠᠨᠠᠯ ᠵᠥᠪᠯᠡᠯᠭᠡ ᠶᠢᠨ ᠠᠵᠢᠯ ᠤᠨ ᠢᠯᠡᠳᠬᠡᠯ ᠢ ᠳᠥᠷᠪᠡᠨ ᠶᠠᠷᠢᠯᠴᠠᠬᠤ ᠳᠤᠭᠤᠶᠢᠯᠠᠩ ᠬᠤᠪᠢᠶᠠᠨ ᠬᠠᠯᠠᠭᠤᠨ ᠢᠶᠠᠷ ᠶᠠᠷᠢᠯᠴᠠᠪᠠ᠃      ᠶᠠᠷᠢᠯᠴᠠᠭᠠᠨ ᠤ ᠳᠤᠮᠳᠠ᠂ ᠭᠡᠰᠢᠭᠦᠳ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ᠂ ᠰᠠᠨᠠᠯ ᠳᠤᠷᠠᠳᠤᠯᠭ᠎ᠠ ᠶᠢᠨ ᠠᠵᠢᠯ ᠤᠨ ᠮᠡᠳᠡᠭᠦᠯᠦᠯᠲᠡ ᠶᠢ ᠳᠡᠭᠡᠳᠦ ᠬᠡᠮᠵᠢᠶ᠎ᠡ ᠪᠠᠷ ᠦᠨᠡᠯᠡᠵᠦ ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠨ᠂ ᠥᠪᠡᠷ ᠥᠪᠡᠷ ᠤᠨ ᠦᠨᠡᠨ ᠮᠡᠳᠡᠯᠭᠡ ᠨᠡᠪᠲᠡᠷᠬᠡᠶ ᠦᠵᠡᠯᠲᠡ ᠪᠠᠨ ᠵᠠᠯᠭᠠᠭ᠎ᠠ ᠪᠠᠷ ᠳᠤᠷᠠᠳᠪᠠ᠂ ᠲᠡᠳᠡ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠨᠢ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠥᠩᠭᠡᠷᠡᠭᠰᠡᠨ ᠨᠢᠭᠡ ᠵᠢᠯ  ᠤᠨ ᠠᠵᠢᠯ ᠢᠶᠠᠨ ᠪᠦᠬᠦ ᠲᠠᠯ᠎ᠠ ᠪᠠᠷ ᠰᠢᠰᠲ᠋ᠧᠮ ᠲᠠᠢ ᠳ᠋ᠦᠩᠨᠡᠪᠡ᠂ ᠪᠦᠬᠦ ᠰᠢᠶᠠᠨ ᠤ ᠠᠵᠢᠯ ᠤᠨ ᠶᠡᠭᠡ ᠲᠠᠯ᠎ᠠ ᠲᠠᠢ ᠨᠢᠭᠲᠠ ᠤᠶᠠᠯᠳᠤᠭᠤᠯᠤᠨ ᠡᠭᠦᠷᠭᠡ ᠴᠢᠳᠠᠪᠤᠷᠢ ᠪᠠᠨ ᠭᠦᠢᠴᠡᠳᠬᠡᠵᠦ᠂ ᠰᠢᠶᠠᠨ ᠤ ᠨᠠᠮ ᠤᠨ ᠬᠤᠷᠢᠶᠠᠨ ᠤ ᠲᠥᠷᠥ  ᠶᠢᠨ ᠪᠣᠳᠣᠯᠭ᠎ᠠ ᠵᠣᠷᠢᠯᠲᠠ ᠶᠢ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠦᠰ ᠤᠨ ᠬᠠᠮᠲᠤ ᠶᠢᠨ ᠲᠠᠨᠢᠯᠲᠠ ᠪᠠ ᠠᠵᠢᠯᠯᠠᠭ᠎ᠠ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ᠰᠢᠶᠠᠨ ᠤ ᠨᠠᠮ ᠤᠨ ᠬᠤᠷᠢᠶᠠᠨ ᠤ ᠭᠤᠤᠯ ᠠᠵᠢᠯ ᠢ ᠬᠠᠮᠢᠭ᠎ᠠ ᠬᠦᠷᠲᠡᠯ᠎ᠡ  ᠠᠬᠢᠭᠤᠯᠪᠠᠯ᠂ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠬᠠᠮᠢᠭ᠎ᠠ ᠬᠦᠷᠲᠡᠯ᠎ᠡ ᠬᠢᠵᠤ᠂ ᠰᠠᠨᠠᠯ ᠵᠥᠪᠯᠡᠯᠭᠡ ᠳᠤᠷᠠᠳᠬᠤ ᠨᠢ ᠳᠠᠷᠤᠶ ᠬᠠᠮᠢᠭ᠎ᠠ ᠢᠯᠡᠷᠡᠵᠦ᠂ ᠨᠠᠮ ᠵᠠᠰᠠᠭ ᠤᠨ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠨᠢᠭᠲᠠ ᠵᠣᠯᠭᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠤ ᠰᠠᠨᠠᠯ ᠨᠢᠭᠡᠲᠠᠢ ᠦᠵᠡᠪᠡ᠃ ᠡᠭᠦᠨ ᠤ ᠵᠡᠷᠭᠡᠴᠡᠭᠡᠪᠡᠷ ᠬᠤᠶᠢᠰᠢᠳᠠ ᠶᠢᠨ ᠤᠯᠤᠰ ᠲᠦᠷᠦ ᠶᠢᠨ ᠵᠥᠪᠯᠡᠯᠭᠡᠨ ᠤ ᠠᠵᠢᠯ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃      ᠭᠡᠰᠢᠭᠦᠳ ᠰᠠᠨᠠᠯ ᠳᠤᠷᠠᠳᠤᠯᠭ᠎ᠠ ᠶᠢᠨ ᠠᠵᠢᠯ ᠤᠨ ᠮᠡᠳᠡᠭᠦᠯᠦᠯᠲᠡ ᠶᠢᠨ ᠰᠠᠨᠠᠯ ᠳᠤᠷᠠᠳᠤᠯᠭ᠎ᠠ ᠶᠢᠨ ᠠᠵᠢᠯ ᠤᠨ ᠰᠠᠭᠤᠷᠢ ᠶᠢ ᠪᠠᠬᠢᠵᠢᠭᠦᠯᠬᠦ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠴᠢᠩᠭᠠᠳᠬᠠᠬᠤ᠂ ᠰᠠᠨᠠᠯ ᠳᠤᠷᠠᠳᠤᠯᠭ᠎ᠠ ᠶᠢᠨ ᠠᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠬᠢᠭᠰᠡᠨ ᠢᠳᠡᠪᠬᠢᠲᠡᠢ ᠰᠦᠪᠡᠭᠴᠢᠯᠡᠯ ᠪᠠ ᠦᠢᠯᠡᠳᠦᠯᠭᠡ ᠶᠢ ᠭᠦᠢᠴᠡᠳ ᠨᠤᠲᠠᠯᠠᠵᠤ᠂ ᠪᠠᠰᠠ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠵᠥᠪᠯᠡᠯᠭᠡ ᠶᠢ ᠤᠯᠠᠮ ᠨᠢᠭᠡ ᠠᠯᠬᠤᠮ ᠲᠤᠪᠤᠶᠢᠯᠭᠠᠬᠤ᠂ ᠰᠠᠨᠠᠯ ᠳᠤᠷᠠᠳᠤᠯᠭ᠎ᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号